ᠬᠠᠷ᠎ᠠ ᠰᠢᠬᠢᠷᠡᠨ ᠪᠤᠤᠪᠤ
ᠨᠡᠶᠢᠲᠡᠯᠡᠭᠰᠡᠨ ᠴᠠᠭ᠄
2024/11/13
      ᠬᠠᠷ᠎ᠠ ᠰᠢᠬᠢᠷᠡᠨ ᠪᠤᠤᠪᠤ ᠨᠢ ᠬᠠᠩᠭᠢᠨ ᠬᠤᠶᠢᠲᠤ ᠬᠤᠰᠢᠭᠤᠨ ᠳᠤ ᠥᠨᠢ ᠤᠳᠠᠭᠠᠨ ᠲᠡᠦᠬᠡ ᠲᠠᠢ ᠭᠦᠨ ᠵᠤᠵᠠᠭᠠᠨ ᠰᠣᠶᠣᠯ ᠤᠨ ᠠᠭᠤᠯᠤᠭᠳᠠᠬᠤᠨ ᠲᠠᠢ ᠢᠳᠡᠭᠡᠨ᠃ ᠠᠬᠠᠮᠠᠳ ᠨᠢᠭᠡ ᠦᠶ᠎ᠡ ᠶᠢᠨ ᠪᠠᠭᠰᠢ ᠨᠠᠷ ᠤᠯᠠᠮᠵᠢᠯᠠᠯᠲᠤ ᠨᠢᠭᠤᠴᠠ ᠵᠣᠷ ᠢ ᠠᠭᠤᠰᠤᠯᠴᠠᠭᠤᠯᠤᠭᠰᠠᠨ ᠰᠠᠭᠤᠷᠢᠨ ᠳᠡᠭᠡᠷ᠎ᠡ ᠲᠠᠰᠤᠷᠠᠯᠲᠠ ᠦᠭᠡᠢ ᠰᠢᠨ᠎ᠡ ᠶᠢ ᠡᠭᠦᠳᠦᠨ ᠰᠠᠶᠢᠵᠢᠷᠠᠭᠤᠯᠵᠤ᠂ ᠬᠠᠷ᠎ᠠ ᠰᠢᠬᠢᠷᠡᠨ ᠪᠤᠤᠪᠤ ᠠᠭᠠᠵᠢᠮ ᠢᠶᠠᠷ ᠬᠥᠭᠵᠢᠭᠡᠳ ᠨᠢᠭᠡᠨ ᠥᠪᠡᠷᠮᠢᠴᠡ ᠣᠷᠣᠨ ᠨᠤᠲᠤᠭ ᠤᠨ ᠠᠮᠲᠠᠲᠤ ᠢᠳᠡᠭᠡᠨ ᠪᠣᠯᠪᠠ᠃ ᠲᠡᠷᠡ ᠨᠢ ᠥᠩᠭᠡ ᠨᠢ ᠬᠦᠷᠡᠩ ᠤᠯᠠᠭᠠᠨ᠂ ᠠᠮᠲᠠ ᠨᠢ ᠰᠢᠬᠢᠷᠯᠢᠭ ᠪᠣᠯᠪᠠᠴᠤ ᠵᠦᠭᠡᠯᠡᠨ᠂ ᠢᠳᠡᠬᠦ ᠪᠣᠯᠭᠠᠨ ᠳᠤ ᠪᠠᠭᠰᠢ ᠨᠠᠷ ᠤᠨ ᠬᠦᠴᠦ ᠬᠥᠯᠥᠰᠥ ᠪᠣᠯᠤᠨ ᠤᠷ᠎ᠠ ᠮᠡᠷᠭᠡᠵᠢᠯ ᠢ ᠠᠮᠲᠠᠯᠠᠵᠤ ᠣᠯᠳᠠᠭ᠃
 
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ