ᠬᠠᠩᠭᠢᠨ ᠬᠤᠶᠢᠲᠤ ᠬᠤᠰᠢᠭᠤᠨ ᠤ ᠬᠢᠨ 2024 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠪᠦᠯ ᠤᠨ ᠤᠯᠠᠷᠢᠯ ᠤᠨ ᠬᠡᠭᠡᠷᠡᠯᠡᠨ ᠬᠦᠶᠦᠬᠦ ᠤᠷᠤᠯᠳᠤᠭᠠᠨ ᠡᠷᠭᠢᠯᠡᠪᠡ
ᠨᠡᠶᠢᠲᠡᠯᠡᠭᠰᠡᠨ ᠴᠠᠭ᠄
2024/11/15
      ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 11 ᠰᠠᠷ᠎ᠠ ᠶᠢᠨ 14 ᠤ ᠡᠳᠦᠷ᠂ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠪᠣᠯᠤᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠠᠮᠲᠤᠷᠠᠨ ᠡᠷᠭᠢᠯᠡᠭᠰᠡᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠪᠦᠯ ᠤᠨ ᠤᠯᠠᠷᠢᠯ ᠤᠨ ᠬᠡᠭᠡᠷᠡᠯᠡᠨ ᠬᠦᠶᠦᠬᠦ ᠤᠷᠤᠯᠳᠤᠭᠠᠨ ᠯᠦᠩ ᠪᠦᠦ ᠵᠡᠭᠦᠨ ᠵᠡᠭᠡᠯᠢ ᠳᠤ ᠶᠠᠪᠤᠭᠳᠠᠵᠤ᠂ ᠪᠥᠬᠦ ᠬᠤᠰᠢᠭᠤᠨ ᠤ 11 ᠰᠤᠷᠭᠠᠭᠤᠯᠢ ᠶᠢᠨ 220 ᠰᠣᠷᠣᠭᠴᠢ ᠤᠷᠤᠯᠳᠤᠭᠠᠨ ᠳᠤ ᠣᠷᠣᠯᠴᠠᠪᠠ᠃
1.jpg
      ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠫᠠᠨ ᠹᠧᠩ ᠠᠵᠢᠯᠯᠠᠭ᠎ᠠ ᠳᠤ ᠣᠷᠣᠯᠴᠠᠭᠰᠠᠨ ᠪᠥᠭᠡᠳ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠰᠦ᠋ ᠳ᠋ᠤᠤ ᠪᠠᠶᠠᠷ ᠤᠨ ᠦᠭᠡ ᠬᠡᠯᠡᠵᠡᠶ᠃ ᠳᠣᠬᠢᠶᠠᠨ ᠫᠤᠤ ᠶᠢᠨ ᠳᠤᠤᠭᠠᠷᠬᠤ ᠶᠢ ᠳᠠᠭᠠᠯᠳᠤᠨ᠂ ᠲᠠᠮᠢᠷᠴᠢᠳ ᠪᠠᠶᠢᠯᠳᠤᠭᠠᠨ ᠤ ᠲᠠᠯᠠᠪᠤᠷ ᠠᠴᠠ ᠦᠰᠦᠷᠦᠨ ᠭᠠᠷᠴᠤ᠂ ᠬᠥᠮᠦᠨ ᠨᠢᠭᠡᠪᠦᠷᠢ ᠴᠥᠮ ᠲᠡᠮᠡᠴᠡᠯ ᠤᠨ ᠵᠣᠷᠢᠭ ᠪᠠᠳᠠᠷᠠᠩᠭᠤᠶ᠂ ᠲᠡᠷᠢᠭᠦᠯᠡᠬᠦ ᠪᠠᠷ ᠴᠢᠷᠮᠠᠶᠢᠵᠤ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠡᠴᠦᠰ ᠤᠨ ᠴᠡᠭ ᠲᠡᠰᠢ ᠬᠦᠴᠦᠯᠡᠨ ᠴᠢᠷᠮᠠᠶᠢᠪᠠ᠃ ᠲᠡᠳᠡ ᠤᠷᠤᠯᠳᠤᠭᠠᠨ ᠤ ᠲᠠᠯᠠᠪᠤᠷ ᠲᠤ ᠥᠪᠡᠷ ᠢ ᠪᠠᠨ ᠥᠷᠢᠰᠥᠯᠳᠦᠵᠦ᠂ ᠮᠠᠨ ᠤ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠪᠠ ᠲᠡᠮᠡᠴᠡᠯ ᠤᠨ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠪᠡ᠃
2.jpg
3.jpg
      ᠲᠣᠰ ᠤᠳᠠᠭᠠᠨ ᠤ ᠬᠡᠭᠡᠷᠡᠯᠡᠨ ᠬᠦᠶᠦᠬᠦ ᠤᠷᠤᠯᠳᠤᠭᠠᠨ ᠢ ᠪᠠᠭ᠎ᠠ ᠰᠤᠷᠭᠠᠭᠤᠯᠢ ︵ᠡᠷᠡᠭᠲᠡᠶ᠂ ᠡᠮᠡᠭᠲᠡᠶ︶ ᠶᠢᠨ ᠳᠤᠭᠤᠶᠢᠯᠠᠩ 5 ᠺᠢᠯᠣᠮᠧᠳ᠋ᠷ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ︵ᠡᠷᠡᠭᠲᠡᠶ᠂ ᠡᠮᠡᠭᠲᠡᠶ︶ ᠶᠢᠨ ᠳᠤᠭᠤᠶᠢᠯᠠᠩ 10 ᠺᠢᠯᠣᠮᠧᠳ᠋ᠷ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ︵ᠡᠷᠡᠭᠲᠡᠶ᠂ ᠡᠮᠡᠭᠲᠡᠶ︶ ᠶᠢᠨ ᠳᠤᠭᠤᠶᠢᠯᠠᠩ 10 ᠺᠢᠯᠣᠮᠧᠳ᠋ᠷ 6 ᠳᠤᠭᠤᠶᠢᠯᠠᠩ ᠬᠤᠪᠢᠶᠠᠪᠠ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠪᠠᠷᠠᠭᠤᠨ ᠬᠤᠳᠠ ᠶᠢᠨ ᠪᠠᠭ᠎ᠠ ᠰᠤᠷᠭᠠᠭᠤᠯᠢ᠂ ᠱᠠᠮᠪᠠ ᠳᠤᠮᠳᠠᠳᠤ ᠰᠤᠷᠭᠠᠭᠤᠯᠢ᠂ ᠹᠧᠨ ᠳ᠋ᠧᠦ ᠳᠤᠮᠳᠠᠳᠤ ᠰᠤᠷᠭᠠᠭᠤᠯᠢ ᠡᠯ᠎ᠡ ᠳᠤᠭᠤᠶᠢᠯᠠᠩ ᠤᠨ ᠨᠢᠭᠡᠳᠦᠭᠡᠷ ᠲᠤ ᠣᠷᠣᠪᠠ᠃ ᠲᠣᠰ ᠤᠳᠠᠭᠠᠨ ᠤ ᠤᠷᠤᠯᠳᠤᠭᠠᠨ ᠢᠶᠠᠷ ᠳᠡᠮᠵᠢᠨ᠂ ᠥᠷᠭᠡᠨ ᠣᠯᠠᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠪᠥᠬᠦ ᠬᠤᠰᠢᠭᠤᠨ ᠤ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠥᠷᠨᠢᠩᠭᠦᠶ ᠬᠥᠭᠵᠢᠯᠲᠡ ᠶᠢ ᠬᠦᠴᠦᠲᠡᠶ ᠠᠬᠢᠭᠤᠯᠵᠤ᠂ ᠵᠠᠯᠠᠭᠤᠴᠤᠳ ᠪᠠᠭᠠᠴᠤᠳ ᠤᠨ ᠪᠥᠬᠦ ᠲᠠᠯ᠎ᠠ ᠪᠠᠷ ᠦᠰᠦᠨ ᠪᠤᠶᠢᠵᠢᠬᠤ ᠳᠤ ᠬᠦᠴᠦᠨ ᠨᠡᠮᠡᠷᠢᠯᠡᠪᠡ᠃   
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ