ᠵᠠᠮ ᠲᠡᠭᠡᠭᠡᠪᠦᠷᠢ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠰᠢᠯᠭᠠᠨ ᠪᠠᠶᠢᠴᠠᠭᠠᠬᠤ ᠳᠤᠭᠤᠶᠢᠯᠠᠩ ᠬᠠᠩᠭᠢᠨ ᠬᠤᠶᠢᠲᠤ ᠬᠤᠰᠢᠭᠤᠨ ᠳᠤ ᠬᠦᠷᠴᠦ ︽ᠵᠠᠰᠠᠮᠠᠯ ᠵᠠᠮ ᠤᠨ ᠠᠮᠤᠷ ᠲᠦᠪᠰᠢᠨ ᠤ ᠰᠣᠳᠣᠨ ᠵᠠᠮ︾ ᠢ ᠰᠢᠯᠭᠠᠨ ᠠᠪᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/11/27
       ᠵᠠᠰᠠᠮᠠᠯ ᠵᠠᠮ ᠤᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠡᠮᠬᠢ ᠵᠢᠷᠤᠮ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ︽ᠵᠠᠰᠠᠮᠠᠯ ᠵᠠᠮ ᠤᠨ ᠠᠮᠤᠷ ᠲᠦᠪᠰᠢᠨ ᠤ ᠰᠣᠳᠣᠨ ᠵᠠᠮ︾ ᠤᠨ ᠪᠥᠲᠥᠭᠡᠨ ᠪᠠᠶᠢᠭᠤᠯᠤᠯᠲᠠ ᠶᠢ ᠲᠣᠭᠲᠠᠭᠰᠠᠨ ᠪᠠᠷᠢᠮᠵᠢᠶ᠎ᠠ ᠳᠤ ᠬᠦᠷᠦᠭᠦᠯᠬᠦ ᠶᠢ ᠦᠨᠡᠨ ᠬᠦ ᠪᠠᠲᠤᠯᠠᠵᠤ᠂ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠬᠤ ᠶᠢᠨ ᠲᠥᠯᠥᠭᠡ᠂ 11 ᠰᠠᠷ᠎ᠠ ᠶᠢᠨ 26 ᠤ ᠡᠳᠦᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠰᠢᠯᠭᠠᠨ ᠪᠠᠶᠢᠴᠠᠭᠠᠬᠤ ᠳᠤᠭᠤᠶᠢᠯᠠᠩ ᠬᠠᠩᠭᠢᠨ ᠬᠤᠶᠢᠲᠤ ᠬᠤᠰᠢᠭᠤᠨ ᠳᠤ ᠬᠦᠷᠴᠦ ︽ᠵᠠᠰᠠᠮᠠᠯ ᠵᠠᠮ ᠤᠨ ᠠᠮᠤᠷ ᠲᠦᠪᠰᠢᠨ ᠤ ᠰᠣᠳᠣᠨ ᠵᠠᠮ︾ ᠢ ᠰᠢᠯᠭᠠᠨ ᠪᠠᠶᠢᠴᠠᠭᠠᠬᠤ ᠠᠵᠢᠯ ᠥᠷᠨᠢᠭᠦᠯᠪᠡ᠃
1.JPG
      ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠰᠦᠨ ᡁᠢ ᠭᠠᠩ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠴᠢᠶᠣᠤ ᠯᠢᠩ ᠵᠢᠶᠦ᠋ᠨ ᠣᠷᠣᠯᠴᠠᠵᠠᠶ᠃      ᠶᠠᠷᠢᠯᠴᠠᠬᠤ ᠬᠤᠷᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠠᠰᠠᠮᠠᠯ ᠵᠠᠮ ᠤᠨ ᠭᠠᠵᠠᠷ ᠤᠨ ᠳᠠᠷᠤᠭ᠎ᠠ ᠴᠧᠩ ᠭᠦᠸᠧ ᠢ ᠪᠥᠬᠦ ᠣᠷᠣᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠠᠮᠤᠷ ᠲᠦᠪᠰᠢᠨ ᠢ ᠳᠡᠭᠡᠭᠰᠢᠯᠡᠭᠦᠯᠬᠦ ᠠᠵᠢᠯ ᠢ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠵᠤ᠂ ᠴᠢᠶᠣᠤ ᠯᠢᠩ ᠵᠢᠶᠦ᠋ᠨ ᠬᠠᠩᠭᠢᠨ ᠬᠤᠶᠢᠲᠤ ᠬᠤᠰᠢᠭᠤᠨ ᠤ ︽ᠵᠠᠰᠠᠮᠠᠯ ᠵᠠᠮ ᠤᠨ ᠠᠮᠤᠷ ᠲᠦᠪᠰᠢᠨ ᠤ ᠰᠣᠳᠣᠨ ᠵᠠᠮ︾ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠬᠠᠷᠢᠭᠤ ᠮᠡᠳᠡᠭᠦᠯᠪᠡ᠃ ᠰᠢᠯᠭᠠᠨ ᠠᠪᠬᠤ ᠳᠤᠭᠤᠶᠢᠯᠠᠩ ᠬᠠᠮᠢᠶ᠎ᠠ ᠪᠦᠬᠦᠢ ᠳᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ ᠶᠢᠨ ᠬᠠᠮᠲᠤ ᠬᠤᠷᠠᠯ ᠳᠤ ᠣᠷᠣᠯᠴᠠᠭᠰᠠᠳ ᠲᠠᠢ ᠰᠣᠯᠢᠯᠴᠠᠨ ᠶᠠᠷᠢᠯᠴᠠᠪᠠ᠃      ᠰᠢᠯᠭᠠᠨ ᠪᠠᠶᠢᠴᠠᠭᠠᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠬᠠᠩᠭᠢᠨ ᠬᠤᠶᠢᠲᠤ ᠬᠤᠰᠢᠭᠤᠨ ᠤ ᠬᠢᠨ ᠡᠭᠦᠳᠦᠨ ᠪᠠᠶᠢᠭᠤᠯᠬᠤ ᠶᠠᠪᠤᠴᠠ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠥᠲᠥᠭᠡᠨ ᠪᠠᠶᠢᠭᠤᠯᠤᠯᠲᠠ ᠶᠢᠨ ᠠᠵᠢᠯ ᠳᠤ ᠭᠤᠤᠯᠳᠠᠯᠭ᠎ᠠ ᠲᠠᠢ᠂ ᠬᠢᠯᠠᠰ ᠴᠡᠭ ᠲᠠᠢ᠂ ᠦᠷ᠎ᠡ ᠪᠦᠲᠦᠮᠵᠢ ᠲᠠᠢ ᠪᠠᠶᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠪᠠᠬᠢ ᠰᠠᠭᠤᠷᠢ ᠲᠠᠯᠪᠢᠵᠤ᠂ ᠣᠯᠠᠨ ᠲᠦᠮᠡᠨ ᠳᠤ ᠰᠠᠭᠠᠳ ᠥᠬᠡᠶ᠂ ᠠᠮᠤᠷ ᠲᠦᠪᠰᠢᠨ᠂ ᠲᠠᠭᠠᠯᠠᠮᠵᠢᠲᠠᠶ ᠵᠠᠮ ᠬᠠᠷᠢᠯᠴᠠᠭᠠᠨ ᠤ ᠶᠠᠪᠤᠵᠤ ᠰᠠᠭᠤᠬᠤ ᠣᠷᠴᠢᠨ ᠨᠥᠬᠦᠴᠡᠯ ᠢ ᠬᠠᠩᠭᠠᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠬᠠᠩᠭᠢᠨ ᠬᠤᠶᠢᠲᠤ ᠬᠤᠰᠢᠭᠤᠨ ᠤ ᠬᠢᠨ ︽ᠮᠢᠩᠭᠠᠨ ᠳ᠋ᠧᠩ ᠲᠦᠮᠡᠨ ᠪᠦᠰᠡ︾ ᠶᠢᠨ ᠵᠢᠱᠢᠶ᠎ᠡ ᠦᠵᠡᠭᠦᠯᠬᠦ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠮᠡᠷᠭᠡᠵᠢᠯ ᠤᠨ ᠰᠣᠯᠢᠯᠴᠠᠭ᠎ᠠ ᠪᠠᠨ ᠲᠠᠰᠤᠷᠠᠯᠲᠠ ᠥᠬᠡᠶ ᠴᠢᠩᠭᠠᠳᠬᠠᠨ᠂ ᠰᠠᠶᠢᠨ ᠲᠤᠷᠰᠢᠯᠭ᠎ᠠ ᠪᠠ ᠰᠠᠶᠢᠨ ᠠᠷᠭ᠎ᠠ ᠪᠠᠷ ᠲᠣᠯᠢ ᠪᠣᠯᠭᠠᠵᠤ ᠂ ᠵᠠᠰᠠᠮᠠᠯ ᠵᠠᠮ ᠤᠨ ᠠᠮᠤᠷ ᠲᠦᠪᠰᠢᠨ ᠤ ᠠᠵᠢᠯ ᠢ ᠦᠨᠡᠨ ᠬᠦ ᠣᠯᠠᠨ ᠲᠦᠮᠡᠨ ᠤ ᠰᠡᠳᠬᠢᠯ ᠳᠤ ᠬᠦᠷᠭᠡᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃
2.JPG
      ᠬᠤᠷᠠᠯ ᠤᠨ ᠳᠠᠷᠠᠭ᠎ᠠ᠂ ᠰᠢᠯᠭᠠᠨ ᠠᠪᠬᠤ ᠳᠤᠭᠤᠶᠢᠯᠠᠩ ᠪᠠᠰᠠ X714 ᠳ᠋ᠧᠩᠺᠸᠦ ᠱᠤᠭᠤᠮ ᠤᠨ ᠲᠤᠬᠠᠶ ᠶᠢᠨ ᠲᠠᠯᠠᠪᠠᠶ ᠳᠤ ᠬᠦᠷᠴᠦ᠂ ᠬᠡᠷᠬᠢᠨ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ︽ᠵᠠᠰᠠᠮᠠᠯ ᠵᠠᠮ ᠤᠨ ᠠᠮᠤᠷ ᠲᠦᠪᠰᠢᠨ ᠤ ᠰᠣᠳᠣᠨ ᠵᠠᠮ︾ ᠢ ᠪᠣᠶ ᠪᠣᠯᠭᠠᠵᠤ᠂ ᠨᠠᠷᠢᠯᠢᠭ ᠣᠨᠣᠴᠠᠲᠠᠶ ᠪᠠᠷ ᠵᠢᠭᠰᠠᠭᠠᠨ ᠪᠠᠶᠢᠴᠠᠭᠠᠬᠤ᠂ ᠨᠠᠷᠢᠯᠢᠭ ᠵᠢᠷᠤᠵᠤ ᠲᠥᠯᠥᠪᠯᠡᠬᠦ᠂ ᠨᠠᠷᠢᠨ ᠨᠢᠮᠪᠠᠶ ᠪᠠᠷᠢᠯᠭ᠎ᠠ ᠪᠠᠷᠢᠬᠤ᠂ ᠨᠠᠷᠢᠯᠢᠭ ᠬᠠᠮᠢᠶᠠᠷᠬᠤ ᠵᠡᠷᠭᠡ ᠠᠵᠢᠯ ᠢ ᠰᠢᠨᠵᠢᠯᠡᠬᠦ ᠤᠬᠠᠭᠠᠨᠴᠢ ᠰᠢᠰᠲ᠋ᠧᠮ ᠢᠶᠠᠷ ᠥᠷᠨᠢᠭᠦᠯᠬᠦ ᠲᠤᠬᠠᠶ ᠲᠤᠬᠠᠶ ᠶᠢᠨ ᠲᠠᠯᠠᠪᠤᠷ ᠤᠨ ᠵᠢᠯᠣᠭᠤᠳᠣᠯᠭ᠎ᠠ ᠬᠢᠪᠠ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ