ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠰᠢᠭᠤᠨ ᠤ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠡᠰᠡᠭ ᠰᠤᠷᠭᠠᠭᠤᠯᠢ᠂ ᠬᠡᠤᠬᠡᠳ ᠤᠨ ᠴᠡᠴᠡᠷᠯᠢᠭ ᠵᠢᠴᠢ ᠰᠣᠷᠣᠭᠴᠢ ᠶᠢᠨ ᠬᠡᠷ ᠤᠨ ᠠᠬᠠᠮᠠᠳ ᠤᠨ ᠲᠤᠰᠬᠠᠯ ᠨᠢ | ᠪᠠᠭᠰᠢ ᠰᠤᠷᠤᠭᠴᠢᠳ ᠤᠨ ᠰᠤᠷᠭᠠᠭᠤᠯᠢ ᠳᠤ ᠣᠴᠢᠬᠤ ᠵᠠᠮ ᠬᠠᠷᠢᠯᠴᠠᠭᠠᠨ ᠤ ᠠᠮᠤᠷ ᠲᠦᠪᠰᠢᠨ᠂ ᠰᠤᠷᠭᠠᠭᠤᠯᠢ ᠶᠢᠨ ᠡᠷᠬᠢᠨ ᠲᠣᠭᠤᠷᠢᠨ ᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠵᠡᠷᠭᠡ ᠭᠤᠤᠯᠳᠠᠯᠭ᠎ᠠ ᠲᠠᠢ ᠰᠠᠨᠠᠯ ᠳᠤᠷᠠᠳᠤᠯᠭ᠎ᠠ ᠪᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ | ᠴᠢᠭᠯᠡᠭᠦᠯᠦᠨ᠂ 11 ᠰᠠᠷ᠎ᠠ ᠶᠢᠨ 25 ᠤ ᠡᠳᠦᠷ᠂ ᠬᠤᠰᠢᠭᠤᠨ ᠤ ᠤᠯᠤᠰ ᠲᠥᠷᠥ ᠶᠢᠨ ᠨᠡᠶᠢᠭᠡᠮᠯᠢᠭ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ᠂ ᠴᠠᠬᠢᠯᠭᠠᠨ | ᠬᠦᠴᠦ᠂ ᠵᠠᠮ ᠬᠠᠷᠢᠯᠴᠠᠭᠠᠨ ᠤ ᠬᠠᠮᠢᠶᠠᠷᠤᠯᠲᠠ᠂ ᠴᠡᠴᠡᠷᠯᠢᠭ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠲᠤᠬᠠᠶ ᠶᠢᠨ ᠭᠠᠵᠠᠷ ᠲᠤ ᠭᠦᠨᠵᠡᠭᠡᠶᠢᠷᠡᠨ᠂ ᠰᠢᠢᠳᠪᠦᠷᠢᠯᠡᠬᠦ | ᠠᠷᠭ᠎ᠠ ᠪᠣᠳᠣᠯᠭ᠎ᠠ ᠪᠠ ᠠᠷᠭ᠎ᠠ ᠶᠢ ᠰᠦᠪᠡᠭᠴᠢᠯᠡᠵᠦ᠂ ᠪᠥᠬᠦ ᠬᠤᠰᠢᠭᠤᠨ ᠤ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠠᠵᠢᠯ ᠳᠤ ᠬᠦᠴᠦᠨ ᠨᠡᠮᠡᠷᠢᠯᠡᠪᠡ᠃ | | | | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠸᠧᠨ ᠮᠢᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠶᠧ | ᠽᠦᠩ ᠶᠤᠸᠠᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠮᠢᠩ ᠱᠦᠨ᠂ ᠵᠣᠣ ᠶᠦᠩ ᠴᠧᠩ ᠵᠢᠴᠢ ᠬᠡᠰᠡᠭ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠳ ᠣᠷᠣᠯᠴᠠᠵᠠᠶ᠃ | ᠱᠠᠯᠠᠪᠳᠠᠭᠤᠯᠤᠨ ᠰᠢᠢᠳᠪᠦᠷᠢᠯᠡᠬᠦ ᠳᠤᠭᠤᠶᠢᠯᠠᠩ ᠤᠷᠢᠳ ᠬᠤᠵᠢᠳ ᠴᠧᠨ ᠹᠧᠩ ᠳᠤᠮᠳᠠᠳᠤ ᠰᠤᠷᠭᠠᠭᠤᠯᠢ᠂ ᠱᠠᠮᠪᠠ ᠳᠤᠮᠳᠠᠳᠤ ᠰᠤᠷᠭᠠᠭᠤᠯᠢ᠂ ᠵᠢᠷᠭᠤᠳᠤᠭᠠᠷ | ᠳᠤᠮᠳᠠᠳᠤ ᠰᠤᠷᠭᠠᠭᠤᠯᠢ᠂ ᠬᠤᠶᠠᠳᠤᠭᠠᠷ ᠬᠡᠦᠬᠡᠳ ᠤᠨ ᠴᠡᠴᠡᠷᠯᠢᠭ ᠲᠤ ᠭᠦᠨᠵᠡᠭᠡᠶᠢᠷᠡᠵᠦ᠂ ᠰᠤᠷᠭᠠᠭᠤᠯᠢ ᠶᠢᠨ ᠬᠦᠷᠢᠶᠡᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠴᠧᠨ ᠹᠧᠩ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠪᠠᠭᠤᠭᠴᠢ ᠶᠢᠨ | ᠲᠡᠷᠭᠡ ᠶᠢ ᠰᠠᠯᠭᠠᠬᠤ᠂ ᠵᠠᠮ ᠤᠨ ᠠᠭᠤᠯᠵᠠᠷ ᠤᠨ ᠲᠤᠬᠠᠶ ᠶᠢᠨ ᠲᠠᠯᠠᠪᠠᠶ ᠶᠢᠨ ᠴᠠᠭᠳᠠᠭᠠᠨ ᠤ ᠬᠦᠴᠦᠨ ᠢ ᠵᠢᠯᠣᠭᠤᠳᠤᠨ ᠵᠢᠯᠣᠭᠤᠳᠬᠤ᠂ ᠵᠢᠷᠭᠤᠳᠤᠭᠠᠷ ᠳᠤᠮᠳᠠᠳᠤ | ᠰᠤᠷᠭᠠᠭᠤᠯᠢ ᠶᠢᠨ ᠡᠭᠦᠳᠡᠨ ᠡᠮᠦᠨᠡᠬᠢ ᠲᠡᠷᠭᠡᠨ ᠵᠣᠭᠰᠣᠭᠠᠯ ᠤᠨ ᠨᠣᠭᠤᠭᠠᠷᠠᠭᠤᠯᠵᠤ ᠬᠠᠲᠠᠭᠤᠷᠠᠭᠤᠯᠬᠤ ᠵᠢᠴᠢ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ | ᠱᠤᠭᠤᠮ ᠢ ᠰᠢᠯᠵᠢᠭᠦᠯᠬᠦ ᠵᠡᠷᠭᠡ ᠠᠰᠠᠭᠤᠳᠠᠯ ᠤᠨ ᠲᠤᠬᠠᠶ ᠡᠯ᠎ᠡ ᠳᠠᠭᠠᠭᠠᠨ ᠭᠦᠶ᠋ᠴᠡᠳᠬᠡᠬᠦ ᠰᠠᠯᠠᠭ᠎ᠠ ᠮᠥᠴᠢᠷ ᠤᠨ ᠰᠠᠨᠠᠯ ᠢ ᠵᠦᠶ᠋ᠯ ᠳᠠᠷᠠᠭᠠᠯᠠᠨ ᠬᠤᠷᠢᠶᠠᠬᠤ ᠶᠢᠨ | ᠬᠠᠮᠲᠤ ᠴᠠᠭ ᠤᠨ ᠬᠦᠰᠦᠨᠦᠭᠲᠦ ᠭᠠᠷᠭᠠᠵᠤ᠂ ᠵᠠᠮ ᠱᠤᠭᠤᠮ ᠤᠨ ᠵᠢᠷᠤᠭ ᠭᠠᠷᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠡᠳᠦᠷ ᠤᠨ | ᠳᠠᠷᠠᠭᠠᠯᠠᠯ ᠢ ᠳᠡᠭᠡᠭᠰᠢᠯᠡᠭᠦᠯᠵᠦ᠂ ᠣᠯᠠᠨ ᠲᠦᠮᠡᠨ ᠪᠠ ᠭᠡᠰᠢᠭᠦᠳ ᠲᠤ ᠬᠠᠨᠤᠮᠵᠢᠲᠠᠶ ᠬᠠᠷᠢᠭᠤᠯᠲᠠ ᠥᠭᠬᠦ ᠪᠠᠷ ᠴᠢᠷᠮᠠᠶᠢᠪᠠ᠃ ᠱᠠᠯᠠᠪᠳᠠᠭᠤᠯᠤᠨ ᠰᠢᠢᠳᠪᠦᠷᠢᠯᠡᠬᠦ | ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠰᠤᠷᠭᠠᠨ ᠬᠥᠮᠦᠵᠢᠯ ᠪᠣᠯ ᠦᠨᠳᠦᠰᠦᠲᠡᠨ ᠤ ᠬᠥᠭᠵᠢᠯ ᠮᠠᠨᠳᠤᠯ᠂ ᠨᠡᠶᠢᠭᠡᠮ ᠤᠨ ᠳᠠᠪᠰᠢᠯᠲᠠ ᠶᠢᠨ ᠰᠠᠭᠤᠷᠢ ᠮᠥᠨ᠂ | ᠡᠯ᠎ᠡ ᠰᠠᠯᠠᠭ᠎ᠠ ᠮᠥᠴᠢᠷ ᠤᠳ ᠰᠤᠷᠭᠠᠨ ᠬᠥᠮᠦᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠤᠷᠭᠠᠨ ᠬᠥᠮᠦᠵᠢᠯ ᠢ ᠦᠨᠡᠨ ᠬᠦ ᠲᠡᠷᠢᠭᠦᠨ ᠴᠢᠬᠤᠯᠠ | ᠶᠠᠪᠤᠳᠠᠯ ᠪᠣᠯᠭᠠᠨ ᠠᠳᠬᠤᠬᠤ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ | ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠪᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠰᠢᠢᠳᠪᠦᠷᠢᠯᠡᠬᠦ ᠠᠵᠢᠯ ᠤᠨ ᠲᠠᠨᠢᠯᠲᠠ ᠪᠠᠨ ᠭᠦᠨᠵᠡᠭᠡᠶᠢᠷᠡᠭᠦᠯᠵᠦ᠂ | ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ | ᠠᠵᠢᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠪᠦᠬᠦ ᠨᠡᠶᠢᠭᠡᠮ ᠢᠶᠠᠷ ᠢᠶᠠᠨ ᠰᠤᠷᠭᠠᠨ ᠬᠥᠮᠦᠵᠢᠯ ᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠠᠭᠤᠷ | ᠠᠮᠢᠰᠬᠤᠯ ᠢ ᠢᠳᠡᠪᠬᠢᠲᠡᠢ ᠪᠤᠢ ᠪᠣᠯᠭᠠᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃ |