︽ᠬᠠᠩᠭᠢᠨ ᠬᠤᠶᠢᠲᠤ ᠬᠤᠰᠢᠭᠤᠨ ᠤ ᠭᠠᠵᠠᠷ ᠳᠣᠤᠷᠠᠬᠢ ᠤᠰᠤᠨ ᠤ ᠲᠠᠷᠢᠶᠠᠯᠠᠩ ᠤᠨ ᠤᠰᠤᠯᠠᠯᠲᠠ ᠶᠢᠨ ᠤᠰᠤᠨ ᠤ ᠰᠦᠢᠳᠬᠡᠯ ᠢ ᠬᠤᠷᠢᠶᠠᠬᠤ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/11/28
       ᠨᠢᠭᠡ᠂ ᠨᠡᠶᠢᠲᠡᠯᠡᠭᠰᠡᠨ ᠠᠬᠤᠶ ᠪᠠᠶᠢᠳᠠᠯ      ᠮᠠᠨ ᠤ ᠬᠤᠰᠢᠭᠤᠨ ᠤ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠵᠥᠷᠢᠴᠡᠯ ᠢ ᠰᠢᠢᠳᠪᠦᠷᠢᠯᠡᠵᠦ᠂ ᠭᠠᠵᠠᠷ ᠳᠣᠤᠷᠠᠬᠢ ᠤᠰᠤᠨ ᠤ ᠠᠮᠢ ᠠᠬᠤᠶ᠂ ᠤᠰᠤᠨ ᠤ ᠣᠷᠴᠢᠨ ᠲᠣᠭᠤᠷᠢᠨ ᠢ ᠵᠠᠰᠠᠬᠤ ᠵᠢᠴᠢ ᠲᠠᠷᠢᠶᠠᠯᠠᠩ ᠤᠨ ᠤᠰᠤᠯᠠᠯᠲᠠ ᠶᠢᠨ ᠭᠠᠵᠠᠷ ᠳᠣᠤᠷᠠᠬᠢ ᠤᠰᠤ ᠶᠢ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠂ ᠭᠠᠵᠠᠷ ᠳᠣᠤᠷᠠᠬᠢ ᠤᠰᠤ ᠶᠢ ᠦᠷᠭᠦᠯᠵᠢᠯᠡᠨ ᠠᠰᠢᠭᠯᠠᠬᠤ ᠶᠢ ᠠᠬᠢᠭᠤᠯᠬᠤ ᠶᠢᠨ ᠲᠥᠯᠥᠭᠡ᠂ ︽ᠪᠠᠶᠠᠨᠨᠠᠭᠤᠷ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ︿ᠪᠠᠶᠠᠨᠨᠠᠭᠤᠷ ᠬᠤᠲᠠ ᠶᠢᠨ 2023 ᠣᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠪᠠᠶᠠᠨᠨᠠᠭᠤᠷ ᠬᠤᠲᠠ ᠶᠢᠨ 2023 ᠣᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠬᠦ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠰᠢᠪᠲᠤᠯᠤᠯᠲᠠ ᠶᠢᠨ ᠳᠠᠶᠢᠯᠠᠯᠳᠤᠭᠠᠨ ᠤ ᠬᠡᠷᠡᠭᠵᠢᠭᠦᠯᠬᠦ ᠲᠥᠰᠦᠯ ︵2021 - 2025 ᠣᠨ︶ ᠵᠡᠷᠭᠡ ᠬᠠᠤᠯᠢ ᠲᠣᠭᠲᠠᠭᠠᠯ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠥᠷᠭᠡᠨ ᠢᠶᠠᠷ ᠰᠠᠨᠠᠯ ᠬᠤᠷᠢᠶᠠᠵᠤ᠂ ᠲᠡᠷᠢᠭᠦᠨ ᠤ ᠲᠤᠷᠰᠢᠯᠭ᠎ᠠ ᠪᠠᠷ ᠲᠣᠯᠢ ᠪᠣᠯᠭᠠᠵᠤ᠂ ᠲᠣᠰ ᠠᠷᠭ᠎ᠠ ᠶᠢ ᠣᠨᠴᠠᠭᠠᠶᠢᠯᠠᠨ ᠲᠣᠭᠲᠠᠭᠠᠪᠠ᠃        ᠬᠤᠶᠠᠷ᠂ ᠲᠣᠭᠲᠠᠭᠠᠭᠰᠠᠨ ᠶᠠᠪᠤᠴᠠ      2024 ᠣᠨ ᠳᠤ ᠪᠥᠬᠦ ᠬᠤᠲᠠ ᠶᠢᠨ ᠲᠠᠷᠢᠶᠠᠯᠠᠩ ᠤᠨ ᠤᠰᠤ ᠠᠷᠪᠢᠯᠠᠵᠤ ᠤᠰᠤ ᠶᠢ ᠬᠢᠵᠠᠭᠠᠷᠯᠠᠨ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠭᠦᠷᠭᠡ ᠶᠢᠨ ᠱᠠᠭᠠᠷᠳᠠᠯᠭ᠎ᠠ ᠶᠣᠰᠣᠭᠠᠷ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠭᠠᠵᠠᠷ ᠳᠣᠤᠷᠠᠬᠢ ᠤᠰᠤ ᠬᠡᠷᠡᠭᠯᠡᠬᠦ ᠶᠢᠨ ᠰᠦᠢᠳᠬᠡᠯ ᠬᠤᠷᠢᠶᠠᠬᠤ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠭᠠᠵᠠᠷ ᠳᠣᠤᠷᠠᠬᠢ ᠤᠰᠤᠨ ᠤ ᠰᠦᠢᠳᠬᠡᠯ ᠬᠤᠷᠢᠶᠠᠬᠤ ᠰᠢᠰᠲ᠋ᠧᠮ ᠢ ᠪᠠᠶᠢᠭᠤᠯᠤᠨ ᠪᠦᠷᠢᠨᠰᠢᠭᠦᠯᠦᠨ᠎ᠡ᠃ ᠮᠠᠨ ᠤ ᠬᠤᠰᠢᠭᠤᠨ ᠤ ᠬᠤᠳᠳᠤᠭ ᠤᠨ ᠤᠰᠤᠯᠠᠯᠲᠠ ᠶᠢᠨ ᠣᠷᠣᠨ ᠤ ᠤᠰᠤᠨ ᠤ ᠦᠨ᠎ᠡ ᠶᠢ ᠵᠥᠪᠳᠡᠯᠴᠡᠨ ᠦᠨ᠎ᠡ ᠲᠣᠭᠲᠠᠭᠠᠬᠤ ᠠᠵᠢᠯ ᠤᠨ ᠥᠷᠨᠢᠯᠲᠡ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠡᠯ᠎ᠡ ᠪᠠᠯᠭᠠᠰᠤ᠂ ᠲᠠᠷᠢᠶᠠᠯᠠᠩ ᠤᠨ ᠲᠠᠯᠠᠪᠠᠶ ᠤᠰᠤ ᠬᠡᠷᠡᠭᠯᠡᠬᠦ ᠡᠷᠦᠬᠡ ᠶᠢ ᠵᠣᠬᠢᠶᠠᠨ ᠪᠠᠶᠢᠭᠤᠯᠤᠨ ᠲᠠᠷᠢᠶᠠᠯᠠᠩ ᠤᠨ ᠭᠠᠵᠠᠷ ᠳᠣᠤᠷᠠᠬᠢ ᠤᠰᠤᠨ ᠤ ᠤᠰᠤᠯᠠᠯᠲᠠ ᠶᠢᠨ ᠤᠰᠤᠨ ᠤ ᠦᠨ᠎ᠡ ᠶᠢ ᠵᠥᠪᠳᠡᠯᠴᠡᠨ ᠦᠨ᠎ᠡ ᠲᠣᠭᠲᠠᠭᠠᠬᠤ ᠬᠤᠷᠠᠯ ᠥᠷᠨᠢᠭᠦᠯᠵᠦ᠂ ᠲᠠᠷᠢᠶᠠᠴᠢᠨ ᠡᠷᠦᠬᠡ ᠶᠢᠨ ᠤᠰᠤ ᠬᠡᠷᠡᠭᠯᠡᠬᠦ ᠲᠥᠯᠥᠭᠡᠯᠡᠭᠴᠢ ᠪᠠ ᠰᠠᠨᠠᠯ ᠢ ᠭᠦᠢᠴᠡᠳ ᠬᠤᠷᠢᠶᠠᠵᠤ᠂ ᠲᠠᠷᠢᠶᠠᠯᠠᠩ ᠤᠨ ᠭᠠᠵᠠᠷ ᠳᠣᠤᠷᠠᠬᠢ ᠤᠰᠤᠯᠠᠯᠲᠠ ᠶᠢᠨ ᠤᠰᠤᠨ ᠤ ᠦᠨ᠎ᠡ ᠶᠢ ᠵᠥᠪᠳᠡᠯᠴᠡᠨ ᠦᠨ᠎ᠡ ᠲᠣᠭᠲᠠᠭᠠᠬᠤ ᠠᠵᠢᠯ ᠢ ᠪᠡᠶᠡᠯᠡᠭᠦᠯᠵᠦ᠂ ︽ᠬᠠᠩᠭᠢᠨ ᠬᠤᠶᠢᠲᠤ ᠬᠤᠰᠢᠭᠤᠨ ᠤ ᠭᠠᠵᠠᠷ ᠳᠣᠤᠷᠠᠬᠢ ᠤᠰᠤᠨ ᠤ ᠲᠠᠷᠢᠶᠠᠯᠠᠩ ᠤᠨ ᠤᠰᠤᠯᠠᠯᠲᠠ ᠶᠢᠨ ᠤᠰᠤᠨ ᠤ ᠰᠦᠢᠳᠬᠡᠯ ᠢ ᠬᠤᠷᠢᠶᠠᠬᠤ ᠠᠷᠭ᠎ᠠ︾ ᠶᠢ ᠲᠣᠭᠲᠠᠭᠠᠪᠠ᠃       ᠭᠤᠷᠪᠠ᠂ ᠬᠡᠷᠡᠭᠯᠡᠬᠦ ᠬᠡᠪᠴᠢᠶ᠎ᠡ       ᠲᠣᠰ ᠠᠷᠭ᠎ᠠ ᠨᠢ ᠬᠠᠩᠭᠢᠨ ᠬᠤᠶᠢᠲᠤ ᠬᠤᠰᠢᠭᠤᠨ ᠤ ᠬᠢᠯᠢ ᠳᠣᠲᠣᠷᠠᠬᠢ ᠬᠤᠳᠳᠤᠭ ᠤᠨ ᠤᠰᠤᠯᠠᠯᠲᠠ ᠶᠢᠨ ᠣᠷᠣᠨ ᠤ ᠲᠠᠷᠢᠶᠠᠨ ᠭᠠᠵᠠᠷ ᠤᠨ ᠬᠡᠪᠴᠢᠶᠡᠨ ᠳᠠᠬᠢ ᠪᠣᠶ ᠪᠥᠬᠦᠶ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠲᠤ ᠳᠣᠭᠢᠷᠠᠨ᠎ᠠ᠃       ᠳᠥᠷᠪᠡ᠂ ᠭᠤᠤᠯ ᠠᠭᠤᠯᠭ᠎ᠠ       ︽ᠬᠠᠩᠭᠢᠨ ᠬᠤᠶᠢᠲᠤ ᠬᠤᠰᠢᠭᠤᠨ ᠤ ᠭᠠᠵᠠᠷ ᠳᠣᠤᠷᠠᠬᠢ ᠤᠰᠤᠨ ᠤ ᠲᠠᠷᠢᠶᠠᠯᠠᠩ ᠤᠨ ᠤᠰᠤᠯᠠᠯᠲᠠ ᠶᠢᠨ ᠤᠰᠤᠨ ᠤ ᠰᠦᠢᠳᠬᠡᠯ ᠢ ᠬᠤᠷᠢᠶᠠᠬᠤ ᠠᠷᠭ᠎ᠠ︾ ᠳᠤ ᠭᠤᠤᠯᠳᠠᠭᠤ 3 ᠭᠤᠤᠯ ᠠᠭᠤᠯᠭ᠎ᠠ ᠪᠣᠶ᠃      1. ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢ ᠲᠣᠭᠲᠠᠭᠠᠬᠤ᠃      2. ᠤᠰᠤᠨ ᠤ ᠰᠦᠢᠳᠬᠡᠯ ᠲᠠᠲᠠᠪᠤᠷᠢᠯᠠᠬᠤ ᠪᠠᠷᠢᠮᠵᠢᠶ᠎ᠠ᠃      3. ᠤᠰᠤᠨ ᠤ ᠰᠦᠢᠳᠬᠡᠯ ᠢ ᠬᠠᠮᠢᠶᠠᠷᠤᠨ᠎ᠠ᠃      ᠲᠠᠪᠤ᠂ ︽ᠠᠷᠭ᠎ᠠ︾ ᠶᠢ ᠨᠡᠶᠢᠲᠡᠯᠡᠭᠰᠡᠨ ᠠᠴᠢ ᠬᠤᠯᠪᠣᠭᠳᠠᠯ      ︽ᠠᠷᠭ᠎ᠠ︾ ᠶᠢ ᠨᠡᠶᠢᠲᠡᠯᠡᠨ ᠬᠡᠷᠡᠭᠵᠢᠭᠦᠯᠬᠦ ᠪᠠ ᠬᠡᠷᠡᠭᠵᠢᠭᠦᠯᠵᠦ᠂ ᠭᠠᠵᠠᠷ ᠳᠣᠤᠷᠠᠬᠢ ᠤᠰᠤ ᠶᠢ ᠨᠡᠭᠡᠭᠡᠨ ᠮᠠᠯᠲᠠᠬᠤ ᠬᠡᠮᠵᠢᠶ᠎ᠡ ᠶᠢ ᠠᠯᠬᠤᠮ ᠠᠯᠬᠤᠮ ᠢᠶᠠᠷ ᠪᠠᠭᠠᠰᠬᠠᠵᠤ᠂ ᠭᠠᠵᠠᠷ ᠳᠣᠤᠷᠠᠬᠢ ᠤᠰᠤᠨ ᠤ ᠲᠦᠪᠰᠢᠨ ᠢ ᠲᠥᠯᠥᠪᠯᠡᠭᠡ ᠲᠠᠢ ᠰᠡᠷᠭᠦᠭᠡᠨ᠎ᠡ᠃ ᠭᠠᠵᠠᠷ ᠳᠣᠤᠷᠠᠬᠢ ᠤᠰᠤᠨ ᠤ ᠰᠦᠢᠳᠬᠡᠯ ᠢ ᠬᠤᠷᠢᠶᠠᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠭᠠᠵᠠᠷ ᠳᠣᠤᠷᠠᠬᠢ ᠤᠰᠤᠨ ᠤ ᠰᠦᠢᠳᠬᠡᠯ ᠢ ᠬᠤᠷᠢᠶᠠᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠬᠠᠩᠭᠢᠨ ᠬᠤᠶᠢᠲᠤ ᠬᠤᠰᠢᠭᠤᠨ ᠤ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠ ᠬᠠᠮᠢᠶᠠᠷᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠬᠠᠷᠠᠯᠲᠠ ᠶᠢ ᠪᠡᠶᠡᠯᠡᠭᠦᠯᠦᠨ᠎ᠡ᠃       
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ