ᠬᠠᠩᠭᠢᠨ ᠬᠤᠶᠢᠲᠤ ᠬᠤᠰᠢᠭᠤᠨ ᠤ 2024 ᠣᠨ ᠤ 1 ᠰᠠᠷ᠎ᠠ ᠠᠴᠠ 10 ᠰᠠᠷ᠎ᠠ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/11/28
      1 - 10 ᠰᠠᠷ᠎ᠠ ᠳᠤ᠂ ᠬᠠᠩᠭᠢᠨ ᠬᠤᠶᠢᠲᠤ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 39.0% ᠢᠶᠠᠷ ᠨᠡᠮᠡᠭᠳᠡᠵᠦ᠂ ᠡᠭᠦᠨ ᠳᠤ᠂ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠠᠳᠠᠯᠢ ᠬᠤᠭᠤᠴᠠᠭᠠᠨ ᠤ ᠬᠢ ᠠᠴᠠ 36.97% ᠪᠠᠷ ᠨᠡᠮᠡᠭᠳᠡᠵᠦ᠂ 5000 - 5000 ᠲᠦᠮᠡᠨ ᠲᠥᠭᠦᠷᠢᠭ ᠤᠨ ᠲᠥᠷᠥᠯ ᠵᠦᠢᠯ ᠠᠳᠠᠯᠢ ᠬᠤᠭᠤᠴᠠᠭᠠᠨ ᠤ ᠬᠢ ᠠᠴᠠ 6.43% ᠪᠠᠷ ᠨᠡᠮᠡᠭᠳᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠠᠳᠠᠯᠢ ᠬᠤᠭᠤᠴᠠᠭᠠᠨ ᠤ ᠬᠢ ᠠᠴᠠ 344.39% ᠪᠠᠷ ᠨᠡᠮᠡᠭᠳᠡᠪᠡ᠃      ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.2% ᠪᠠᠷ ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢᠨ ᠶᠡᠷᠦᠩᠬᠡᠶ ᠲᠤᠭ᠎ᠠ 47.16 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.2% ᠢᠶᠠᠷ ᠪᠠᠭᠤᠷᠠᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠣᠷᠣᠯᠠᠭᠤᠯᠭ᠎ᠠ ᠶᠢᠨ ᠶᠡᠷᠦᠩᠬᠡᠶ ᠦᠢᠯᠡᠳᠬᠦᠨ ᠤ ᠥᠷᠲᠡᠭ ᠲᠠᠬᠢ ᠭᠠᠳᠠᠭᠠᠳᠤ ᠳᠤ ᠭᠠᠷᠭᠠᠬᠤ ᠪᠠᠷᠠᠭ᠎ᠠ ᠲᠤᠰᠢᠶᠠᠭᠰᠠᠨ ᠥᠷᠲᠡᠭ ᠠᠳᠠᠯᠢ ᠬᠤᠭᠤᠴᠠᠭᠠᠨ ᠤ ᠬᠢ ᠠᠴᠠ 20.2% ᠨᠡᠮᠡᠭᠳᠡᠪᠡ᠃      ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 22.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.9% ᠪᠠᠷ ᠨᠡᠮᠡᠭᠳᠡᠪᠡ᠃      ᠡᠩ ᠤᠨ ᠤᠯᠠᠨ ᠨᠡᠶᠢᠲᠡ ᠶᠢᠨ ᠡᠳ᠋ ᠤᠨ ᠵᠠᠰᠠᠭ ᠤᠨ ᠣᠷᠣᠯᠭ᠎ᠠ 29768 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 310 ᠲᠦᠮᠡᠨ ᠲᠥᠭᠦᠷᠢᠭ ᠨᠡᠮᠡᠭᠳᠡᠵᠦ᠂ 1.1% ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠵᠠᠷᠤᠯᠭ᠎ᠠ 24.11 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.20 ᠳ᠋ᠦᠩᠰᠢᠭᠤᠷ ᠲᠥᠭᠦᠷᠢᠭ ᠪᠠᠭᠠᠰᠴᠤ᠂ 14.8% ᠪᠠᠷ ᠪᠠᠭᠤᠷᠠᠪᠠ᠃      ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 88051 ᠲᠦᠮᠡᠨ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.6% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠰᠠᠷ᠎ᠠ ᠶᠢᠨ ᠬᠢ ᠠᠴᠠ 0.6 ᠵᠠᠭᠤᠨ ᠤ ᠨᠢᠭᠡᠴᠢ ᠨᠡᠮᠡᠭᠳᠡᠪᠡ᠃ ᠪᠦᠬᠦ ᠠᠵᠢᠯ ᠲᠦᠷᠦᠯ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 74791 ᠲᠦᠮᠡᠨ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.3% ᠨᠡᠮᠡᠭᠳᠡᠵᠡᠶ᠃   
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ