ᠬᠤᠲᠠ ᠶᠢᠨ ᠵᠠᠮ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠶᠠᠪᠤᠳᠠᠯ ᠤᠨ ᠴᠣᠩᠬᠤᠪᠴᠢ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/11/29
      2024 ᠣᠨ ᠠᠴᠠ ᠨᠠᠰᠢ᠂ ᠬᠤᠲᠠ ᠶᠢᠨ ᠵᠠᠮ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠬᠠᠩᠭᠢᠨ ᠬᠤᠶᠢᠲᠤ ᠬᠤᠰᠢᠭᠤᠨ ᠤ ᠬᠢᠨ ᠳᠡᠭᠡᠳᠦ ᠱᠠᠲᠤ ᠵᠢᠴᠢ ᠵᠢᠯ ᠤᠨ ᠡᠬᠢᠨ ᠤ ᠭᠤᠤᠯ ᠠᠵᠢᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠴᠣᠩᠬᠤᠪᠴᠢ ᠨᠢᠭᠡᠴᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠴᠣᠩᠬᠤᠪᠴᠢ ᠶᠢᠨ ᠡᠩᠨᠡᠭᠡ ᠶᠢᠨ ᠪᠠᠶᠢᠭᠤᠯᠤᠯᠲᠠ ᠬᠠᠮᠢᠶᠠᠷᠤᠯᠲᠠ ᠶᠢ ᠴᠢᠩᠭᠠᠳᠬᠠᠨ᠂ ᠴᠣᠩᠬᠤᠪᠴᠢ ᠶᠢᠨ ᠠᠵᠢᠯᠲᠠᠨ ᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠴᠣᠩᠬᠤᠪᠴᠢ ᠨᠢᠭᠡᠴᠡ ᠶᠢᠨ ᠳᠦᠷᠢ ᠲᠥᠷᠬᠦ ᠶᠢ ᠢᠯᠡᠷᠡᠭᠦᠯᠪᠡ᠃
22.png
      ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤ ᠨᠢ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠭᠤᠤᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠣᠯᠠᠨ ᠲᠦᠮᠡᠨ ᠤ ᠰᠢᠢᠳᠪᠤᠷᠢᠯᠡᠬᠦ ᠶᠢ ᠬᠠᠮᠤᠭ ᠠᠴᠠ ᠬᠦᠰᠡᠵᠦ ᠪᠠᠶᠢᠭ᠎ᠠ᠂ ᠬᠠᠮᠤᠭ ᠤᠨ ᠬᠦᠴᠢᠷᠲᠡᠶ ᠵᠦᠢᠯᠡᠰ ᠢ ᠰᠢᠢᠳᠪᠦᠷᠢᠯᠡᠬᠦ ᠪᠠᠷ ᠡᠭᠦᠰᠭᠡᠯ ᠪᠣᠯᠭᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨᠬᠦ ᠨᠡᠮᠡᠭᠳᠡᠭᠦᠯᠬᠦ ᠬᠡᠷᠡᠭᠲᠡᠶ᠃ ᠠᠮᠠᠷᠠᠯᠲᠠ ᠶᠢᠨ ᠬᠤᠭᠤᠴᠠᠭᠠᠨ ᠳᠤ ᠴᠠᠭ ᠨᠡᠮᠡᠵᠦ ᠠᠵᠢᠯᠯᠠᠨ ᠭᠦᠶ᠋ᠴᠡᠳᠬᠡᠬᠦ᠂ ᠤᠷᠢᠳᠴᠢᠯᠠᠨ ᠪᠣᠯᠵᠣᠵᠤ ᠭᠦᠶ᠋ᠴᠡᠳᠬᠡᠬᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠦᠶ᠋ᠯᠡᠴᠢᠯᠡᠭᠡ ᠵᠡᠷᠭᠡ ᠶᠢ ᠢᠳᠡᠪᠬᠢᠲᠡᠶ ᠭᠠᠷᠭᠠᠵᠤ᠂ ᠣᠯᠠᠨ ᠲᠦᠮᠡᠨ᠂ ᠠᠵᠤ ᠠᠬᠤᠶᠢᠯᠠᠯ ᠳᠤ ᠥᠨᠳᠥᠷ ᠪᠦᠲᠦᠮᠵᠢᠲᠡᠶ ᠳᠥᠭᠦᠮ ᠳᠥᠲᠡ ᠵᠠᠰᠠᠭ ᠤᠨ ᠶᠠᠪᠤᠳᠠᠯ ᠤᠨ ᠦᠶ᠋ᠯᠡᠴᠢᠯᠡᠭᠡ ᠬᠠᠩᠭᠠᠨ᠎ᠠ᠃ ᠬᠠᠩᠭᠢᠨ ᠬᠤᠶᠢᠲᠤ ᠬᠤᠰᠢᠭᠤᠨ ᠤ ᠡᠷᠬᠢᠯᠡᠵᠦ ᠪᠠᠶᠢᠭ᠎ᠠ ᠲᠤᠬᠠᠶᠢᠯᠠᠭᠰᠠᠨ ᠠᠵᠢᠯ ᠤᠨ ᠴᠣᠩᠬᠤ ᠨᠢ ᠣᠯᠠᠨ ᠲᠦᠮᠡᠨ ᠳᠤ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠢ ᠭᠦᠢᠴᠡᠳᠭᠡᠬᠦ᠂ ᠠᠶᠤᠯᠲᠠᠶ ᠪᠠᠷᠠᠭ᠎ᠠ ᠶᠢ ᠬᠢᠨᠠᠨ ᠰᠢᠯᠭᠠᠬᠤ᠂ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠯᠥᠰᠥᠯᠡᠬᠦ ᠵᠡᠷᠭᠡ ᠦᠢᠯᠡᠴᠢᠯᠡᠭᠡ ᠶᠢ ᠬᠠᠩᠭᠠᠵᠤ ᠥᠭᠭᠦᠨ᠎ᠡ᠃ ᠡᠭᠦᠨ ᠤ ᠬᠠᠮᠲᠤ ᠪᠠᠰᠠ ᠰᠦᠯᠵᠢᠶᠡᠨ ᠳᠡᠭᠡᠷᠡᠬᠢ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠤᠨ ᠦᠨᠡᠨᠴᠢ ᠢᠲᠡᠭᠡᠮᠵᠢ ᠶᠢᠨ ᠬᠢᠨᠠᠨ ᠰᠢᠯᠭᠠᠯᠲᠠ ᠵᠡᠷᠭᠡ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠲᠤᠬᠠᠶᠢᠯᠠᠭᠰᠠᠨ ᠠᠵᠢᠯ ᠢ ᠥᠷᠨᠢᠭᠦᠯᠵᠦ᠂ ︽ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ︾ ᠦᠢᠯᠡᠴᠢᠯᠡᠭᠡᠨ ᠤ ᠣᠨᠣᠯᠵᠢᠬᠤᠨ ᠢ ᠢᠳᠡᠪᠬᠢᠲᠡᠶ ᠤᠶᠢᠯᠡᠳᠤᠯᠭᠡᠵᠢᠭᠦᠯᠵᠡᠶ᠃ ᠬᠠᠩᠭᠢᠨ ᠬᠤᠶᠢᠲᠤ ᠬᠤᠰᠢᠭᠤᠨ ᠤ ᠭᠠᠵᠠᠷ ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠶᠠᠪᠤᠳᠠᠯ ᠤᠨ ᠲᠣᠪᠴᠢᠶ᠎ᠠ ᠵᠢᠴᠢ ᠵᠠᠮ ᠬᠠᠷᠢᠯᠴᠠᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠰᠢᠨ᠎ᠡ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠠᠵᠤ ᠠᠬᠤᠶᠢᠯᠠᠯ ᠤᠨ ᠣᠯᠠᠨ ᠲᠦᠮᠡᠨ ᠳᠤ ᠵᠢᠷᠤᠮᠵᠢᠭᠰᠠᠨ᠂ ᠠᠷᠢᠭᠤᠨ ᠴᠢᠬᠡᠴᠢ᠂ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠪᠠ᠃ ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠶᠠᠪᠤᠳᠠᠯ ᠤᠨ ᠴᠣᠩᠬᠤᠨ ᠤ ᠶᠡᠷᠦᠩᠬᠡᠶᠢᠯᠡᠭᠰᠡᠨ ᠢᠯᠡᠷᠡᠯ ᠨᠢ ᠲᠣᠪᠤᠶᠢᠮ᠎ᠠ ᠬᠤᠶᠠᠷ ᠵᠢᠯ ᠳᠠᠷᠠᠭᠠᠯᠠᠨ ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠳᠤ ︽ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠤᠯᠠᠭᠠᠨ ᠲᠤᠭ ᠤᠨ ᠴᠣᠩᠬᠤ︾ ᠪᠠᠷ ᠦᠨᠡᠯᠡᠭᠳᠡᠪᠡ᠃
33.png
      ᠢᠷᠠᠭᠤ ᠠᠯᠳᠠᠷᠲᠠᠢ ᠪᠠᠷ ᠤᠷᠤᠭᠰᠢᠯᠠᠵᠤ᠂ ᠤᠭ ᠰᠠᠨᠠᠭ᠎ᠠ ᠪᠠᠨ ᠦᠯᠦ ᠮᠠᠷᠲᠠᠨ᠎ᠠ᠃ ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤ ᠨᠢ ᠦᠷᠭᠦᠯᠵᠢᠯᠡᠨ ᠰᠢᠯᠢᠳᠡᠭ ᠤᠯᠠᠮᠵᠢᠯᠠᠯ ᠢ ᠪᠠᠷᠢᠮᠲᠠᠯᠠᠵᠤ᠂ ᠴᠢᠩᠭ᠎ᠠ ᠨᠢᠮᠪᠠᠶ ᠰᠤᠷᠲᠠᠯ ᠢ ᠪᠠᠳᠠᠷᠠᠭᠤᠯᠵᠤ᠂ ᠣᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠥᠬᠡᠶ ᠦᠵᠡᠯ ᠰᠠᠨᠠᠭ᠎ᠠ ᠶᠢ ᠲᠠᠰᠤᠷᠠᠯᠲᠠ ᠥᠬᠡᠶ ᠪᠣᠶ ᠪᠣᠯᠭᠠᠵᠤ᠂ ᠨᠠᠩ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠ ᠬᠠᠯᠠᠭᠤᠨ ᠳᠣᠲᠣᠨᠣ ᠣᠪᠣᠷ ᠢᠶᠠᠷ ᠵᠠᠮ ᠲᠡᠭᠡᠭᠡᠪᠦᠷᠢ ᠶᠢᠨ ᠠᠵᠤ ᠠᠬᠤᠶᠢᠯᠠᠯ ᠪᠠ ᠡᠵᠡᠩᠨᠡᠯᠲᠡ ᠶᠢᠨ ᠡᠷᠦᠬᠡ ᠳᠤ ᠦᠢᠯᠡᠴᠢᠯᠡᠵᠦ᠂ ᠡᠷᠬᠡ ᠪᠠᠨ ᠠᠷᠠᠳ ᠤᠨ ᠲᠥᠯᠥᠭᠡ ᠬᠡᠷᠡᠭᠯᠡᠬᠦ᠂ ᠰᠡᠳᠬᠢᠯᠭᠡ ᠶᠢ ᠠᠷᠠᠳ ᠤᠨ ᠲᠥᠯᠥᠭᠡ ᠬᠤᠯᠪᠣᠬᠤ᠂ ᠠᠰᠢᠭ ᠲᠤᠰᠠ ᠶᠢ ᠠᠷᠠᠳ ᠲᠤ ᠣᠯᠭᠤᠬᠤ ᠶᠢ ᠦᠨᠡᠨ ᠬᠦ ᠪᠡᠶᠡᠯᠡᠭᠦᠯᠵᠦ᠂ ᠬᠠᠩᠭᠢᠨ ᠬᠤᠶᠢᠲᠤ ᠬᠤᠰᠢᠭᠤᠨ ᠤ ᠵᠠᠮ ᠲᠡᠭᠡᠭᠡᠪᠦᠷᠢ ᠶᠢᠨ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠳᠤ ᠦᠵᠡᠭᠦᠯᠪᠡᠰᠦ ᠵᠣᠬᠢᠬᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ