ᠬᠠᠩᠭᠢᠨ ᠬᠤᠶᠢᠲᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠥᠬᠦᠶ ᠰᠠᠨᠠᠯ ᠵᠥᠪᠯᠡᠯᠭᠡ ᠪᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠪᠠᠳᠠᠨ ᠰᠢᠢᠤᠡᠪᠤᠷᠢᠯᠡᠭᠦᠯᠪᠡ
ᠨᠡᠶᠢᠲᠡᠯᠡᠭᠰᠡᠨ ᠴᠠᠭ᠄
2024/11/29
      ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠡᠰᠡᠭ ᠰᠤᠷᠭᠠᠭᠤᠯᠢ᠂ ᠬᠡᠤᠬᠡᠳ ᠤᠨ ᠴᠡᠴᠡᠷᠯᠢᠭ ᠵᠢᠴᠢ ᠰᠣᠷᠣᠭᠴᠢ ᠶᠢᠨ ᠬᠡᠷ ᠤᠨ ᠠᠬᠠᠮᠠᠳ ᠤᠨ ᠲᠤᠰᠬᠠᠯ ᠨᠢ ᠪᠠᠭᠰᠢ ᠰᠤᠷᠤᠭᠴᠢᠳ ᠤᠨ ᠰᠤᠷᠭᠠᠭᠤᠯᠢ ᠳᠤ ᠣᠴᠢᠬᠤ ᠵᠠᠮ ᠬᠠᠷᠢᠯᠴᠠᠭᠠᠨ ᠤ ᠠᠮᠤᠷ ᠲᠦᠪᠰᠢᠨ᠂ ᠰᠤᠷᠭᠠᠭᠤᠯᠢ ᠶᠢᠨ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠭᠤᠤᠯᠳᠠᠯᠭ᠎ᠠ ᠲᠠᠢ ᠰᠠᠨᠠᠯ ᠳᠤᠷᠠᠳᠤᠯᠭ᠎ᠠ ᠪᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠴᠢᠭᠯᠡᠭᠦᠯᠦᠨ᠂ 11 ᠰᠠᠷ᠎ᠠ ᠶᠢᠨ 25 ᠤ ᠡᠳᠦᠷ᠂ ᠬᠤᠰᠢᠭᠤᠨ ᠤ ᠤᠯᠤᠰ ᠲᠥᠷᠥ ᠶᠢᠨ ᠨᠡᠶᠢᠭᠡᠮᠯᠢᠭ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ᠂ ᠴᠠᠬᠢᠯᠭᠠᠨ ᠬᠦᠴᠦ᠂ ᠵᠠᠮ ᠬᠠᠷᠢᠯᠴᠠᠭᠠᠨ ᠤ ᠬᠠᠮᠢᠶᠠᠷᠤᠯᠲᠠ᠂ ᠴᠡᠴᠡᠷᠯᠢᠭ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠲᠤᠬᠠᠶ ᠶᠢᠨ ᠭᠠᠵᠠᠷ ᠲᠤ ᠭᠦᠨᠵᠡᠭᠡᠶᠢᠷᠡᠨ᠂ ᠰᠢᠢᠳᠪᠦᠷᠢᠯᠡᠬᠦ ᠠᠷᠭ᠎ᠠ ᠪᠣᠳᠣᠯᠭ᠎ᠠ ᠪᠠ ᠠᠷᠭ᠎ᠠ ᠶᠢ ᠰᠦᠪᠡᠭᠴᠢᠯᠡᠵᠦ᠂ ᠪᠥᠬᠦ ᠬᠤᠰᠢᠭᠤᠨ ᠤ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠠᠵᠢᠯ ᠳᠤ ᠬᠦᠴᠦᠨ ᠨᠡᠮᠡᠷᠢᠯᠡᠪᠡ᠃
111.jpg
      ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠸᠧᠨ ᠮᠢᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠶᠧ ᠽᠦᠩ ᠶᠤᠸᠠᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠮᠢᠩ ᠱᠦᠨ᠂ ᠵᠣᠣ ᠶᠦᠩ ᠴᠧᠩ ᠵᠢᠴᠢ ᠬᠡᠰᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠣᠷᠣᠯᠴᠠᠵᠠᠶ᠃      ᠱᠠᠯᠠᠪᠳᠠᠭᠤᠯᠤᠨ ᠰᠢᠢᠳᠪᠦᠷᠢᠯᠡᠬᠦ ᠳᠤᠭᠤᠶᠢᠯᠠᠩ ᠤᠷᠢᠳ ᠬᠤᠵᠢᠳ ᠴᠧᠨ ᠹᠧᠩ ᠳᠤᠮᠳᠠᠳᠤ ᠰᠤᠷᠭᠠᠭᠤᠯᠢ᠂ ᠱᠠᠮᠪᠠ ᠳᠤᠮᠳᠠᠳᠤ ᠰᠤᠷᠭᠠᠭᠤᠯᠢ᠂ ᠵᠢᠷᠭᠤᠳᠤᠭᠠᠷ ᠳᠤᠮᠳᠠᠳᠤ ᠰᠤᠷᠭᠠᠭᠤᠯᠢ᠂ ᠬᠤᠶᠠᠳᠤᠭᠠᠷ ᠬᠡᠦᠬᠡᠳ ᠤᠨ ᠴᠡᠴᠡᠷᠯᠢᠭ ᠲᠤ ᠭᠦᠨᠵᠡᠭᠡᠶᠢᠷᠡᠵᠦ᠂ ᠰᠤᠷᠭᠠᠭᠤᠯᠢ ᠶᠢᠨ ᠬᠦᠷᠢᠶᠡᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠴᠧᠨ ᠹᠧᠩ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠪᠠᠭᠤᠭᠴᠢ ᠶᠢᠨ ᠲᠡᠷᠭᠡ ᠶᠢ ᠰᠠᠯᠭᠠᠬᠤ᠂ ᠵᠠᠮ ᠤᠨ ᠠᠭᠤᠯᠵᠠᠷ ᠤᠨ ᠲᠤᠬᠠᠶ ᠶᠢᠨ ᠲᠠᠯᠠᠪᠠᠶ ᠶᠢᠨ ᠴᠠᠭᠳᠠᠭᠠᠨ ᠤ ᠬᠦᠴᠦᠨ ᠢ ᠵᠢᠯᠣᠭᠤᠳᠤᠨ ᠵᠢᠯᠣᠭᠤᠳᠬᠤ᠂ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠡᠭᠦᠳᠡᠨ ᠡᠮᠦᠨᠡᠬᠢ ᠲᠡᠷᠭᠡᠨ ᠵᠣᠭᠰᠣᠭᠠᠯ ᠤᠨ ᠨᠣᠭᠤᠭᠠᠷᠠᠭᠤᠯᠵᠤ ᠬᠠᠲᠠᠭᠤᠷᠠᠭᠤᠯᠬᠤ ᠵᠢᠴᠢ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠱᠤᠭᠤᠮ ᠢ ᠰᠢᠯᠵᠢᠭᠦᠯᠬᠦ ᠵᠡᠷᠭᠡ ᠠᠰᠠᠭᠤᠳᠠᠯ ᠤᠨ ᠲᠤᠬᠠᠶ ᠡᠯ᠎ᠡ ᠳᠠᠭᠠᠭᠠᠨ ᠭᠦᠶ᠋ᠴᠡᠳᠬᠡᠬᠦ ᠰᠠᠯᠠᠭ᠎ᠠ ᠮᠥᠴᠢᠷ ᠤᠨ ᠰᠠᠨᠠᠯ ᠢ ᠵᠦᠶ᠋ᠯ ᠳᠠᠷᠠᠭᠠᠯᠠᠨ ᠬᠤᠷᠢᠶᠠᠬᠤ ᠶᠢᠨ ᠬᠠᠮᠲᠤ ᠴᠠᠭ ᠤᠨ ᠬᠦᠰᠦᠨᠦᠭᠲᠦ ᠭᠠᠷᠭᠠᠵᠤ᠂ ᠵᠠᠮ ᠱᠤᠭᠤᠮ ᠤᠨ ᠵᠢᠷᠤᠭ ᠭᠠᠷᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠡᠳᠦᠷ ᠤᠨ ᠳᠠᠷᠠᠭᠠᠯᠠᠯ ᠢ ᠳᠡᠭᠡᠭᠰᠢᠯᠡᠭᠦᠯᠵᠦ᠂ ᠣᠯᠠᠨ ᠲᠦᠮᠡᠨ ᠪᠠ ᠭᠡᠰᠢᠭᠦᠳ ᠲᠤ ᠬᠠᠨᠤᠮᠵᠢᠲᠠᠶ ᠬᠠᠷᠢᠭᠤᠯᠲᠠ ᠥᠭᠬᠦ ᠪᠠᠷ ᠴᠢᠷᠮᠠᠶᠢᠪᠠ᠃ ᠱᠠᠯᠠᠪᠳᠠᠭᠤᠯᠤᠨ ᠰᠢᠢᠳᠪᠦᠷᠢᠯᠡᠬᠦ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠰᠤᠷᠭᠠᠨ ᠬᠥᠮᠦᠵᠢᠯ ᠪᠣᠯ ᠦᠨᠳᠦᠰᠦᠲᠡᠨ ᠤ ᠬᠥᠭᠵᠢᠯ ᠮᠠᠨᠳᠤᠯ᠂ ᠨᠡᠶᠢᠭᠡᠮ ᠤᠨ ᠳᠠᠪᠰᠢᠯᠲᠠ ᠶᠢᠨ ᠰᠠᠭᠤᠷᠢ ᠮᠥᠨ᠂ ᠡᠯ᠎ᠡ ᠰᠠᠯᠠᠭ᠎ᠠ ᠮᠥᠴᠢᠷ ᠤᠳ ᠰᠤᠷᠭᠠᠨ ᠬᠥᠮᠦᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠤᠷᠭᠠᠨ ᠬᠥᠮᠦᠵᠢᠯ ᠢ ᠦᠨᠡᠨ ᠬᠦ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠬᠤ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠪᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠰᠢᠢᠳᠪᠦᠷᠢᠯᠡᠬᠦ ᠠᠵᠢᠯ ᠤᠨ ᠲᠠᠨᠢᠯᠲᠠ ᠪᠠᠨ ᠭᠦᠨᠵᠡᠭᠡᠶᠢᠷᠡᠭᠦᠯᠵᠦ᠂ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠪᠦᠬᠦ ᠨᠡᠶᠢᠭᠡᠮ ᠢᠶᠠᠷ ᠢᠶᠠᠨ ᠰᠤᠷᠭᠠᠨ ᠬᠥᠮᠦᠵᠢᠯ ᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ