ᠬᠠᠩᠭᠢᠨ ᠬᠤᠶᠢᠲᠤ ᠬᠤᠰᠢᠭᠤᠨ ᠤ ᠮᠠᠯ ᠤᠨ ᠲᠠᠪᠤᠨ ᠴᠣᠯᠣ ᠤᠨ ᠮᠢᠬ᠎ᠠ ᠪᠠᠷ ᠬᠢᠭᠰᠡᠨ ᠱᠥᠯᠥ
ᠨᠡᠶᠢᠲᠡᠯᠡᠭᠰᠡᠨ ᠴᠠᠭ᠄
2024/11/29
      ᠱᠠᠮᠪᠠ ᠶᠢᠨ ᠮᠠᠯ ᠤᠨ ᠲᠠᠪᠤᠨ ᠴᠣᠯᠣ ᠤᠨ ᠮᠢᠬ᠎ᠠ ᠪᠠᠷ ᠬᠢᠭᠰᠡᠨ ᠱᠥᠯᠥ ᠬᠢᠳᠡᠭ ᠠᠷᠭ᠎ᠠ ᠨᠢ ᠤᠷᠠᠨ ᠲᠠᠷᠬᠠᠨ ᠤ ᠬᠦᠴᠦ ᠬᠥᠳᠡᠯᠮᠦᠷᠢ ᠪᠠ ᠤᠶᠤᠨ ᠤᠬᠠᠭᠠᠨ ᠠᠭᠤᠯᠤᠭᠳᠠᠵᠤ ᠪᠠᠶᠢᠬᠤ ᠶᠢ ᠮᠠᠰᠢ ᠠᠩᠬᠠᠷᠴᠤ ᠪᠠᠶᠢᠪᠠ᠃ ᠲᠠᠪᠤᠨ ᠴᠣᠯᠣ ᠰᠣᠩᠭᠤᠬᠤ ᠠᠴᠠ ᠠᠪᠤᠭᠠᠳ ᠤᠬᠢᠶᠠᠵᠤ ᠴᠡᠪᠡᠷᠯᠡᠬᠦ᠂ ᠳᠠᠬᠢᠨ ᠬᠠᠭᠤᠷᠤᠯᠭ᠎ᠠ ᠪᠠ ᠠᠮᠲᠠ ᠣᠷᠣᠭᠤᠯᠬᠤ ᠬᠦᠷᠲᠡᠯ᠎ᠡ᠂ ᠠᠯᠬᠤᠮ ᠪᠦᠷᠢ ᠪᠦᠷ ᠨᠠᠷᠢᠨ ᠨᠢᠮᠪᠠᠢ ᠠᠵᠢᠯᠯᠠᠬᠤ ᠬᠡᠷᠡᠭᠲᠡᠢ᠃ ᠬᠤᠨᠢᠨ ᠤ ᠴᠢᠰᠤ ᠂ ᠵᠢᠷᠦᠬᠡ᠂ ᠡᠯᠢᠭᠡ᠂ ᠭᠡᠳᠡᠰᠦ᠂ ᠲᠣᠯᠣᠭᠠᠢ ᠰᠢᠭᠢᠷ᠎ᠡ ᠂ ᠠᠭᠤᠰᠬᠢ ᠵᠡᠷᠭᠡ ᠰᠢᠨ᠎ᠡ ᠰᠣᠷᠭᠤᠭ ᠮᠢᠬ᠎ᠠ ᠶᠢ ᠨᠠᠷᠢᠨ ᠨᠢᠮᠪᠠᠢ ᠴᠡᠪᠡᠷᠯᠡᠭᠰᠡᠨ ᠤ ᠳᠠᠷᠠᠭ᠎ᠠ᠂ ᠶᠡᠭᠡ ᠲᠣᠭᠤᠭᠠᠨ ᠳᠤ ᠬᠢᠵᠦ᠂ ᠡᠯ᠎ᠡ ᠵᠦᠢᠯ ᠤᠨ ᠠᠮᠲᠠ ᠣᠷᠣᠭᠤᠯᠬᠤ ᠡᠳ᠋ ᠬᠢᠵᠦ᠂ ᠵᠥᠭᠡᠯᠡᠨ ᠭᠠᠯ ᠢᠶᠠᠷ ᠤᠳᠠᠭᠠᠨ ᠴᠢᠨᠠᠭᠰᠠᠨ ᠪᠠᠶᠢᠳᠠᠭ᠃ ᠮᠢᠬ᠎ᠠ ᠨᠢ ᠬᠡᠦᠷᠰᠦ ᠪᠣᠯᠲᠠᠯ᠎ᠠ ᠴᠢᠨᠠᠭᠠᠳ ᠱᠥᠯᠥ ᠨᠢ ᠥᠳᠬᠡᠨ ᠪᠣᠯᠵᠤ᠂ ᠳᠠᠷᠠᠭ᠎ᠠ ᠨᠢ ᠠᠩᠬᠢᠯᠤᠭᠤᠨ ᠨᠣᠭᠤᠭ᠎ᠠ᠂ ᠰᠤᠩᠬᠢᠨ᠎ᠠ ᠶᠢᠨ ᠰᠡᠭᠦᠯ᠂ ᠲᠣᠰᠣᠯᠢᠭ ᠯᠠᠵᠤᠤ ᠵᠡᠷᠭᠡ ᠠᠮᠲᠠ ᠣᠷᠣᠭᠤᠯᠬᠤ ᠡᠳ᠋ ᠬᠢᠵᠦ᠂ ᠨᠢᠭᠡ ᠠᠶᠠᠭ᠎ᠠ ᠬᠠᠯᠠᠭᠤᠨ ᠠᠭᠤᠷ ᠰᠠᠪᠰᠠᠯᠠᠭᠰᠠᠨ᠂ ᠠᠩᠬᠢᠯᠤᠮ᠎ᠠ ᠰᠠᠶᠢᠬᠠᠨ ᠦᠨᠦᠷ ᠲᠠᠢ ᠮᠠᠯ ᠤᠨ ᠲᠠᠪᠤᠨ ᠴᠣᠯᠣ ᠤᠨ ᠮᠢᠬ᠎ᠠ ᠪᠠᠷ ᠬᠢᠭᠰᠡᠨ ᠱᠥᠯᠥ ᠲᠠᠢ ᠬᠤᠭᠤᠯᠠ ᠭᠠᠷᠴᠤ ᠢᠷᠡᠨ᠎ᠡ᠃
 
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ