︽︿ᠯᠦᠩ ᠲᠧᠩ ᠱᠧᠩ ᠱᠢ᠂ ᠵᠣᠯ ᠵᠢᠷᠭᠠᠯᠲᠤ ᠬᠠᠩᠭᠢᠨ ᠬᠤᠶᠢᠲᠤ ᠬᠤᠰᠢᠭᠤᠨ ᠤ﹀ ᠬᠠᠩᠭᠢᠨ ᠬᠤᠶᠢᠲᠤ ᠬᠤᠰᠢᠭᠤᠨ ᠤ 2024 ᠣᠨ ᠤ ᠴᠠᠭᠠᠨ ᠰᠠᠷ᠎ᠠ ᠶᠢᠨ ᠰᠣᠶᠣᠯ ᠲᠠᠮᠢᠷ ᠤᠨ ᠠᠵᠢᠯᠯᠠᠭ᠎ᠠ ᠶᠢᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/11/5
      ᠡᠯ᠎ᠡ ᠪᠠᠯᠭᠠᠰᠤ᠂ ᠲᠠᠢ ᠶᠠᠩ ᠮᠢᠶᠣᠣ ᠲᠠᠷᠢᠶᠠᠯᠠᠩ ᠤᠨ ᠲᠠᠯᠠᠪᠠᠢ᠂ ᠬᠤᠰᠢᠭᠤᠨ ᠤ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠬᠤᠰᠢᠭᠤᠨ ᠳᠤ ᠰᠠᠭᠤᠭ᠎ᠠ ᠬᠠᠮᠢᠶ᠎ᠠ ᠪᠦᠬᠦᠢ ᠨᠢᠭᠡᠴᠡ ᠳᠤ᠄      2024 ᠣᠨ ᠤ ᠠᠮᠢᠲᠠᠨ ᠤ ᠬᠢᠵᠢᠭ ᠡᠪᠡᠳᠴᠢᠨ ᠢ ᠲᠥᠪᠯᠡᠷᠡᠭᠦᠯᠦᠨ ᠡᠭᠡᠯᠢᠯᠡᠭᠡ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠪᠥᠬᠦ ᠬᠤᠰᠢᠭᠤᠨ ᠤ ᠲᠡᠵᠢᠭᠡᠨ ᠦᠷᠡᠵᠢᠭᠦᠯᠬᠦ ᠦᠢᠯᠡᠰ ᠤᠨ ᠦᠢᠯᠡᠳᠪᠦᠷᠢᠯᠡᠯ ᠤᠨ ᠠᠮᠤᠷ ᠲᠦᠪᠰᠢᠨ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠪᠠᠲᠤᠯᠠᠵᠤ᠂ ᠣᠷᠣᠨ ᠪᠦᠰᠡ ᠶᠢᠨ ᠴᠢᠨᠠᠷᠲᠠᠶ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠡᠭᠦᠰᠬᠦ ᠥᠬᠡᠶ ᠪᠠᠶᠢᠬᠤ ᠶᠢ ᠪᠠᠲᠤᠯᠠᠵᠤ᠂ ᠮᠠᠯ ᠠᠵᠤ ᠠᠬᠤᠶ ᠶᠢᠨ ᠴᠢᠨᠠᠷ ᠰᠠᠶᠢᠲᠠᠶ᠂ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠤᠯᠤᠰ᠂ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ 2024 ᠣᠨ ᠤ ᠪᠥᠬᠦ ᠬᠤᠰᠢᠭᠤᠨ ᠤ ᠬᠠᠪᠤᠷ ᠨᠠᠮᠤᠷ ᠤᠨ ᠬᠤᠶᠠᠷ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠲᠥᠪᠯᠡᠷᠡᠭᠦᠯᠦᠨ ᠦᠯᠦ ᠬᠠᠯᠳᠠᠭᠠᠯᠲᠠ ᠬᠢᠬᠦ ᠶᠢ ᠶᠡᠭᠡ ᠳᠠᠶᠢᠯᠠᠯᠳᠤᠭᠠᠨ ᠤ ᠬᠡᠯᠪᠡᠷᠢ ᠪᠠᠷ ᠶᠠᠪᠤᠭᠳᠠᠭᠤᠯᠤᠨ᠎ᠠ᠂ ᠪᠣᠳᠠᠲᠠᠶ ᠪᠠᠷ ᠳᠣᠤᠷᠠᠬᠢ ᠮᠡᠲᠦ ᠲᠣᠬᠢᠷᠠᠭᠤᠯᠪᠠ᠄         ᠨᠢᠭᠡ᠂ ᠴᠠᠭ ᠤᠨ ᠠᠯᠬᠤᠮ ᠳᠠᠷᠠᠭ᠎ᠠ      ︵ᠨᠢᠭᠡ︶ ᠬᠠᠪᠤᠷ ᠤᠨ ᠤᠯᠠᠷᠢᠯ ᠳᠤ ᠲᠥᠪᠯᠡᠷᠡᠩᠬᠦᠢ ᠶᠡᠷᠥᠨᠳᠡᠭ      3 ᠰᠠᠷ᠎ᠠ ᠶᠢᠨ 1 ᠤ ᠡᠳᠦᠷ ᠠᠴᠠ 7 ᠤ ᠡᠳᠦᠷ ᠪᠣᠯᠲᠠᠯ᠎ᠠ ᠲᠥᠪᠯᠡᠷᠡᠭᠦᠯᠦᠨ ᠦᠯᠦ ᠬᠠᠯᠳᠠᠭᠠᠬᠤ ᠪᠡᠯᠡᠳᠬᠡᠯ ᠱᠠᠲᠤ ᠦᠶ᠎ᠡ ᠪᠣᠯᠤᠨ᠎ᠠ᠃      3 ᠰᠠᠷ᠎ᠠ ᠶᠢᠨ 8 ᠤ ᠡᠳᠦᠷ ᠠᠴᠠ 4 ᠰᠠᠷ᠎ᠠ ᠶᠢᠨ 30 ᠤ ᠡᠳᠦᠷ ᠪᠣᠯᠲᠠᠯ᠎ᠠ ᠲᠥᠪᠯᠡᠷᠡᠭᠦᠯᠦᠨ ᠡᠭᠡᠯᠢᠯᠡᠭᠡ ᠶᠢᠨ ᠪᠣᠳᠠᠲᠤ ᠪᠠᠶᠢᠯᠳᠤᠭᠠᠨ ᠤ ᠱᠠᠲᠤ ᠦᠶ᠎ᠡ ᠪᠣᠯᠤᠨ᠎ᠠ︔ 5 ᠰᠠᠷ᠎ᠠ ᠶᠢᠨ ᠡᠬᠢ ᠪᠠᠷ ᠪᠠᠶᠢᠴᠠᠭᠠᠵᠤ ᠰᠢᠯᠭᠠᠨ ᠠᠪᠬᠤ ᠱᠠᠲᠤ ᠦᠶ᠎ᠡ ᠪᠣᠯᠤᠨ᠎ᠠ᠃      ︵ᠬᠤᠶᠠᠷ︶ ᠨᠠᠮᠤᠷ ᠤᠨ ᠤᠯᠠᠷᠢᠯ ᠤᠨ ᠲᠦᠪᠯᠡᠷᠡᠩᠭᠦᠢ ᠢᠮᠦ᠋ᠨ      9 ᠰᠠᠷ᠎ᠠ ᠶᠢᠨ 1 ᠤ ᠡᠳᠦᠷ ᠠᠴᠠ 5 ᠤ ᠡᠳᠦᠷ ᠪᠣᠯᠲᠠᠯ᠎ᠠ ᠲᠥᠪᠯᠡᠷᠡᠭᠦᠯᠦᠨ ᠦᠯᠦ ᠬᠠᠯᠳᠠᠭᠠᠬᠤ ᠪᠡᠯᠡᠳᠬᠡᠯ ᠱᠠᠲᠤ ᠦᠶ᠎ᠡ ᠪᠣᠯᠤᠨ᠎ᠠ᠃      9 ᠰᠠᠷ᠎ᠠ ᠶᠢᠨ 6 ᠤ ᠡᠳᠦᠷ ᠠᠴᠠ 10 ᠰᠠᠷ᠎ᠠ ᠶᠢᠨ 31 ᠤ ᠡᠳᠦᠷ ᠪᠣᠯᠲᠠᠯ᠎ᠠ ᠲᠥᠪᠯᠡᠷᠡᠭᠦᠯᠦᠨ ᠦᠯᠦ ᠬᠠᠯᠳᠠᠭᠠᠬᠤ ᠪᠣᠳᠠᠲᠤ ᠪᠠᠶᠢᠯᠳᠤᠭᠠᠨ ᠤ ᠱᠠᠲᠤ ᠦᠶ᠎ᠡ︔ 11 ᠰᠠᠷ᠎ᠠ ᠶᠢᠨ ᠡᠬᠢ ᠪᠠᠷ ᠪᠠᠶᠢᠴᠠᠭᠠᠵᠤ ᠰᠢᠯᠭᠠᠨ ᠠᠪᠬᠤ ᠱᠠᠲᠤ ᠦᠶ᠎ᠡ ᠪᠣᠯᠤᠨ᠎ᠠ᠃      ᠬᠤᠶᠠᠷ᠂ ᠬᠠᠷᠠᠯᠲᠠ ᠶᠢᠨ ᠡᠭᠦᠷᠭᠡ      ︵ᠨᠢᠭᠡ︶ ᠶᠡᠷᠥᠨᠳᠡᠭ ᠤᠨ ᠡᠪᠡᠳᠴᠢᠨ ᠤ ᠲᠥᠷᠥᠯ      ᠠᠯᠪᠠᠳᠠᠯᠭ᠎ᠠ ᠪᠠᠷ ᠦᠯᠦ ᠬᠠᠯᠳᠠᠭᠠᠬᠤ ᠡᠪᠡᠳᠴᠢᠨ ᠤ ᠲᠥᠷᠥᠯ᠄ ᠰᠢᠯᠦᠬᠡᠶ ᠡᠪᠡᠳᠴᠢᠨ᠂ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ᠂ ᠬᠡᠪᠢᠭᠴᠢ ᠪᠠᠭ᠎ᠠ ᠮᠠᠯ ᠤᠨ ᠬᠢᠵᠢᠭ᠂ ᠪᠷᠦ᠋ᠼᠧᠯ ᠡᠪᠡᠳᠴᠢᠨ᠃      ᠲᠥᠯᠥᠪᠯᠡᠭᠡᠲᠦ ᠡᠭᠡᠯᠢᠯᠡᠭᠡ ᠶᠢᠨ ᠡᠪᠡᠳᠴᠢᠨ ᠤ ᠲᠥᠷᠥᠯ᠄ ᠭᠠᠭ᠋ᠠᠶ ᠶᠢᠨ ᠬᠢᠵᠢᠭ᠂ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠭᠠᠭ᠋ᠠᠶ ᠶᠢᠨ ᠬᠥᠬᠡ ᠴᠢᠬᠢᠨ ᠤ ᠡᠪᠡᠳᠴᠢᠨ᠂ ᠰᠢᠨ᠎ᠡ ᠬᠤᠲᠠ ᠶᠢᠨ ᠬᠢᠵᠢᠭ᠂ ᠬᠤᠨᠢᠨ ᠤ ᠴᠡᠴᠡᠭ ᠡᠪᠡᠳᠴᠢᠨ᠂ ᠬᠤᠨᠢᠨ ᠤ ᠲᠦᠷᠭᠡᠨ ᠬᠢᠵᠢᠭ᠂ ᠬᠤᠨᠢᠨ ᠤ ᠭᠡᠳᠡᠰᠦᠨ ᠤ ᠴᠢᠰᠤᠨ ᠬᠤᠣᠷᠳᠠᠯᠭ᠎ᠠ᠂ ᠬᠤᠨᠢᠨ ᠠᠴᠠ ᠪᠣᠯᠤᠭᠰᠠᠨ ᠮᠡᠷᠭᠡᠨ ᠬᠠᠷᠪᠤᠭ᠎ᠠ᠂ ᠭᠠᠯᠵᠠᠭᠤ ᠡᠪᠡᠳᠴᠢᠨ᠂ ᠦᠬᠡᠷ ᠤᠨ ᠬᠥᠪᠲᠥᠷᠥᠥᠲᠥ ᠠᠷᠠᠰᠤᠨ ᠤ ᠡᠪᠡᠳᠴᠢᠨ ᠵᠡᠷᠭᠡ ᠪᠣᠯᠤᠨ᠎ᠠ᠃      ︵ᠬᠤᠶᠠᠷ︶ ᠶᠡᠷᠥᠨᠳᠡᠭ ᠤᠨ ᠱᠠᠭᠠᠷᠳᠠᠯᠭ᠎ᠠ      ᠠᠯᠪᠠᠳᠠᠯᠭ᠎ᠠ ᠪᠠᠷ ᠦᠯᠦ ᠬᠠᠯᠳᠠᠭᠠᠬᠤ ᠡᠪᠡᠳᠴᠢᠨ ᠤ ᠲᠥᠷᠥᠯ᠄ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠦᠯᠦ ᠬᠠᠯᠳᠠᠭᠠᠬᠤ ᠳᠡᠰ ᠳᠠᠷᠠᠭᠠᠯᠠᠯ ᠢᠶᠠᠷ ᠦᠯᠦ ᠬᠠᠯᠳᠠᠭᠠᠨ᠎ᠠ︔ ᠮᠠᠯ ᠵᠢᠭᠦᠷᠲᠡᠨ ᠤ ᠰᠢᠯᠦᠬᠡᠶ ᠡᠪᠡᠳᠴᠢᠨ᠂ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠬᠠᠪᠤᠷ ᠤᠨ ᠤᠯᠠᠷᠢᠯ᠂ ᠨᠠᠮᠤᠷ ᠤᠨ ᠤᠯᠠᠷᠢᠯ ᠳᠤ ᠲᠤᠰ ᠪᠦᠷᠢ ᠨᠢᠭᠡ ᠤᠳᠠᠭ᠎ᠠ ᠲᠥᠪᠯᠡᠷᠡᠭᠦᠯᠦᠨ ᠦᠯᠦ ᠬᠠᠯᠳᠠᠭᠠᠯᠲᠠ ᠬᠢᠯᠭᠡᠨ᠎ᠡ︔ ᠬᠡᠪᠢᠭᠴᠢ ᠵᠢᠵᠢᠭ ᠮᠠᠯ ᠤᠨ ᠬᠢᠵᠢᠭ ᠢ ᠬᠠᠪᠤᠷ ᠤᠨ ᠤᠯᠠᠷᠢᠯ ᠳᠤ ᠨᠢᠭᠡ ᠤᠳᠠᠭ᠎ᠠ ᠲᠥᠪᠯᠡᠷᠡᠭᠦᠯᠦᠨ ᠦᠯᠦ ᠬᠠᠯᠳᠠᠭᠠᠯᠲᠠ ᠬᠢᠵᠦ᠂ ᠰᠠᠷ᠎ᠠ ᠪᠦᠷᠢ ᠲᠣᠭᠲᠠᠮᠠᠯ ᠬᠤᠭᠤᠴᠠᠭ᠎ᠠ ᠲᠠᠢ ᠪᠠᠷ ᠨᠥᠬᠦᠵᠦ ᠬᠡᠯᠲᠦᠷᠢᠭᠦᠯᠦᠨ᠎ᠡ︔ ᠪᠷᠦ᠋ᠼᠧᠯ ᠡᠪᠡᠳᠴᠢᠨ ᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠢᠭᠡ ᠤᠳᠠᠭ᠎ᠠ ᠦᠯᠦ ᠬᠠᠯᠳᠠᠭᠠᠯᠲᠠ ᠬᠢᠵᠦ᠂ ᠦᠯᠦ ᠬᠠᠯᠳᠠᠭᠠᠯᠲᠠ ᠬᠢᠯᠭᠡᠭᠰᠡᠨ ᠮᠠᠯ ᠢ ᠴᠠᠭ ᠲᠤᠬᠠᠶ ᠳᠤᠨᠢ ᠨᠥᠬᠦᠵᠦ ᠬᠡᠯᠲᠦᠷᠢᠭᠦᠯᠦᠨ᠎ᠡ᠃ ᠬᠠᠮᠲᠤᠯᠢᠭ ᠤᠨ ᠡᠭᠡᠯᠢᠯᠡᠭᠡ ᠶᠢᠨ ᠨᠢᠭᠲᠠᠴᠠ ᠶᠢ ᠵᠢᠯ ᠲᠤᠷᠰᠢ 90% ᠠᠴᠠ ᠳᠡᠭᠡᠭᠰᠢ ᠪᠠᠶᠢᠯᠭᠠᠵᠤ᠂ ᠡᠭᠦᠨ ᠳᠤ ᠮᠠᠯ ᠵᠢᠭᠦᠷᠲᠡᠨ ᠤ ᠡᠭᠡᠯᠢᠯᠡᠭᠡ ᠶᠢ ᠬᠡᠯᠲᠦᠷᠢᠭᠦᠯᠬᠦ ᠨᠢᠭᠲᠠᠴᠠ ᠶᠢ 100% ᠳᠤ ᠬᠦᠷᠦᠭᠦᠯᠦᠨ᠎ᠡ᠃ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ᠂ ᠰᠢᠯᠦᠬᠡᠶ ᠡᠪᠡᠳᠴᠢᠨ᠂ ᠬᠡᠪᠢᠭᠴᠢ ᠪᠠᠭ᠎ᠠ ᠮᠠᠯ ᠤᠨ ᠬᠢᠵᠢᠭ ᠦᠯᠦ ᠬᠠᠯᠳᠠᠭᠠᠬᠤ ᠡᠰᠡᠷᠭᠦ ᠴᠣᠭᠴᠠ ᠶᠢᠨ ᠬᠢᠷᠢ ᠲᠡᠩᠴᠡᠭᠰᠡᠨ ᠨᠣᠷᠮ᠎ᠠ ᠶᠢ ᠪᠦᠬᠦ ᠵᠢᠯ ᠳᠤ 70% ᠠᠴᠠ ᠳᠡᠭᠡᠭᠰᠢ ᠪᠠᠶᠢᠯᠭᠠᠨ᠎ᠠ᠃      ᠲᠥᠯᠥᠪᠯᠡᠭᠡᠲᠦ ᠡᠭᠡᠯᠢᠯᠡᠭᠡ ᠶᠢᠨ ᠡᠪᠡᠳᠴᠢᠨ ᠤ ᠲᠥᠷᠥᠯ᠄ ᠭᠠᠭ᠋ᠠᠶ ᠶᠢᠨ ᠬᠢᠵᠢᠭ᠂ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠭᠠᠭ᠋ᠠᠶ ᠶᠢᠨ ᠬᠥᠬᠡ ᠴᠢᠬᠢᠨ ᠡᠪᠡᠳᠴᠢᠨ ᠳᠤ ᠦᠯᠦ ᠬᠠᠯᠳᠠᠭᠠᠯᠲᠠ ᠬᠢᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠤᠰᠤᠳ ᠡᠪᠡᠳᠴᠢᠨ ᠤ ᠲᠥᠷᠥᠯ ᠢ ᠡᠯ᠎ᠡ ᠭᠠᠵᠠᠷ ᠤᠨ ᠬᠢᠨ ᠰᠡᠷᠭᠡᠶᠢᠯᠡᠨ ᠡᠵᠡᠮᠳᠡᠬᠦ ᠬᠡᠷᠡᠭᠴᠡᠭᠡ ᠪᠠᠨ ᠦᠨᠳᠦᠰᠦᠯᠡᠨ᠂ ᠤᠯᠤᠰ ᠤᠨ ᠬᠠᠮᠢᠶ᠎ᠠ ᠪᠦᠬᠦᠢ ᠰᠡᠷᠭᠡᠶᠢᠯᠡᠨ ᠵᠠᠰᠠᠬᠤ ᠮᠡᠷᠭᠡᠵᠢᠯ ᠤᠨ ᠵᠢᠷᠤᠮᠵᠢᠯ᠂ ᠰᠡᠷᠭᠡᠶᠢᠯᠡᠨ ᠵᠠᠰᠠᠬᠤ ᠵᠢᠯᠣᠭᠤᠳᠬᠤ ᠰᠠᠨᠠᠯ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ ᠦᠯᠦ ᠬᠠᠯᠳᠠᠭᠠᠯᠲᠠ ᠬᠢᠵᠦ᠂ ᠦᠯᠦ ᠬᠠᠯᠳᠠᠭᠠᠯᠲᠠ ᠬᠢᠬᠦ ᠲᠠᠯ᠎ᠠ ᠪᠠᠷ ᠬᠢᠷᠢ ᠲᠡᠩᠴᠡᠭᠰᠡᠨ ᠦᠭᠡᠢ ᠪᠠ ᠰᠢᠨ᠎ᠡ ᠰᠣᠷᠭᠤᠭ᠂ ᠰᠢᠨ᠎ᠡ ᠪᠠᠷ ᠨᠥᠬᠦᠪᠥᠷᠢᠯᠡᠬᠦ ᠬᠠᠰᠢᠶ᠎ᠠ ᠶᠢᠨ ᠮᠠᠯ ᠵᠢᠭᠦᠷᠲᠡᠨ ᠢ ᠴᠠᠭ ᠲᠤᠬᠠᠶ ᠳᠤᠨᠢ ᠨᠥᠬᠦᠵᠦ ᠬᠡᠯᠲᠦᠷᠢᠭᠦᠯᠦᠨ᠎ᠡ᠃ ᠭᠠᠭ᠋ᠠᠶ ᠶᠢᠨ ᠬᠢᠵᠢᠭ᠂ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠭᠠᠭ᠋ᠠᠶ ᠶᠢᠨ ᠬᠥᠬᠡ ᠴᠢᠬᠢᠲᠦ ᠡᠪᠡᠳᠴᠢᠨ᠂ ᠰᠢᠨ᠎ᠡ ᠬᠤᠲᠠ ᠶᠢᠨ ᠬᠢᠵᠢᠭ ᠦᠯᠦ ᠬᠠᠯᠳᠠᠭᠠᠬᠤ ᠬᠢᠵᠢᠭᠲᠦ ᠣᠷᠣᠨ ᠤ ᠬᠠᠮᠲᠤᠯᠢᠭ ᠤᠨ ᠡᠭᠡᠯᠢᠯᠡᠭᠡ ᠶᠢᠨ ᠨᠢᠭᠲᠠᠴᠠ ᠶᠢ 90% ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠮᠠᠯ ᠵᠢᠭᠦᠷᠲᠡᠨ ᠤ ᠦᠯᠦ ᠬᠠᠯᠳᠠᠭᠠᠬᠤ ᠨᠢᠭᠲᠠᠴᠠ ᠶᠢ 100% ᠳᠤ ᠬᠦᠷᠦᠭᠦᠯᠵᠦ᠂ ᠡᠭᠡᠯᠢᠯᠡᠭᠡ ᠶᠢᠨ ᠡᠰᠡᠷᠭᠦᠴᠡᠭᠴᠢ ᠶᠢᠨ ᠬᠢᠷᠢ ᠲᠡᠩᠴᠡᠭᠰᠡᠨ ᠨᠣᠷᠮ᠎ᠠ ᠶᠢ ᠪᠥᠬᠦ ᠵᠢᠯ ᠳᠤ 70% ᠠᠴᠠ ᠳᠡᠭᠡᠭᠰᠢ ᠪᠠᠶᠢᠯᠭᠠᠨ᠎ᠠ︔ ᠭᠠᠯᠵᠠᠭᠤ ᠡᠪᠡᠳᠴᠢᠨ ᠤ ᠡᠯ᠎ᠡ ᠪᠠᠯᠭᠠᠰᠤ ᠲᠤᠬᠠᠶ ᠶᠢᠨ ᠭᠠᠵᠠᠷ ᠤᠨ ᠲᠠᠬᠤᠯ ᠡᠪᠡᠳᠴᠢᠨ ᠢ ᠦᠨᠳᠦᠰᠦᠯᠡᠨ ᠦᠯᠦ ᠬᠠᠯᠳᠠᠭᠠᠬᠤ ᠶᠢ ᠲᠣᠭᠲᠠᠭᠠᠨ᠎ᠠ︔ ᠬᠤᠨᠢᠨ ᠤ ᠴᠡᠴᠡᠭ ᠡᠪᠡᠳᠴᠢᠨ᠂ ᠬᠤᠨᠢᠨ ᠤ ᠲᠦᠷᠭᠡᠨ ᠬᠢᠵᠢᠭ᠂ ᠬᠤᠨᠢᠨ ᠤ ᠭᠡᠳᠡᠰᠦᠨ ᠤ ᠴᠢᠰᠤᠨ ᠬᠤᠣᠷᠳᠠᠯᠭ᠎ᠠ᠂ ᠬᠤᠨᠢᠨ ᠠᠴᠠ ᠪᠣᠯᠤᠭᠰᠠᠨ ᠬᠢᠵᠢᠭ ᠦᠯᠦ ᠬᠠᠯᠳᠠᠭᠠᠬᠤ ᠣᠷᠣᠨ ᠤ ᠬᠠᠮᠲᠤᠯᠢᠭ ᠤᠨ ᠡᠭᠡᠯᠢᠯᠡᠭᠡ ᠶᠢᠨ ᠨᠢᠭᠲᠠᠴᠠ ᠶᠢ 90% ᠠᠴᠠ ᠳᠡᠭᠡᠭᠰᠢ ᠪᠠᠶᠢᠯᠭᠠᠵᠤ᠂ ᠨᠢᠭᠲᠠᠴᠠ ᠶᠢ 100% ᠳᠤ ᠬᠦᠷᠦᠭᠦᠯᠪᠡᠯ ᠵᠣᠬᠢᠨ᠎ᠠ︔ ᠦᠬᠡᠷ ᠤᠨ ᠬᠥᠪᠰᠥᠭᠡᠷ ᠴᠢᠨᠠᠷᠲᠠᠶ ᠠᠷᠠᠰᠤᠨ ᠤ ᠡᠪᠡᠳᠴᠢᠨ᠂ ᠡᠯ᠎ᠡ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠶ ᠡᠷᠬᠢᠨ ᠲᠣᠭᠤᠷᠢᠨ ᠤ ᠭᠠᠵᠠᠷ ᠣᠷᠣᠨ ᠤ ᠲᠠᠷᠬᠠᠯᠲᠠ ᠶᠢᠨ ᠪᠠᠶᠢᠳᠠᠯ ᠢ ᠦᠨᠳᠦᠰᠦᠯᠡᠨ ᠦᠯᠦ ᠬᠠᠯᠳᠠᠭᠠᠬᠤ ᠶᠢ ᠥᠪᠡᠰᠦᠪᠡᠨ ᠲᠣᠭᠲᠠᠭᠠᠨ᠎ᠠ᠃      ︵ᠭᠤᠷᠪᠠ︶ ᠦᠯᠤ ᠬᠠᠯᠳᠠᠭᠠᠬᠤ ᠠᠮᠢᠳᠠᠨ ᠵᠢᠴᠢ ᠸᠠᠺᠼᠢᠨ ᠤ ᠳᠦᠷᠦᠯ ᠵᠦᠢᠯ      ᠰᠢᠯᠦᠬᠡᠶ ᠡᠪᠡᠳᠴᠢᠨ᠄ ᠪᠤᠶ ᠪᠦᠬᠦᠢ ᠦᠬᠡᠷ᠂ ᠬᠤᠨᠢ᠂ ᠲᠡᠮᠡᠭᠡ᠂ ᠪᠤᠭᠤ ᠳᠤ ᠰᠢᠯᠦᠬᠡᠶ ᠡᠪᠡᠳᠴᠢᠨ ᠤ O ᠬᠡᠯᠪᠡᠷᠢ ᠶᠢᠨ ᠬᠤᠶᠠᠷ ᠦᠨ᠎ᠡ ᠶᠢᠨ ᠢᠳᠡᠪᠬᠢ ᠥᠬᠡᠶᠢᠳᠡᠭᠦᠯᠬᠦ ᠸᠠᠺᠼᠢᠨ ᠢ ᠠᠯᠪᠠᠳᠠᠯᠭ᠎ᠠ ᠪᠠᠷ ᠦᠯᠦ ᠬᠠᠯᠳᠠᠭᠠᠯᠲᠠ ᠬᠢᠯᠭᠡᠨ᠎ᠡ︔ ᠪᠤᠶ ᠪᠦᠬᠦᠢ ᠭᠠᠭ᠋ᠠᠶ ᠳᠤ ᠭᠠᠭ᠋ᠠᠶ ᠶᠢᠨ ᠰᠢᠯᠦᠬᠡᠶ ᠡᠪᠡᠳᠴᠢᠨ ᠤ O ᠬᠡᠯᠪᠡᠷᠢ ᠶᠢᠨ ᠨᠡᠶᠢᠯᠡᠮᠡᠯ ᠫᠧᠫᠲ᠋ᠢᠳ᠋ ᠸᠠᠺᠼᠢᠨ ᠢ ᠬᠡᠷᠡᠭᠯᠡᠨ ᠠᠯᠪᠠᠳᠠᠯᠭ᠎ᠠ ᠪᠠᠷ ᠦᠯᠦ ᠬᠠᠯᠳᠠᠭᠠᠯᠲᠠ ᠬᠢᠯᠭᠡᠨ᠎ᠡ᠃      ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ᠄ ᠪᠤᠶ ᠪᠦᠬᠦᠢ ᠲᠠᠬᠢᠶ᠎ᠠ᠂ ᠨᠤᠭᠤᠰᠤ᠂ ᠭᠠᠯᠠᠭᠤ᠂ ᠪᠥᠳᠥᠨ᠎ᠡ ᠬᠠᠩᠭᠠᠬᠤ ᠰᠤᠳᠤᠯᠤᠯ ᠪᠣᠯᠤᠨ ᠸᠠᠺᠼᠢᠨ ᠤ ᠦᠢᠯᠡᠳᠪᠦᠷᠢᠯᠡᠯ ᠳᠤ ᠬᠡᠷᠡᠭᠯᠡᠬᠦ ᠭᠡᠷ ᠤᠨ ᠵᠢᠭᠦᠷᠲᠡᠨ᠂ ᠭᠠᠳᠠᠭᠠᠳᠤ ᠠᠴᠠ ᠣᠷᠣᠭᠤᠯᠬᠤ ᠤᠯᠤᠰ ︵ᠭᠠᠵᠠᠷ ᠣᠷᠣᠨ︶ ᠳᠤ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠤᠨ ᠦᠯᠦ ᠬᠠᠯᠳᠠᠭᠠᠯᠲᠠ ᠬᠢᠬᠦ ᠶᠢ ᠬᠡᠷᠡᠭᠵᠢᠭᠦᠯᠵᠦ ᠪᠣᠯᠬᠤ ᠦᠭᠡᠶ ᠭᠡᠵᠦ ᠲᠣᠳᠣᠷᠬᠠᠶ ᠱᠠᠭᠠᠷᠳᠠᠭᠰᠠᠨ ᠭᠠᠳᠠᠭᠠᠳᠤ ᠳᠤ ᠭᠠᠷᠭᠠᠬᠤ ᠭᠡᠷ ᠤᠨ ᠵᠢᠭᠦᠷᠲᠡᠨ ᠵᠢᠴᠢ ᠪᠤᠰᠤᠳ ᠣᠨᠴᠣᠭᠤᠶ ᠰᠢᠯᠲᠠᠭᠠᠨ ᠠᠴᠠ ᠪᠣᠯᠵᠤ ᠦᠯᠦ ᠬᠠᠯᠳᠠᠭᠠᠯᠲᠠ ᠬᠢᠬᠦ ᠦᠭᠡᠶ ᠪᠣᠯ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠠᠯᠪᠠᠳᠠᠯᠭ᠎ᠠ ᠪᠠᠷ ᠦᠯᠦ ᠬᠠᠯᠳᠠᠭᠠᠯᠲᠠ ᠬᠢᠯᠭᠡᠬᠦ ᠠᠷᠭ᠎ᠠ ᠠᠪᠴᠤ ᠪᠣᠯᠤᠨ᠎ᠠ᠃      ᠬᠡᠪᠢᠬᠦ ᠠᠮᠢᠲᠠᠨ ᠤ ᠬᠢᠵᠢᠭ᠄ ᠦᠯᠦ ᠬᠠᠯᠳᠠᠭᠠᠬᠤ ᠬᠠᠮᠠᠭᠠᠯᠠᠯᠲᠠ ᠶᠢᠨ ᠬᠤᠭᠤᠴᠠᠭᠠᠨ ᠳᠠᠬᠢ ᠬᠤᠨᠢᠨ ᠠᠴᠠ ᠭᠠᠳᠠᠨ᠎ᠠ᠂ ᠪᠤᠰᠤᠳ ᠪᠤᠶ ᠪᠦᠬᠦᠢ ᠬᠤᠨᠢᠨ ᠳᠤ ᠬᠡᠪᠢᠬᠦ ᠠᠮᠢᠲᠠᠨ ᠤ ᠬᠢᠵᠢᠭ ᠤᠨ ᠠᠮᠢᠳᠤ ᠸᠠᠺᠼᠢᠨ ᠪᠤᠶᠤ ᠬᠡᠪᠢᠭᠴᠢ ᠵᠢᠵᠢᠭ ᠠᠮᠢᠲᠠᠨ ᠤ ᠬᠢᠵᠢᠭ᠂ ᠬᠡᠭᠡᠷ᠎ᠡ ᠶᠢᠨ ᠴᠡᠴᠡᠭ ᠡᠪᠡᠳᠴᠢᠨ ᠤ ᠬᠤᠶᠠᠷ ᠤᠨ ᠠᠮᠢᠳᠤ ᠸᠠᠺᠼᠢᠨ ᠢ ᠬᠡᠷᠡᠭᠯᠡᠨ ᠦᠯᠦ ᠬᠠᠯᠳᠠᠭᠠᠨ᠎ᠠ᠃      ᠪᠷᠦ᠋ᠼᠧᠯ ᠡᠪᠡᠳᠴᠢᠨ᠄ ᠦᠷ᠎ᠡ ᠶᠢᠨ ᠮᠠᠯ ᠳᠤ ᠦᠯᠦ ᠬᠠᠯᠳᠠᠭᠠᠯᠲᠠ ᠬᠢᠬᠦ ᠶᠢ ᠴᠠᠭᠠᠵᠠᠯᠠᠨ᠎ᠠ︔ ᠰᠠᠭᠠᠯᠢ ᠶᠢᠨ ᠦᠨᠢᠶ᠎ᠡ ᠶᠢᠨ ᠦᠯᠦ ᠬᠠᠯᠳᠠᠭᠠᠯᠲᠠ ᠬᠢᠬᠦ ᠶᠢ ᠲᠣᠭᠲᠠᠭᠠᠯ ᠶᠣᠰᠣᠭᠠᠷ ᠲᠡᠵᠢᠭᠡᠨ ᠦᠷᠡᠵᠢᠭᠦᠯᠬᠦ ᠲᠠᠯᠠᠪᠠᠢ ᠶᠢᠨ ᠰᠦᠷᠦᠭ ᠢᠶᠠᠷ ᠨᠢᠭᠡᠴᠢ ᠪᠣᠯᠭᠠᠨ ᠱᠠᠲᠤ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠮᠡᠳᠡᠭᠦᠯᠦᠨ ᠳᠠᠩᠰᠠᠯᠠᠭᠤᠯᠵᠤ᠂ ᠰᠢᠨ᠎ᠡ ᠲᠥᠷᠥᠭᠰᠡᠨ ᠲᠤᠭᠤᠯ ᠳᠤ A19 ᠸᠠᠺᠼᠢᠨ ᠢ ᠬᠡᠷᠡᠭᠯᠡᠨ᠎ᠡ︔ ᠰᠢᠨ᠎ᠡ ᠲᠥᠷᠥᠭᠰᠡᠨ ᠬᠤᠷᠠᠭᠠᠨ ᠳᠤ ᠪᠷᠦ᠋ᠼᠧᠯ ᠡᠪᠡᠳᠴᠢᠨ ᠤ ᠭᠧᠨ ᠢᠶᠠᠷ ᠳᠤᠲᠠᠭᠳᠠᠭᠰᠠᠨ ᠸᠠᠺᠼᠢᠨ ︵M5 - 90     
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ