ᠡᠯ᠎ᠡ ᠪᠠᠯᠭᠠᠰᠤ᠂ ᠲᠠᠢ ᠶᠠᠩ ᠮᠢᠶᠣᠣ ᠲᠠᠷᠢᠶᠠᠯᠠᠩ ᠤᠨ ᠲᠠᠯᠠᠪᠠᠢ᠂ ᠬᠤᠰᠢᠭᠤᠨ ᠤ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠰᠢᠭᠤᠨ ᠤ ᠡᠯ᠎ᠡ ᠨᠢᠭᠡᠴᠡ | ᠪᠠᠶᠢᠭᠤᠯᠭ᠎ᠠ ᠳᠤ᠄ | ︽ᠣᠲᠣ ᠦᠶ᠎ᠡ ᠶᠢᠨ ᠳᠠᠭᠠᠳᠬᠠᠯ ᠤᠨ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠰᠠᠨᠠᠯ ᠤᠳ︾ ︵ᠲᠥᠷᠥ ᠲᠠᠷᠬᠠᠭᠠᠭᠰᠠᠨ ︹2014︺ 29 ᠳ᠋ᠤᠭᠡᠷ ᠲᠣᠭᠠᠲᠤ︶ ᠪᠠ ︽ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠢ ᠲᠦᠷᠭᠡᠳᠬᠡᠨ | ᠬᠥᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ | ︵ᠥᠪᠥᠷ ᠵᠠᠰᠠᠭ ᠠᠯᠪᠠᠨ ᠲᠠᠷᠬᠠᠭᠠᠭᠰᠠᠨ ︹2015︺ 72 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ 2025 | ᠣᠨ ᠤ ᠮᠠᠨ ᠤ ᠬᠤᠰᠢᠭᠤᠨ ᠤ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠡᠳᠦᠭᠡ | ᠬᠠᠮᠢᠶ᠎ᠠ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠳᠠᠭᠠᠳᠬᠠᠭᠤᠯᠬᠤ ᠡᠲᠡᠭᠡᠳ | ᠬᠠᠩᠭᠢᠨ ᠬᠤᠶᠢᠲᠤ ᠬᠤᠰᠢᠭᠤᠨ ᠳᠤ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ | ᠠᠵᠢᠯᠲᠠᠨ ᠠᠵᠢᠯᠴᠢᠨ ︵ᠠᠵᠢᠯ ᠠᠴᠠ ᠪᠠᠨ ᠠᠮᠠᠷᠠᠭᠰᠠᠳ ᠪᠠᠭᠲᠠᠨ᠎ᠠ︶ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠨᠢᠭᠡᠨᠲᠡ ᠣᠷᠣᠯᠴᠠᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ ︵ᠰᠤᠷᠭᠠᠭᠤᠯᠢ ᠳᠤ ᠪᠠᠶᠢᠭ᠎ᠠ ᠰᠣᠷᠣᠭᠴᠢ ᠪᠠ ᠰᠤᠷᠬᠤ ᠨᠠᠰᠤᠨ ᠠᠴᠠ ᠡᠮᠦᠨᠡᠬᠢ | ᠬᠡᠤᠬᠡᠳ ᠢ ᠪᠠᠭᠲᠠᠭᠠᠨ᠎ᠠ︶᠃ | ᠬᠤᠶᠠᠷ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠪᠠᠷᠢᠮᠵᠢᠶ᠎ᠠ | 1. ᠬᠤᠲᠠ ᠬᠥᠳᠡᠭᠡ ᠶᠢᠨ ᠰᠠᠭᠤᠭᠠᠯᠢ ᠠᠷᠠᠳ᠂ ᠠᠮᠢᠳᠤᠯᠢᠭ ᠢᠶᠠᠷ ᠠᠵᠢᠯ ᠣᠯᠤᠭᠰᠠᠳ ᠬᠥᠮᠦᠨ ᠪᠦᠷᠢ 100 ᠲᠥᠭᠦᠷᠢᠭ᠂ ᠡᠯ᠎ᠡ ᠪᠠᠯᠭᠠᠰᠤ ᠠᠴᠠ | ᠵᠣᠬᠢᠶᠠᠨ ᠪᠠᠶᠢᠭᠤᠯᠤᠨ ᠲᠤᠰᠢᠶᠠᠵᠤ᠂ ᠳᠠᠭᠠᠳᠬᠠᠯ ᠳᠤ ᠣᠷᠣᠬᠤ ᠨᠣᠷᠮ᠎ᠠ ᠶᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠬᠤ ᠬᠥᠮᠦᠨ ᠤ ᠲᠤᠭ᠎ᠠ ᠶᠢᠨ 55% ᠠᠴᠠ ᠳᠡᠭᠡᠭᠰᠢ ᠳᠤ ᠬᠦᠷᠦᠭᠦᠯᠦᠨ᠎ᠡ᠃ | 2. ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠪᠦᠷᠢ ᠳᠤ 100 ᠲᠥᠭᠦᠷᠢᠭ ᠥᠭᠴᠦ᠂ ᠪᠠᠶᠢᠭ᠎ᠠ ᠨᠢᠭᠡᠴᠢ ᠠᠴᠠ ᠨᠢ ᠺᠠᠳ᠋ᠷ ᠠᠵᠢᠯᠲᠠᠨ ᠢ ᠵᠣᠬᠢᠶᠠᠨ | ᠪᠠᠶᠢᠭᠤᠯᠵᠤ 100% ᠪᠠᠷ ᠲᠤᠰᠢᠶᠠᠨ᠎ᠠ᠃ | 3. ᠰᠤᠷᠤᠭᠴᠢ ᠪᠦᠬᠦᠨ 100 ᠲᠥᠭᠦᠷᠢᠭ᠂ ᠭᠡᠷ ᠤᠨ ᠠᠬᠠᠮᠠᠳ ᠨᠢ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠲᠤ ᠪᠠᠨ ᠲᠤᠰᠢᠶᠠᠨ᠎ᠠ᠃ | ᠭᠤᠷᠪᠠ᠂ ᠳᠠᠭᠠᠳᠬᠠᠭᠤᠯᠬᠤ ᠬᠤᠭᠤᠴᠠᠭ᠎ᠠ | ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ ᠴᠠᠭ ᠢ 2024 ᠣᠨ ᠤ 9 ᠰᠠᠷ᠎ᠠ ᠶᠢᠨ 20 ᠤ ᠡᠳᠦᠷ ᠠᠴᠠ ᠡᠬᠢᠯᠡᠭᠦᠯᠵᠦ᠂ 2024 ᠣᠨ ᠤ | 12 ᠰᠠᠷ᠎ᠠ ᠶᠢᠨ 31 ᠤ ᠡᠳᠦᠷ ᠳᠠᠭᠤᠰᠬᠠᠨ᠎ᠠ᠃ ᠳᠠᠭᠠᠳᠬᠠᠯ ᠤᠨ ᠬᠤᠭᠤᠴᠠᠭ᠎ᠠ ᠨᠢ 2025 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ | 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠳᠠᠭᠤᠰᠤᠨ᠎ᠠ᠃ | ᠳᠥᠷᠪᠡ᠂ ᠰᠦᠢᠳᠭᠡᠯ ᠲᠤᠰᠢᠶᠠᠬᠤ ᠬᠠᠶᠢᠭ | 1. ᠬᠤᠲᠠ ᠬᠥᠳᠡᠭᠡ ᠶᠢᠨ ᠰᠠᠭᠤᠭᠠᠯᠢ ᠠᠷᠠᠳ ᠡᠯ᠎ᠡ ᠪᠠᠯᠭᠠᠰᠤᠨ ᠤ ᠡᠮ ᠡᠮᠨᠡᠯᠭᠡ ᠶᠢᠨ ᠳᠠᠭᠠᠳᠬᠠᠯ ᠤᠨ ᠠᠯᠪᠠᠨ ᠭᠡᠷ ᠪᠣᠯᠤᠨ ᠦᠨᠳᠦᠰᠦᠨ ᠱᠠᠲᠤᠨ ᠤ ᠡᠮ | ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ᠴᠡᠭ ᠲᠤ ᠲᠤᠰᠢᠶᠠᠨ᠎ᠠ᠃ | 2. ᠠᠮᠢᠳᠤᠯᠢᠭ ᠢᠶᠠᠷ ᠠᠵᠢᠯ ᠣᠯᠤᠭᠰᠠᠳ ᠱᠠᠮᠪᠠ ᠶᠢᠨ ᠭᠠᠶᠢᠯᠢ ᠶᠢᠨ ᠶᠠᠪᠤᠳᠠᠯ ᠤᠨ ᠬᠤᠪᠢᠶᠠᠷᠢ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠶᠡᠭᠡ | ᠲᠢᠩᠬᠢᠮ ︵ᠤᠤᠯ ᠤᠨ ᠤᠯᠤᠰ ᠤᠨ ᠭᠠᠶᠢᠯᠢ ᠶᠢᠨ ᠶᠡᠭᠡ ᠲᠢᠩᠬᠢᠮ︶᠂ ᠡᠯ᠎ᠡ ᠪᠠᠯᠭᠠᠰᠤ ᠪᠤᠶᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ 35 ᠳ᠋ᠤᠭᠠᠷ | ᠴᠣᠩᠬᠤᠨ ᠳᠤ ᠲᠤᠰᠢᠶᠠᠨ᠎ᠠ᠃ | 3. ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠢ ᠪᠠᠶᠢᠭᠤᠯᠭ᠎ᠠ ᠨᠢᠭᠡᠴᠢ ᠨᠢᠭᠡᠳᠦᠯᠲᠡᠶ ᠬᠤᠷᠢᠶᠠᠭᠰᠠᠨ ᠤ ᠳᠠᠷᠠᠭ᠎ᠠ ᠳᠠᠭᠠᠳᠬᠠᠯ ᠤᠨ ᠺᠣᠮᠫᠠᠨᠢ ᠬᠤᠷᠢᠶᠠᠨ | ᠠᠪᠤᠨ᠎ᠠ᠃ | ᠲᠠᠪᠤ᠂ ᠳᠠᠭᠠᠳᠬᠠᠯ ᠬᠠᠷᠢᠭᠤᠴᠠᠭᠰᠠᠨ ᠳᠠᠭᠠᠳᠬᠠᠯ ᠤᠨ ᠺᠣᠮᠫᠠᠨᠢ | 2025 ᠣᠨ ᠤ ᠦᠨᠳᠦᠰᠦᠨ ᠵᠦᠢᠯ ᠢ ᠪᠠᠲᠤᠯᠠᠬᠤ ᠡᠮ ᠡᠮᠨᠡᠯᠭᠡ ᠶᠢᠨ ᠳᠠᠭᠠᠳᠬᠠᠯ ᠢ ᠰᠢᠨᠬᠤᠸᠠ ᠠᠮᠢ ᠨᠠᠰᠤᠨ ᠤ ᠳᠠᠭᠠᠳᠬᠠᠯ ᠤᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠪᠠᠶᠠᠨᠨᠠᠭᠤᠷ ᠤᠨ ᠲᠥᠪ ᠰᠠᠯᠪᠤᠷᠢ ᠺᠣᠮᠫᠠᠨᠢ ᠶᠢᠨ ᠬᠠᠩᠭᠢᠨ ᠬᠤᠶᠢᠲᠤ ᠬᠤᠰᠢᠭᠤᠨ ᠤ ᠰᠠᠯᠪᠤᠷᠢ ᠺᠣᠮᠫᠠᠨᠢ ᠶᠢᠨ ᠳᠠᠭᠠᠳᠬᠠᠯ | ᠳᠠᠭᠠᠭᠠᠴᠢᠯᠠᠨ ᠡᠵᠡᠩᠨᠡᠨ᠎ᠡ᠃ ᠬᠠᠷᠢᠯᠴᠠᠬᠤ ᠬᠥᠮᠦᠨ᠄ ᠮᠠ ᠵᠢᠶᠠᠨ ᠵᠢᠶᠦ᠋ᠨ᠂ ᠤᠲᠠᠰᠤ᠄ 16604882666᠃ | ᠪᠥᠬᠦ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠠᠵᠢᠯ ᠢ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠲᠦᠷᠦᠭᠦᠯᠡᠨ᠂ ᠡᠯ᠎ᠡ ᠪᠠᠯᠭᠠᠰᠤ᠂ ᠲᠠᠢ | ᠶᠠᠩ ᠮᠢᠶᠣᠣ ᠲᠠᠷᠢᠶᠠᠯᠠᠩ ᠤᠨ ᠲᠠᠯᠠᠪᠠᠶ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠭᠤᠤᠯ ᠬᠠᠷᠢᠭᠤᠴᠠᠯᠭᠠᠲᠠᠨ ᠠᠵᠢᠯ ᠤᠨ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠵᠦ᠂ ᠲᠣᠭᠲᠠᠭᠰᠠᠨ ᠴᠠᠭ ᠤᠨ ᠳᠣᠲᠣᠷ᠎ᠠ ᠲᠣᠰ ᠬᠠᠷᠢᠶ᠎ᠠ ᠣᠷᠣᠨ᠂ ᠲᠣᠰ ᠰᠠᠯᠠᠭ᠎ᠠ ᠮᠥᠴᠢᠷ ᠤᠨ ᠢᠶᠠᠨ ᠦᠨᠳᠦᠰᠦᠨ | ᠵᠦᠢᠯ ᠢ ᠪᠠᠲᠤᠯᠠᠬᠤ ᠡᠮ ᠡᠮᠨᠡᠯᠭᠡ ᠶᠢᠨ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠠᠵᠢᠯ ᠢ ᠰᠠᠶᠢᠲᠤᠷ ᠬᠢᠵᠦ᠂ ᠮᠠᠨ ᠤ ᠬᠤᠰᠢᠭᠤᠨ ᠤ ᠡᠮ ᠡᠮᠨᠡᠯᠭᠡ ᠶᠢᠨ | ᠳᠠᠭᠠᠳᠬᠠᠯ ᠪᠠ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢ ᠪᠦᠲᠦᠮᠵᠢᠲᠡᠶ | ᠤᠶᠠᠯᠳᠤᠭᠤᠯᠬᠤ ᠶᠢ ᠪᠠᠲᠤᠯᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠪᠠ ᠠᠵᠢᠯᠲᠠᠨ ᠠᠵᠢᠯᠴᠢᠨ ᠤ ᠡᠪᠡᠳᠴᠢᠨ ᠠᠴᠠ ᠪᠣᠯᠵᠣ ᠶᠠᠳᠠᠭᠤᠷᠠᠬᠤ ᠪᠠ ᠳᠠᠬᠢᠨ | ᠶᠠᠳᠠᠭᠤᠷᠠᠬᠤ ᠲᠦᠭᠰᠢᠭᠦᠷᠢ ᠶᠢᠨ ᠳᠠᠯᠳᠠ ᠬᠡᠮ ᠢ ᠦᠨᠡᠨ ᠬᠦ ᠪᠠᠭᠤᠷᠠᠭᠤᠯᠬᠤ ᠬᠡᠷᠡᠭᠲᠡᠶ᠃ |