ᠬᠠᠩᠭᠢᠨ ᠬᠤᠶᠢᠲᠤ ᠬᠤᠰᠢᠭᠤᠨ ᠤ 2024 ᠣᠨ ᠤ ᠲᠦᠷᠦᠭᠦᠤ ᠭᠤᠷᠪᠠᠨ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/11/5
      ᠲᠦᠷᠦᠭᠦᠤ ᠭᠤᠷᠪᠠᠨ ᠤᠯᠠᠷᠢᠯ ᠳᠤ᠂ ᠬᠠᠩᠭᠢᠨ ᠬᠤᠶᠢᠲᠤ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 87.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.7% ︵ᠲᠣᠭᠲᠠᠮᠠᠯ ᠪᠤᠰᠤ ᠦᠨ᠎ᠡ ᠶᠢᠨ ᠨᠡᠮᠡᠭᠳᠡᠯ ᠤᠨ ᠬᠤᠷᠳᠤᠴᠠ︶ ᠨᠡᠮᠡᠭᠳᠡᠪᠡ᠃ ᠡᠭᠦᠨ ᠳᠤ ᠨᠢᠭᠡᠳᠦᠭᠡᠷ ᠠᠵᠤ ᠦᠢᠯᠡᠰ 25.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.9% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ 19.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.1% ᠪᠠᠷ ᠪᠠᠭᠤᠷᠠᠪᠠ︔ ᠭᠤᠷᠪᠠᠳᠤᠭᠠᠷ ᠠᠵᠤ ᠦᠢᠯᠡᠰ 43.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠨᠡᠮᠡᠭᠳᠡᠪᠡ᠃ 5.2%᠃ ᠭᠤᠷᠪᠠᠨ ᠠᠵᠤ ᠦᠢᠯᠡᠰ ᠤᠨ ᠪᠦᠲᠦᠴᠡ 28.7᠄ 22.3᠄ 49.0 ᠪᠣᠯᠪᠠ᠃      ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.6% ᠪᠠᠷ ᠪᠠᠭᠤᠷᠠᠵᠤ᠂ ᠭᠤᠷᠪᠠᠨ ᠲᠥᠷᠥᠯ ᠠᠴᠠ ᠦᠵᠡᠪᠡᠯ᠂ ᠠᠭᠤᠷᠬᠠᠶ ᠮᠠᠯᠲᠠᠬᠤ ᠦᠶ᠋ᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 60.3% ᠪᠠᠷ ᠪᠠᠭᠤᠷᠠᠪᠠ︔ ᠦᠶ᠋ᠯᠡᠳᠬᠦ ᠦᠶ᠋ᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 1.2% ᠢᠶᠠᠷ ᠨᠡᠮᠡᠭᠳᠡᠪᠡ︔ ᠴᠠᠬᠢᠯᠭᠠᠨ ᠬᠦᠴᠦᠨ ᠢᠯᠴᠢ ᠶᠢᠨ ᠬᠦᠴᠦᠨ ᠤ ᠦᠶ᠋ᠯᠡᠳᠪᠦᠷᠢᠯᠡᠯ ᠪᠠ ᠬᠠᠩᠭᠠᠯᠭ᠎ᠠ ᠶᠢᠨ ᠦᠶ᠋ᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 16.1% ᠪᠠᠷ ᠪᠠᠭᠤᠷᠠᠪᠠ᠃      ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 20.9 % ᠪᠠᠷ ᠨᠡᠮᠡᠭᠳᠡᠵᠦ᠂ ᠡᠭᠦᠨ ᠳᠤ᠂ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠠᠳᠠᠯᠢ ᠬᠤᠭᠤᠴᠠᠭᠠᠨ ᠤ ᠬᠢ ᠠᠴᠠ 10.9 % ᠪᠠᠷ ᠨᠡᠮᠡᠭᠳᠡᠵᠦ᠂ 500 ᠲᠦᠮᠡᠨ - 5000 ᠲᠦᠮᠡᠨ ᠲᠥᠭᠦᠷᠢᠭ ᠤᠨ ᠲᠥᠷᠥᠯ ᠵᠦᠢᠯ ᠠᠳᠠᠯᠢ ᠬᠤᠭᠤᠴᠠᠭᠠᠨ ᠤ ᠬᠢ ᠠᠴᠠ 19.1 % ᠪᠠᠷ ᠨᠡᠮᠡᠭᠳᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠠᠳᠠᠯᠢ ᠬᠤᠭᠤᠴᠠᠭᠠᠨ ᠤ ᠬᠢ ᠠᠴᠠ 395.8 % ᠪᠠᠷ ᠨᠡᠮᠡᠭᠳᠡᠪᠡ᠃      ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 19.6 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.3% ᠨᠡᠮᠡᠭᠳᠡᠪᠡ᠃      ᠪᠦᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠣᠷᠣᠯᠭ᠎ᠠ 27615 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1684 ᠲᠦᠮᠡᠨ ᠲᠥᠭᠦᠷᠢᠭ ᠨᠡᠮᠡᠭᠳᠡᠵᠦ᠂ 6.5% ᠪᠠᠷ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠵᠠᠷᠤᠯᠭ᠎ᠠ 22.06 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2.81 ᠳ᠋ᠦᠩᠰᠢᠭᠤᠷ ᠲᠥᠭᠦᠷᠢᠭ ᠪᠠᠭᠠᠰᠴᠤ᠂ 11.3% ᠪᠠᠷ ᠪᠠᠭᠤᠷᠠᠪᠠ᠃      ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 25753 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.2 % ᠢᠶᠠᠷ ᠨᠡᠮᠡᠭᠳᠡᠪᠡ᠃ ᠡᠭᠦᠨ ᠳᠤ᠄ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 32555 ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.6% ᠪᠠᠷ ᠨᠡᠮᠡᠭᠳᠡᠪᠡ︔ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 18247 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.0% ᠪᠠᠷ ᠨᠡᠮᠡᠭᠳᠡᠪᠡ᠃      ᠪᠦᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 79168 ᠲᠦᠮᠡᠨ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.0% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠰᠠᠷ᠎ᠠ ᠶᠢᠨ ᠬᠢ ᠠᠴᠠ 5.2 ᠵᠠᠭᠤᠨ ᠤ ᠴᠡᠭ ᠪᠠᠭᠤᠷᠠᠪᠠ᠃ ᠪᠥᠬᠦ ᠠᠵᠢᠯ ᠲᠥᠷᠥᠯ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 67268 ᠲᠦᠮᠡᠨ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.7% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠰᠠᠷ᠎ᠠ ᠶᠢᠨ ᠬᠢ ᠠᠴᠠ 5.1 ᠵᠠᠭᠤᠨ ᠤ ᠨᠢᠭᠡᠴᠢ ᠪᠠᠭᠤᠷᠠᠪᠠ︔ ᠡᠭᠦᠨ ᠳᠤ ᠨᠢᠭᠡᠳᠦᠭᠡᠷ ᠠᠵᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 10330 ᠲᠦᠮᠡᠨ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 59.7% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 44582 ᠲᠦᠮᠡᠨ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.2% ᠢᠶᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 12356 ᠲᠦᠮᠡᠨ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.4% ᠪᠠᠷ ᠨᠡᠮᠡᠭᠳᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 11900 ᠲᠦᠮᠡᠨ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.8% ᠪᠠᠷ ᠪᠠᠭᠤᠷᠠᠵᠤ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠰᠠᠷ᠎ᠠ ᠶᠢᠨ ᠬᠢ ᠠᠴᠠ 0.2 ᠵᠠᠭᠤᠨ ᠤ ᠨᠢᠭᠡᠴᠢ ᠪᠠᠭᠤᠷᠠᠪᠠ᠃ ᠡᠭᠦᠨ ᠳᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠴᠠᠬᠢᠯᠭᠠᠨ ᠤ ᠬᠡᠮᠵᠢᠶ᠎ᠡ 73141 ᠲᠦᠮᠡᠨ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.2% ᠪᠠᠭᠤᠷᠠᠵᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠴᠠᠬᠢᠯᠭᠠᠨ ᠤ ᠬᠡᠮᠵᠢᠶ᠎ᠡ 4586 ᠲᠦᠮᠡᠨ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.2% ᠪᠠᠭᠤᠷᠠᠪᠠ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ