ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢᠨ ᠳᠡᠮᠵᠢᠯᠭᠡ ᠶᠢ ᠴᠢᠩᠭᠠᠳᠬᠠᠵᠤ ᠣᠷᠣᠨ ᠤ ᠲᠥᠪ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠠᠬᠤᠢ ᠶᠢᠨ ᠬᠥᠭᠵᠢᠯᠲᠡ ᠳᠤ ᠡᠨᠧᠷᠭᠢ ᠣᠯᠭᠤᠶ᠎ᠠ
ᠨᠡᠶᠢᠲᠡᠯᠡᠭᠰᠡᠨ ᠴᠠᠭ᠄
2024/11/6
6386097043659036121191032.jpg
ᠵᠣᠴᠢᠨ᠄       ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠥᠷᠪᠡᠳᠦᠭᠡᠷ ᠲᠡᠰ ᠤᠨ ᠪᠠᠶᠢᠴᠠᠭᠠᠨ ᠰᠤᠳᠤᠯᠤᠭᠴᠢ ᠸᠠᠩ ᠵᠧᠨ ᠵᠢᠶᠠᠩ᠂ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠰᠠᠯᠠᠭᠠᠨ ᠤ ᠳᠡᠳ᠋ ᠰᠠᠯᠠᠭᠠᠨ ᠳᠠᠷᠤᠭ᠎ᠠ ᠵᠤ᠋ ᠵᠢᠶᠧ ᠰᠤᠷᠪᠤᠯᠵᠢᠯᠠᠭᠰᠠᠨ ᠴᠠᠭ᠄ 2024 ᠣᠨ ᠤ 8 ᠳ᠋ᠤᠭᠠᠷ ᠰᠠᠷ᠎ᠠ ᠶᠢᠨ 28 ᠤ ᠡᠳᠦᠷ ᠬᠠᠮᠢᠶᠠᠷᠤᠭᠴᠢ᠄       ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠨᠠᠶᠢᠵᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ ᠦᠵᠡᠯ ᠪᠣᠳᠤᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠨᠠᠶᠢᠵᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠬᠥᠲᠥᠯᠥᠭᠴᠢ᠄       ᠵᠢᠭᠤᠯᠴᠢᠯᠠᠯ ᠤᠨ ᠦᠢᠯᠡᠰ ᠪᠣᠯ ᠰᠢᠨ᠎ᠡ ᠪᠠᠷ ᠬᠥᠭᠵᠢᠭᠰᠡᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠤᠯᠭᠠᠭᠤᠷᠢᠯᠠᠬᠤ ᠠᠵᠤ ᠦᠢᠯᠡᠰ ᠮᠥᠨ᠂ ᠪᠠᠰᠠ ᠴᠤ ᠴᠠᠭ ᠦᠶ᠎ᠡ ᠶᠢᠨ ᠢᠯᠡᠳᠲᠡ ᠣᠨᠴᠠᠯᠢᠭ ᠲᠠᠢ ᠠᠷᠠᠳ ᠤᠨ ᠠᠮᠢᠳᠤᠷᠠᠯ ᠤᠨ ᠠᠵᠤ ᠦᠢᠯᠡᠰ᠂ ᠵᠣᠯ ᠵᠢᠷᠭᠠᠯᠲᠤ ᠠᠵᠤ ᠦᠢᠯᠡᠰ ᠮᠥᠨ᠃ ᠮᠠᠨ ᠤ ᠤᠯᠤᠰ ᠤᠨ ᠵᠢᠭᠤᠯᠴᠢᠯᠠᠯ ᠤᠨ ᠬᠥᠭᠵᠢᠯᠲᠡ ᠲᠦᠷᠭᠡᠨ ᠤ ᠵᠠᠮ ᠳᠤ ᠣᠷᠣᠵᠤ᠂ ᠪᠦᠬᠦ ᠳᠡᠯᠡᠬᠡᠢ ᠶᠢᠨ ᠬᠠᠮᠤᠭ ᠤᠨ ᠲᠣᠮᠣ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠪᠣᠢ ᠪᠣᠯᠭᠠᠪᠠ᠃ ᠬᠥᠬᠡᠬᠤᠲᠠ ᠨᠢ ᠥᠪᠡᠷᠲᠡᠭᠡᠨ ᠵᠠᠰᠠᠬᠤ ᠣᠷᠣᠨ ᠤ ᠲᠥᠪ ᠬᠤᠲᠠ ᠪᠣᠯᠤᠭᠰᠠᠨ ᠤ ᠬᠤᠪᠢ ᠳᠤ ᠵᠢᠭᠤᠯᠴᠢᠯᠠᠯ ᠤᠨ ᠬᠥᠭᠵᠢᠯᠲᠡ ᠳᠤ ᠰᠢᠨ᠎ᠡ ᠠᠵᠠ ᠵᠠᠪᠰᠢᠶᠠᠨ ᠲᠤᠬᠢᠶᠠᠯᠳᠤᠵᠤ ᠪᠠᠢᠨ᠎ᠠ᠃       ᠥᠨᠥᠳᠦᠷ ᠪᠢᠳᠡ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠸᠠᠩ ᠵᠧᠨ ᠵᠢᠶᠠᠩ᠂ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠰᠠᠯᠠᠭᠠᠨ ᠤ ᠳᠡᠳ᠋ ᠳᠠᠷᠤᠭ᠎ᠠ ᠵᠦ ᠵᠢᠶᠧ ᠶᠢ ᠣᠨᠴᠠᠭᠠᠶᠢᠯᠠᠨ ᠤᠷᠢᠵᠤ᠂ ︽ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢᠨ ᠳᠡᠮᠵᠢᠯᠭᠡ ᠶᠢ ᠴᠢᠩᠭᠠᠳᠬᠠᠵᠤ ᠣᠷᠣᠨ ᠤ ᠲᠥᠪ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠠᠬᠤᠶ ᠶᠢᠨ ᠬᠥᠭᠵᠢᠯᠲᠡ ᠳᠤ ᠡᠨᠧᠷᠭᠢ ᠣᠯᠭᠤᠶ᠎ᠠ︾ ᠭᠡᠬᠦ ᠰᠡᠳᠦᠪ ᠤᠨ ᠲᠣᠭᠤᠷᠢᠨ ᠳᠤ ᠣᠯᠠᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠶ᠎ᠠ᠃     ᠣᠶᠢᠷ᠎ᠠ ᠶᠢᠨ ᠵᠢᠯ ᠳᠤ᠂ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠵᠢᠭᠤᠯᠴᠢᠯᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠠᠨ ᠤ ᠬᠤᠲᠠ ᠶᠢᠨ ᠵᠢᠭᠤᠯᠴᠢᠯᠠᠯ ᠤᠨ ᠬᠥᠭᠵᠢᠯᠲᠡ ᠲᠦᠷᠭᠡᠨ ᠤ ᠵᠠᠮ ᠳᠤ ᠣᠷᠣᠪᠠ᠃ ᠣᠯᠠᠨ ᠳᠤ ᠮᠠᠨ ᠤ ᠬᠤᠲᠠ ᠶᠢᠨ ᠡᠳ᠋ ᠤᠨ ᠵᠠᠰᠠᠭ ᠠᠴᠠ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠳᠡᠮᠵᠢᠭᠰᠡᠨ ᠶᠡᠷᠦᠩᠬᠡᠶ ᠪᠠᠶᠢᠳᠠᠯ ᠢ ᠲᠠᠨᠢᠯᠴᠠᠭᠤᠯᠵᠤ ᠥᠭᠭᠦᠭᠡᠴᠢ᠃ ᠸᠠᠩ ᠵᠧᠨ ᠵᠢᠶᠠᠩ᠄       ᠣᠶᠢᠷ᠎ᠠ ᠶᠢᠨ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠪᠠᠢᠷᠢᠯᠠᠭᠤᠯᠤᠯᠲᠠ ᠶᠣᠰᠣᠭᠠᠷ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ︽ᠵᠢᠭᠤᠯᠴᠢᠯᠠᠬᠤ ᠳᠤ ᠲᠣᠬᠢᠷᠠᠮᠵᠢᠲᠠᠢ︾ ᠬᠤᠲᠠ ᠶᠢᠨ ᠲᠥᠯᠥᠪᠵᠢᠭᠦᠯᠭᠡ ᠳᠤ ᠠᠩᠬᠠᠷᠤᠯ ᠢᠶᠠᠨ ᠲᠥᠪᠯᠡᠷᠡᠭᠦᠯᠵᠦ ᠂ ᠡᠳ᠋ ᠤᠨ ᠵᠠᠰᠠᠭ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠣᠯᠠᠨ ᠨᠡᠢᠲᠡ ᠶᠢᠨ ᠰᠣᠶᠣᠯ ᠤᠨ ᠦᠢᠯᠡᠴᠢᠯᠡᠭᠡᠨ ᠳᠠᠬᠢ ᠡᠳ᠋ ᠤᠨ ᠵᠠᠰᠠᠭ ᠤᠨ ᠪᠠᠲᠤᠯᠠᠭ᠎ᠠ ᠶᠢᠨ ᠲᠣᠭᠲᠠᠴᠠ ᠶᠢ ᠴᠢᠷᠮᠠᠶᠢᠨ ᠲᠡᠭᠦᠯᠳᠡᠷᠵᠢᠭᠦᠯᠵᠦ᠂ ᠰᠣᠶᠣᠯ ᠤᠨ ᠬᠦᠷᠢᠶᠡᠨ ᠤ ᠲᠤᠰᠬᠠᠢ ᠪᠡᠯᠡ ᠮᠥᠩᠭᠦ ᠶᠢᠨ ᠵᠠᠷᠤᠯᠭ᠎ᠠ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠠᠢᠲᠤᠷ ᠨᠠᠢᠳᠠᠪᠤᠷᠢᠵᠢᠭᠤᠯᠵᠤ᠂ ᠤᠳᠬ᠎ᠠ ᠵᠣᠬᠢᠶᠠᠯ ᠤᠷᠠᠯᠢᠭ ᠤᠨ ᠦᠢᠯᠡᠰ ᠤᠨ ᠬᠥᠭᠵᠢᠯᠲᠡ ᠶᠢ ᠳᠡᠮᠵᠢᠬᠦ ᠵᠡᠷᠭᠡ ᠲᠠᠯ᠎ᠠ ᠪᠠᠷ ᠬᠦᠴᠦ ᠲᠠᠯᠪᠢᠵᠤ᠂ ︽ᠵᠢᠭᠤᠯᠴᠢᠯᠠᠯ ᠢᠶᠠᠷ ᠬᠤᠲᠠ ᠪᠠᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠬᠡᠬᠤᠲᠠ ᠶᠢᠨ ᠪᠣᠳᠠᠲᠠᠢ ᠪᠠᠶᠢᠳᠠᠯ ᠳᠤ ᠲᠦᠰᠢᠭᠯᠡᠨ ︽ᠵᠢᠭᠤᠯᠴᠢᠯᠠᠯ +︾ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠪᠠ᠃      ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠳᠤ᠄ ︽ᠵᠢᠭᠤᠯᠴᠢᠯᠠᠯ ᠨᠢ ᠳᠤᠮᠳᠠᠳᠤ ᠶᠢᠨ ᠰᠣᠶᠣᠯ ᠢ ᠤᠯᠠᠮᠵᠢᠯᠠᠨ ᠪᠠᠳᠠᠷᠠᠭᠤᠯᠬᠤ ᠴᠢᠬᠤᠯᠠ ᠠᠴᠢᠶᠠᠯᠠᠪᠤᠷᠢ ᠪᠣᠯᠪᠠ︾ ︽ᠰᠣᠶᠣᠯ ᠪᠠ ᠵᠢᠭᠤᠯᠴᠢᠯᠠᠯ ᠤᠨ ᠦᠢᠯᠡᠰ ᠤᠨ ᠡᠵᠡᠩᠨᠡᠯᠲᠡ ᠶᠢᠨ ᠪᠠᠶᠢᠳᠠᠯ ᠤᠨ ᠠᠭᠤᠰᠤᠯᠴᠠᠯ᠂ ᠦᠢᠯᠡᠳᠬᠦᠨ ᠤ ᠠᠭᠤᠰᠤᠯᠴᠠᠯ᠂ ᠵᠠᠬ᠎ᠠ ᠳᠡᠯᠭᠡᠭᠦᠷ ᠤᠨ ᠠᠭᠤᠰᠤᠯᠴᠠᠯ᠂ ᠦᠢᠯᠡᠴᠢᠯᠡᠭᠡᠨ ᠤ ᠠᠭᠤᠰᠤᠯᠴᠠᠯ ᠢ ᠴᠢᠩᠭᠠᠳᠬᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠬᠥᠭᠵᠢᠯᠲᠡ ᠶᠢᠨ ᠬᠠᠮᠲᠤᠷᠠᠯ ᠬᠦᠴᠦᠨ ᠢ ᠪᠦᠷᠢᠯᠳᠦᠭᠦᠯᠪᠡ︾ ᠭᠡᠵᠦ ᠳᠤᠷᠠᠳᠪᠠ᠃       2023 ᠣᠨ ᠳᠤ᠂ ᠬᠥᠬᠡᠬᠤᠲᠠ ᠤᠯᠤᠰ ᠤᠨ ᠳᠣᠲᠣᠭᠠᠳᠤ ᠶᠢᠨ ᠵᠢᠭᠤᠯᠴᠢᠳ ᠢ 5058.10 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠢ ᠣᠷᠣᠯᠭ᠎ᠠ 773 ᠳ᠋ᠦᠩᠰᠢᠭᠤᠷ ᠲᠥᠭᠦᠷᠢᠭ ᠬᠦᠷᠴᠡᠢ᠃ ᠳᠡᠭᠡᠷ᠎ᠡ ᠬᠠᠭᠠᠰ ᠵᠢᠯ ᠳᠤ ᠤᠯᠤᠰ ᠤᠨ ᠳᠣᠲᠣᠭᠠᠳᠤ ᠶᠢᠨ ᠵᠢᠭᠤᠯᠴᠢᠳ  ᠢ ᠨᠡᠶᠢᠲᠡ 2741.4 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠶ ᠣᠷᠣᠯᠭ᠎ᠠ 341.49 ᠳ᠋ᠦᠩᠰᠢᠭᠤᠷ ᠲᠥᠭᠦᠷᠢᠭ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 22.12% ᠢᠶᠠᠷ ᠨᠡᠮᠡᠭᠳᠡᠪᠡ᠃       ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠵᠢᠭᠤᠯᠴᠢᠯᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠥᠭᠵᠢᠯᠲᠡ ᠶᠢᠨ ᠠᠯᠬᠤᠴᠠ ᠶᠢ ᠠᠯᠳᠠᠯ ᠦᠭᠡᠢ ᠳᠠᠭᠠᠵᠤ᠂ ᠣᠷᠣᠨ ᠤ ᠲᠥᠪ ᠬᠤᠲᠠ ᠶᠢᠨ ᠰᠣᠶᠣᠯ ᠪᠠ ᠵᠢᠭᠤᠯᠴᠢᠯᠠᠯ ᠤᠨ ᠠᠭᠤᠰᠤᠯᠴᠠᠭᠰᠠᠨ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠴᠥᠭᠡᠨ ᠲᠣᠭᠠᠲᠤ ᠦᠨᠳᠦᠰᠦᠲᠡᠨ ᠤ ᠬᠢᠯᠢ ᠬᠢᠵᠠᠭᠠᠷ ᠣᠷᠣᠨ ᠳᠤ ︽ᠬᠤᠷᠳᠤᠳᠬᠠᠯ︾ ᠭᠠᠷᠭᠠᠵᠤ᠂ ᠠᠷᠠᠳ ᠣᠯᠠᠨ ᠳᠤ ᠪᠠᠶᠢᠭᠠᠯᠢ ᠶᠢᠨ ᠭᠤᠸ᠎ᠠ ᠰᠠᠶᠢᠬᠠᠨ ᠢ ᠣᠶᠢᠯᠠᠭᠠᠭᠤᠯᠬᠤ ᠳᠤᠮᠳᠠ ᠰᠣᠶᠣᠯ ᠤᠨ ᠭᠤᠸ᠎ᠠ ᠰᠠᠶᠢᠬᠠᠨ ᠢ ᠮᠡᠳᠡᠷᠡᠭᠦᠯᠵᠦ᠂ ᠣᠶᠤᠨ ᠰᠠᠨᠠᠭᠠᠨ ᠤ ᠭᠤᠸ᠎ᠠ ᠰᠠᠶᠢᠬᠠᠨ ᠢ ᠪᠣᠯᠪᠠᠰᠤᠷᠠᠭᠤᠯᠪᠠ᠃ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠠᠭᠤᠰᠤᠯᠴᠠᠭᠤᠯᠤᠨ ᠬᠥᠭᠵᠢᠭᠦᠯᠵᠦ᠂ ᠣᠷᠣᠨ ᠤ ᠲᠥᠪ ᠬᠤᠲᠠ ᠶᠢᠨ ᠣᠳᠣ ᠦᠶ᠎ᠡ ᠶᠢᠨ ᠵᠢᠭᠤᠯᠴᠢᠯᠠᠯ ᠤᠨ ᠦᠢᠯᠡᠰ ᠤᠨ ᠰᠢᠰᠲ᠋ᠧᠮᠵᠢ ᠶᠢ ᠬᠦᠴᠦᠯᠡᠨ ᠲᠡᠭᠦᠯᠳᠡᠷᠵᠢᠭᠦᠯᠵᠦ᠂ ᠵᠢᠭᠤᠯᠴᠢᠯᠠᠯ ᠤᠨ ᠬᠦᠴᠦᠷᠬᠡᠭ ᠬᠤᠲᠠ ᠶᠢ ᠪᠦᠲᠦᠭᠡᠨ ᠪᠠᠶᠢᠭᠤᠯᠵᠤ᠂ ᠮᠠᠨ ᠤ ᠬᠤᠲᠠ ᠶᠢᠨ ᠵᠢᠭᠤᠯᠴᠢᠯᠠᠯ ᠤᠨ ᠠᠵᠤ ᠠᠬᠤᠢ ᠶᠢᠨ ᠲᠦᠷᠭᠡᠨ ᠬᠥᠭᠵᠢᠯᠲᠡ ᠶᠢ ᠠᠬᠢᠭᠤᠯᠪᠠ᠃ ᠬᠥᠲᠥᠯᠥᠭᠴᠢ᠄       ᠢᠯᠡ ᠨᠡᠶᠢᠲᠡᠯᠡᠭᠰᠡᠨ ᠲᠤᠭ᠎ᠠ ᠪᠠᠷᠢᠮᠲᠠ ᠠᠴᠠ ᠦᠵᠡᠪᠡᠯ᠂ ᠣᠶᠢᠷ᠎ᠠ ᠶᠢᠨ ᠵᠢᠯ ᠳᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ ᠦᠵᠡᠭᠦᠯᠬᠦ ᠳᠡᠮᠵᠢᠯᠭᠡ ᠪᠠᠨ ᠲᠠᠰᠤᠷᠠᠯᠲᠠ ᠦᠭᠡᠢ ᠴᠢᠩᠭᠠᠳᠬᠠᠵᠤ᠂ ᠡᠳ᠋ ᠤᠨ ᠵᠠᠰᠠᠭ ᠤᠨ ᠡᠭᠦᠷᠭᠡ ᠴᠢᠳᠠᠪᠤᠷᠢ ᠶᠢ ᠭᠦᠢᠴᠡᠳ ᠢᠯᠡᠷᠡᠭᠦᠯᠪᠡ᠃ ᠲᠡᠭᠡᠪᠡᠯ ᠪᠣᠳᠠᠲᠠᠢ ᠪᠠᠷ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠲᠠᠯ᠎ᠠ ᠪᠠᠷ᠂ ᠡᠳ᠋ ᠤᠨ ᠵᠠᠰᠠᠭ ᠠᠴᠠ ᠭᠤᠣᠯ ᠶᠠᠮᠠᠷ ᠶᠠᠮᠠᠷ ᠠᠵᠢᠯ ᠬᠢᠭᠰᠡᠨ ᠪᠣᠢ︖ ᠵᠤ᠋ ᠵᠢᠶᠧ᠄      ᠣᠶᠢᠷ᠎ᠠ ᠶᠢᠨ ᠬᠤᠶᠠᠷ ᠵᠢᠯ ᠳᠤ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠣᠯᠠᠨ ᠲᠠᠯ᠎ᠠ᠂ ᠣᠯᠠᠨ ᠠᠷᠭ᠎ᠠ ᠵᠠᠮ᠂ ᠣᠯᠠᠨ ᠠᠷᠭ᠎ᠠ ᠬᠡᠮᠵᠢᠶ᠎ᠡ ᠬᠡᠷᠡᠭᠯᠡᠨ ᠡᠯ᠎ᠡ ᠵᠦᠢᠯ ᠤᠨ ᠪᠡᠯᠡ ᠮᠥᠩᠭᠦ ᠶᠢ ᠢᠳᠡᠪᠬᠢᠲᠡᠢ ᠴᠤᠭᠯᠠᠭᠤᠯᠵᠤ᠂ ᠲᠤᠰ ᠱᠠᠲᠤᠨ ᠤ ᠣᠷᠣᠭᠤᠯᠤᠯᠲᠠ ᠶᠢ ᠴᠢᠷᠮᠠᠶᠢᠨ ᠴᠢᠩᠭᠠᠳᠬᠠᠵᠤ᠂ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ ᠳᠡᠮᠵᠢᠪᠡ᠃       ᠨᠢᠭᠡ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠪᠠ       ᠡᠨᠡ ᠵᠢᠯ᠂ ᠬᠤᠲᠠ ᠶᠢᠨ ᠡᠳ᠋ ᠤᠨ ᠵᠠᠰᠠᠭ ᠠᠴᠠ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠡᠯᠡ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠢᠯ ᠤᠨ ᠡᠬᠢᠨ ᠳᠤ ᠪᠡᠯᠡ ᠮᠥᠩᠭᠦ 9735.98 ᠲᠦᠮᠡᠨ ᠲᠥᠭᠦᠷᠢᠭ ᠲᠣᠬᠢᠷᠠᠭᠤᠯᠪᠠ᠂ ᠡᠭᠦᠨ ᠳᠤ᠄ ᠵᠢᠭᠤᠯᠴᠢᠯᠠᠯ ᠤᠨ ᠤᠬᠠᠭᠤᠯᠭ᠎ᠠ ᠶᠢᠨ ᠪᠡᠯᠡ ᠮᠥᠩᠭᠦ 880 ᠲᠦᠮᠡᠨ ᠲᠥᠭᠦᠷᠢᠭ︔ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠪᠡᠯᠡ ᠮᠥᠩᠭᠦ 320 ᠲᠦᠮᠡᠨ ᠲᠥᠭᠦᠷᠢᠭ︔ ᠨᠣᠮ ᠤᠨ ᠰᠠᠩ᠂ ᠤᠷᠠᠨ ᠵᠢᠷᠤᠭ ᠤᠨ ᠣᠷᠳᠣᠨ᠂ ᠰᠣᠶᠣᠯ ᠤᠨ ᠣᠷᠳᠣᠨ ︵ᠥᠷᠲᠡᠭᠡ︶ ᠶᠢᠨ ᠢᠵᠢ ᠪᠦᠷᠢᠳᠦᠭᠦᠯᠬᠦ ᠪᠡᠯᠡ ᠮᠥᠩᠭᠦ 94 ᠲᠦᠮᠡᠨ ᠲᠥᠭᠦᠷᠢᠭ︔ ᠡᠯ᠎ᠡ ᠵᠦᠢᠯ ᠤᠨ ᠴᠢᠬᠤᠯᠠ ᠶᠡᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠪᠡᠯᠡ ᠮᠥᠩᠭᠦ 1300 ᠭᠠᠷᠤᠶ ᠲᠦᠮᠡᠨ ᠲᠥᠭᠦᠷᠢᠭ᠃ ᠰᠣᠶᠣᠯ ᠢ ᠤᠯᠠᠮᠵᠢᠯᠠᠬᠤ ᠠᠵᠢᠯᠯᠠᠭ᠎ᠠ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠥᠪ ᠬᠥᠷᠥᠩᠭᠡ ᠶᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ︽ᠮᠦᠽᠧᠶ ᠶᠢᠨ ᠬᠤᠲᠠ︾ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠲᠠᠰ ᠳᠡᠪᠰᠢᠭᠦᠯᠬᠦ᠂ ᠰᠣᠶᠣᠯ ᠤᠨ ᠲᠠᠪᠤᠨ ᠣᠷᠳᠣᠨ ︵ᠨᠣᠮ ᠤᠨ ᠰᠠᠩ᠂ ᠰᠣᠶᠣᠯ ᠤᠨ ᠣᠷᠳᠣᠨ᠂ ᠤᠷᠠᠨ ᠵᠢᠷᠤᠭ ᠤᠨ ᠣᠷᠳᠣᠨ᠂ ᠮᠦᠽᠧᠶ᠂ ᠳᠤᠷᠠᠰᠬᠠᠯ ᠤᠨ ᠣᠷᠳᠣᠨ︶ ᠢ ᠰᠦᠢᠳᠬᠡᠯ ᠬᠤᠷᠢᠶᠠᠬᠤ ᠥᠬᠡᠶ ᠪᠠᠷ ᠴᠢᠯᠥᠭᠡᠲᠡᠶ ᠨᠡᠭᠡᠭᠡᠬᠦ᠂ ᠴᠢᠨᠠᠷ ᠰᠠᠶᠢᠲᠠᠶ ᠣᠯᠠᠨ ᠨᠡᠶᠢᠲᠡ ᠶᠢᠨ ᠰᠣᠶᠣᠯ ᠤᠨ ᠣᠷᠣᠨ ᠵᠠᠶ ᠶᠢ ᠪᠣᠶ ᠪᠣᠯᠭᠠᠬᠤ ᠶᠢ ᠪᠥᠬᠦ ᠬᠦᠴᠦᠨ ᠢᠶᠠᠷ ᠢᠶᠠᠨ ᠳᠡᠮᠵᠢᠪᠡ᠃ ︽ᠬᠤᠨ ᠭᠠᠯᠠᠭᠤ ᠤᠩᠰᠢᠯᠭ᠎ᠠ︾ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠨᠣᠮ ᠤᠨ ᠰᠠᠩ ᠤᠨ ᠶᠡᠷᠦᠩᠬᠡᠶ ᠣᠷᠳᠣᠨ ᠬᠤᠪᠢᠶᠠᠷᠢ ᠣᠷᠳᠣᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ ᠨᠣᠮ ᠤᠨ ᠥᠷᠥᠭᠡ᠂ ᠲᠠᠯ᠎ᠠ ᠨᠤᠲᠤᠭ ᠤᠨ ᠨᠣᠮ ᠤᠨ ᠥᠷᠥᠭᠡ ᠵᠡᠷᠭᠡ 500 ᠭᠠᠷᠤᠶ ᠬᠤᠲᠠ ᠶᠢᠨ ᠠᠷᠠᠳ ᠤᠨ ᠭᠡᠷ ᠤᠨ ᠡᠭᠦᠳᠡᠨ ᠳᠠᠬᠢ ︽ᠰᠣᠶᠣᠯ ᠤᠨ ᠵᠣᠴᠢᠨ ᠤ ᠲᠢᠩᠬᠢᠮ︾ ᠢ ᠪᠠᠶᠢᠭᠤᠯᠵᠤ᠂ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ ᠦᠢᠯᠡᠴᠢᠯᠡᠭᠡᠨ ᠤ ᠵᠠᠭᠪᠤᠷ ᠢ ᠪᠠᠶᠢᠭᠤᠯᠪᠠ᠃ ᠱᠤᠭᠤᠮᠠᠯ ᠤᠨ ᠤᠷᠠᠯᠢᠭ ᠤᠨ ᠣᠷᠳᠣᠨ ᠵᠡᠷᠭᠡ ᠰᠣᠶᠣᠯ ᠤᠨ ᠲᠠᠯᠠᠪᠤᠷ ᠲᠤ ᠰᠣᠶᠣᠯ ᠤᠨ ᠪᠦᠲᠦᠭᠡᠯᠴᠢ ᠳᠡᠯᠭᠡᠭᠦᠷ᠂ ᠣᠨᠴᠠᠯᠢᠭᠲᠤ ᠢᠳᠡᠭᠡᠨ ᠤᠮᠳᠠᠭᠠᠨ ᠵᠡᠷᠭᠡ ᠦᠢᠯᠡᠴᠢᠯᠡᠭᠡ ᠶᠢ ᠲᠣᠬᠢᠷᠠᠭᠤᠯᠪᠠ᠃ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ᠂ ᠰᠣᠶᠣᠯ ᠤᠨ ᠴᠢᠳᠠᠪᠤᠷᠢᠲᠠᠨ ᠢ ᠬᠥᠮᠦᠵᠢᠭᠦᠯᠬᠦ᠂ ᠲᠡᠦᠬᠡ ᠶᠢᠨ ᠳᠤᠷᠠᠰᠬᠠᠯᠲᠤ ᠵᠦᠢᠯ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠵᠡᠷᠭᠡ ᠲᠥᠷᠥᠯ ᠵᠦᠢᠯ ᠢ ᠥᠷᠨᠢᠭᠦᠯᠬᠦ ᠶᠢ ᠴᠢᠬᠤᠯᠠᠴᠢᠯᠠᠪᠠ᠃ ᠰᠣᠶᠣᠯ ᠤᠨ ᠠᠵᠢᠯ ᠢ ᠨᠠᠷᠢᠯᠢᠭ ᠭᠦᠨᠵᠡᠭᠡᠢ ᠰᠠᠶᠢᠲᠤᠷ ᠬᠢᠬᠦ ᠳᠤ ᠪᠠᠲᠤ ᠪᠠᠬᠢ ︽ᠠᠷᠤ ᠲᠠᠯ᠎ᠠ ᠶᠢᠨ ᠦᠢᠯᠡᠴᠢᠯᠡᠭᠡ︾ ᠶᠢᠨ ᠪᠠᠲᠤᠯᠠᠭ᠎ᠠ ᠬᠠᠩᠭᠠᠵᠤ᠂ ᠮᠠᠨ ᠤ ᠬᠤᠲᠠ ᠶᠢᠨ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠳᠤ ᠬᠦᠴᠦ ᠨᠡᠮᠡᠷᠢ ᠪᠣᠯᠪᠠ᠃      ᠬᠤᠶᠠᠷ᠂ ᠳᠡᠭᠡᠳᠦ ᠱᠠᠲᠤᠨ ᠤ ᠪᠡᠯᠡ ᠮᠥᠩᠭᠦ ᠶᠢ ᠢᠳᠡᠪᠬᠢᠲᠡᠶ ᠴᠢᠷᠮᠠᠶᠢᠨ ᠣᠯᠵᠤ᠂ ᠰᠢᠯᠵᠢᠭᠦᠯᠦᠨ ᠲᠥᠯᠥᠬᠦ ᠪᠡᠯᠡ ᠮᠥᠩᠭᠦ ᠶᠢ ᠰᠠᠶᠢᠲᠤᠷ ᠬᠡᠷᠡᠭᠯᠡᠪᠡ      ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠬᠥᠳᠡᠯᠦᠯᠴᠡᠬᠦ ᠪᠠᠨ ᠴᠢᠩᠭᠠᠳᠭᠠᠵᠤ᠂ ᠵᠢᠭᠤᠯᠴᠢᠯᠠᠯ ᠤᠨ ᠣᠷᠴᠢᠨ ᠲᠣᠭᠤᠷᠢᠨ ᠤ ᠨᠥᠬᠦᠴᠡᠯ ᠢ ᠶᠡᠬᠡᠪᠡᠷ ᠳᠡᠭᠡᠭᠰᠢᠯᠡᠭᠦᠯᠪᠡ᠃ ᠣᠲᠣ ᠪᠣᠯᠲᠠᠯ᠎ᠠ᠂ ᠨᠢᠭᠡᠨᠲᠡ 14 ᠵᠦᠢᠯ ᠤᠨ ᠳᠡᠭᠡᠳᠦ ᠱᠠᠲᠤᠨ ᠤ ᠰᠣᠶᠣᠯ ᠵᠢᠭᠤᠯᠴᠢᠯᠠᠯ ᠤᠨ ᠰᠢᠯᠵᠢᠭᠦᠯᠦᠨ ᠲᠥᠯᠥᠬᠦ ᠪᠠᠯᠠ ᠮᠥᠩᠭᠦ ᠶᠢ 12557.26 ᠲᠦᠮᠡᠨ ᠲᠥᠭᠦᠷᠢᠭ ᠣᠯᠵᠤ᠂ ᠠᠯᠢ ᠣᠯᠠᠨ ᠭᠤᠤᠯᠳᠠᠯᠭ᠎ᠠ ᠲᠠᠢ ᠲᠥᠷᠥᠯ ᠵᠦᠢᠯ ᠢ ᠬᠦᠴᠦᠲᠡᠶ ᠳᠡᠮᠵᠢᠪᠡ᠃ ᠡᠭᠦᠨ ᠤ ᠬᠠᠮᠲᠤ ᠪᠠᠯᠠ ᠮᠥᠩᠭᠦ ᠥᠭᠬᠦ ᠶᠠᠪᠤᠴᠠ ᠳᠤ᠂ ᠪᠠᠯᠠ ᠮᠥᠩᠭᠦ ᠥᠭᠬᠦ ᠠᠬᠢᠴᠠ ᠶᠢ ᠬᠦᠴᠦᠯᠡᠨ ᠳᠡᠭᠡᠭᠰᠢᠯᠡᠭᠦᠯᠵᠦ᠂ ᠠᠮᠵᠢᠯᠲᠠ ᠪᠦᠲᠦᠮᠵᠢ ᠶᠢᠨ ᠬᠠᠷᠠᠯᠲᠠ ᠶᠢ ᠴᠢᠬᠤᠯᠠᠴᠢᠯᠠᠨ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠦᠨᠡᠨ ᠬᠦ ᠪᠠᠲᠤᠯᠠᠪᠠ᠃       ᠭᠤᠷᠪᠠ᠂ ᠰᠣᠶᠣᠯ ᠵᠢᠴᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠳᠠᠮᠵᠢᠵᠤ᠂ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠬᠦᠷᠲᠡᠪᠡ       2024 ᠣᠨ ᠳᠤ᠂ ᠬᠤᠲᠠ ᠶᠢᠨ ᠡᠳ᠋ ᠤᠨ ᠵᠠᠰᠠᠭ ᠠᠴᠠ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ᠂ ᠬᠥᠬᠡᠬᠤᠲᠠ ᠶᠢᠨ ᠰᠣᠶᠣᠯ ᠵᠢᠭᠤᠯᠴᠢᠯᠠᠯ ᠤᠨ ᠵᠥᠭᠡᠯᠡᠨ ᠪᠣᠳᠠᠲᠤ ᠬᠦᠴᠦᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠪᠡ᠃ ᠵᠢᠯ ᠤᠨ ᠡᠬᠢᠨ ᠳᠤ 870 ᠲᠦᠮᠡᠨ ᠲᠥᠭᠦᠷᠢᠭ ᠤᠨ ᠪᠠᠯᠠ ᠮᠥᠩᠭᠦ ᠳᠣᠭᠢᠷᠠᠭᠤᠯᠵᠤ᠂ 2024 ᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠪᠥᠬᠦ ᠬᠦᠴᠦᠨ ᠢᠶᠠᠷ ᠢᠶᠠᠨ ᠳᠡᠮᠵᠢᠪᠡ᠃ ᠣᠶᠢᠷ᠎ᠠ ᠶᠢᠨ ᠬᠤᠭᠤᠴᠠᠭᠠᠨ ᠳᠤ᠂ ᠠᠷᠪᠠᠳᠤᠭᠠᠷ ᠬᠤᠭᠤᠴᠠᠭᠠᠨ ᠤ ᠮᠦᠽᠧᠢ ᠶᠢᠨ ᠦᠵᠡᠰᠬᠦᠯᠡᠩ ᠤᠨ ᠴᠤᠭᠯᠠᠭᠠᠨ᠂ ᠬᠤᠷᠢᠨ ᠲᠠᠪᠤᠳᠤᠭᠠᠷ ᠬᠤᠭᠤᠴᠠᠭᠠᠨ ᠤ ᠵᠤᠤ ᠵᠢᠶᠦ᠋ᠨ ᠤ ᠰᠣᠶᠣᠯ ᠤᠷᠠᠯᠢᠭ ᠤᠨ ᠨᠠᠶᠢᠷ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠶᠢᠨ ᠲᠥᠯᠥᠭᠡ᠂ 1030 ᠲᠦᠮᠡᠨ ᠲᠥᠭᠦᠷᠢᠭ ᠤᠨ ᠪᠡᠯᠡ ᠮᠥᠩᠭᠦ ᠢᠳᠡᠪᠬᠢᠲᠡᠢ ᠴᠤᠭᠯᠠᠭᠤᠯᠵᠤ᠂ ᠬᠤᠶᠠᠷ ᠶᠡᠭᠡ ᠠᠵᠢᠯᠯᠠᠭ᠎ᠠ ᠶᠢ ᠬᠥᠭᠵᠢᠶᠡᠨᠲᠡᠢ ᠥᠷᠨᠢᠭᠦᠯᠬᠦ ᠳᠤ ᠬᠦᠴᠦᠨ ᠨᠡᠮᠡᠷᠢᠯᠡᠵᠦ᠂ ᠪᠣᠭᠤᠮᠲᠠ ᠶᠢᠨ ᠭᠠᠳᠠᠨᠠᠬᠢ ᠬᠥᠬᠡᠬᠤᠲᠠ ᠶᠢᠨ ᠠᠯᠳᠠᠷᠰᠢᠯ ᠢ ᠳᠠᠬᠢᠨᠲᠠ ᠠᠯᠳᠠᠷᠰᠢᠭᠤᠯᠵᠤ᠂ ᠣᠷᠣᠨ ᠤ ᠲᠥᠪ ᠬᠤᠲᠠ ᠶᠢ ᠬᠥᠮᠥᠰ ᠤᠨ ᠠᠩᠬᠠᠷᠤᠯ ᠳᠤ ᠬᠦᠷᠭᠡᠵᠦ᠂ ᠲᠠᠯ᠎ᠠ ᠨᠤᠲᠤᠭ ᠤᠨ ᠬᠤᠳᠠ ᠶᠢᠨ ᠢᠷᠠᠭᠤ ᠠᠯᠳᠠᠷ ᠢ ᠣᠯᠪᠠ᠃ ᠬᠥᠲᠥᠯᠥᠭᠴᠢ᠄       ᠡᠳ᠋ ᠤᠨ ᠵᠠᠰᠠᠭ ᠠᠴᠠ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠳᠤ ᠬᠦᠴᠦᠷᠬᠡᠭ ᠶᠡᠭᠡ ᠪᠡᠯᠡ ᠮᠥᠩᠭᠦ ᠶᠢᠨ ᠪᠠᠲᠤᠯᠠᠭ᠎ᠠ ᠶᠢᠨ ᠦᠢᠯᠡᠳᠦᠯ ᠭᠠᠷᠭᠠᠭᠰᠠᠨ ᠶᠤᠮ ᠪᠠᠶᠢᠨ᠎ᠠ᠂ ᠮᠥᠨᠴᠦ ᠪᠢᠳᠠᠨ ᠳᠤ ᠡᠳ᠋ ᠤᠨ ᠵᠠᠰᠠᠭ ᠠᠴᠠ ᠰᠣᠶᠣᠯ ᠵᠢᠭᠤᠯᠴᠢᠯᠠᠯ ᠤᠨ ᠠᠵᠢᠯ ᠢ ᠳᠡᠮᠵᠢᠭᠰᠡᠨ ᠲᠤᠬᠠᠢ ᠨᠡᠩ ᠰᠢᠨ᠎ᠡ ᠣᠶᠢᠯᠠᠭᠠᠯᠲᠠ ᠣᠯᠭᠤᠯ᠎ᠠ᠃ ᠡᠳ᠋ ᠤᠨ ᠵᠠᠰᠠᠭ ᠠᠴᠠ ᠰᠣᠶᠣᠯ ᠵᠢᠭᠤᠯᠴᠢᠯᠠᠯ ᠤᠨ ᠬᠥᠭᠵᠢᠯᠲᠡ ᠶᠢ ᠳᠡᠮᠵᠢᠭᠰᠡᠨ ᠰᠢᠨ᠎ᠡ ᠦᠷ᠎ᠡ ᠪᠦᠲᠦᠭᠡᠯ ᠠᠴᠠ ᠪᠢᠳᠠᠨ ᠳᠤ ᠪᠣᠳᠠᠲᠠᠢ ᠶᠠᠷᠢᠵᠤ ᠥᠭᠭᠦᠨ᠎ᠡ ᠤᠤ︖ ᠵᠤ᠋ ᠵᠢᠶᠧ᠄       ᠡᠳ᠋ ᠤᠨ ᠵᠠᠰᠠᠭ ᠠᠴᠠ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢ ᠶᠡᠬᠡᠪᠡᠷ ᠳᠡᠮᠵᠢᠵᠦ᠂ ᠶᠠᠷᠢᠶᠠᠨ ᠦᠭᠡᠢ ᠶᠡᠭᠡ ᠰᠠᠶᠢᠨ ᠬᠥᠭᠵᠢᠯᠲᠡ ᠶᠢᠨ ᠦᠷ᠎ᠡ ᠪᠦᠲᠦᠭᠡᠯ ᠣᠯᠣᠭᠰᠠᠨ ᠶᠤᠮ᠂ ᠳᠣᠣᠷ᠎ᠠ ᠪᠢ ᠭᠤᠣᠯᠳᠠᠭᠤ ᠳᠦᠷᠪᠡᠨ ᠲᠠᠯ᠎ᠠ ᠠᠴᠠ ᠣᠯᠠᠨ ᠳᠤ ᠲᠠᠨᠢᠯᠴᠠᠭᠤᠯᠤᠶ᠎ᠠ᠃      ᠨᠢᠭᠡ᠂ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠰᠢᠰᠲ᠋ᠧᠮᠵᠢ ᠤᠯᠠᠮ ᠲᠡᠭᠦᠯᠳᠡᠷᠵᠢᠪᠡ       ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠲᠠᠢ ᠪᠥᠬᠦ ᠬᠦᠴᠦᠨ ᠢᠶᠠᠷ ᠢᠶᠠᠨ ᠬᠠᠮᠵᠢᠯᠴᠠᠨ ᠵᠢᠭᠤᠯᠴᠢᠯᠠᠯ ᠤᠨ ᠬᠥᠭᠵᠢᠯᠲᠡ ᠶᠢ ᠲᠡᠭᠦᠯᠳᠡᠷᠵᠢᠭᠦᠯᠵᠦ᠂ ︽ᠤᠮᠠᠷᠠᠲᠤ ᠬᠢᠯᠢ ᠶᠢᠨ ᠰᠣᠶᠣᠯ︾ ᠢᠶᠠᠷ ᠭᠤᠤᠯ ᠪᠣᠯᠭᠠᠨ᠂ ︽ᠨᠢᠭᠡ ᠬᠤᠩᠬᠢᠯ᠂ ᠬᠤᠶᠠᠷ ᠲᠡᠩᠭᠡᠯᠢᠭ · ᠭᠤᠷᠪᠠᠨ ᠪᠦᠰᠡ︾ ᠶᠢᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠬᠤ ᠶᠢᠨ ᠲᠣᠭᠤᠷᠢᠨ ᠳᠤ ᠶᠡᠭᠡ ᠬᠦᠴᠦ ᠣᠷᠣᠭᠤᠯᠤᠨ ᠴᠢᠬᠤᠯᠠ ᠶᠡᠭᠡ ᠲᠥᠷᠥᠯ ᠵᠦᠢᠯ᠂ ᠴᠢᠬᠤᠯᠠ ᠶᠡᠭᠡ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠪᠡ᠃ ᠳᠠᠯᠠᠨ ᠬᠠᠷ᠎ᠠ ᠠᠭᠤᠯᠠ ᠶᠢᠨ ᠠᠮᠢ ᠠᠬᠤᠶ ᠶᠢᠨ ᠵᠢᠭᠤᠯᠴᠢᠯᠠᠯ ᠤᠨ ᠪᠦᠰᠡ᠂ ᠴᠡᠯᠡᠭᠡᠷ ᠲᠠᠯ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢᠶᠠᠷ ᠦᠨᠡᠯᠡᠭᠳᠡᠵᠦ᠂ ᠠᠳᠤᠭᠤᠨ ᠰᠣᠶᠣᠯ ᠢ ᠪᠡᠶᠡᠴᠢᠯᠡᠨ ᠣᠶᠢᠯᠠᠭᠠᠬᠤ᠂ ᠰᠣᠶᠣᠯ ᠤᠨ ᠲᠣᠭᠯᠠᠯᠲᠠ ᠤᠷᠠᠯᠢᠭ᠂ ᠴᠡᠯᠡᠭᠡᠷ ᠲᠠᠯ᠎ᠠ ᠶᠢᠨ ᠦᠨᠦᠷ ᠠᠮᠲᠠ ᠵᠡᠷᠭᠡ ᠪᠡᠶᠡᠴᠢᠯᠡᠨ ᠣᠶᠢᠯᠠᠭᠠᠬᠤ ᠡᠵᠡᠩᠨᠡᠯᠲᠡ ᠶᠢᠨ ᠬᠡᠯᠪᠡᠷᠢ ᠪᠠᠶᠢᠳᠠᠯ᠂ ︽ᠴᠡᠯᠡᠭᠡᠷ ᠲᠠᠯ᠎ᠠ ᠶᠢᠨ ᠬᠤᠸᠠ ᠢ ᠠᠬ᠎ᠠ ᠳᠡᠭᠦᠤ ᠣᠳᠣᠨ ᠲᠢᠶᠠᠳ᠋ᠷ︾ ᠢ ︽ᠴᠡᠯᠡᠭᠡᠷ ᠲᠠᠯ᠎ᠠ ᠶᠢᠨ ᠣᠳᠣᠨ ᠦᠵᠡᠮᠵᠢ︾ ᠪᠣᠯᠭᠠᠨ ᠲᠠᠰ ᠳᠡᠪᠰᠢᠭᠦᠯᠦᠨ ᠥᠭᠡᠷᠡᠴᠢᠯᠡᠨ ᠪᠠᠶᠢᠭᠤᠯᠤᠨ ᠡᠵᠡᠩᠨᠡᠵᠦ᠂ ᠲᠣᠭᠯᠠᠯᠲᠠ ᠶᠢᠨ ᠤᠷᠠᠯᠢᠭ ᠤᠨ ᠲᠢᠶᠠᠳ᠋ᠷ᠂ ᠢᠳᠡᠭᠡᠨ ᠤᠮᠳᠠᠭᠠᠨ ᠤ ᠵᠡᠭᠡᠯᠢ ᠲᠣᠭᠤᠷᠢᠭ ᠵᠡᠷᠭᠡ ᠲᠤᠯᠤᠭᠠᠨ ᠶᠡᠭᠡ ᠬᠡᠰᠡᠭ ᠢ ᠪᠠᠶᠢᠭᠤᠯᠵᠤ᠂ ︽ᠴᠡᠯᠡᠭᠡᠷ ᠲᠠᠯ᠎ᠠ︾ ᠶᠢᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠡᠳᠦᠷ ᠢᠷᠡᠬᠦᠶ᠎ᠡ ᠥᠷᠭᠡᠳᠬᠡᠪᠡ᠃ ︽ᠱᠧᠩ ᠱᠦᠢ ᠯᠢᠶᠠᠩ - ᠵᠢᠦ ᠯᠦᠩ ᠸᠠᠨ︾ ᠦᠵᠡᠮᠵᠢ ᠶᠢᠨ ᠣᠷᠣᠨ ᠢ ᠨᠢᠭᠡ ᠴᠣᠭᠴᠠᠵᠢᠭᠤᠯᠤᠨ ᠡᠵᠡᠩᠨᠡᠬᠦ᠂ ᠡᠭᠦᠳᠡᠨ ᠪᠢᠯᠧᠲ ᠢ ᠬᠠᠷᠢᠯᠴᠠᠨ ᠲᠠᠨᠢᠬᠤ᠂ ᠠᠭᠤᠯᠠᠨ ᠭᠠᠵᠠᠷ ᠤᠨ ᠰᠢᠳᠦᠨ ᠵᠠᠮ ᠤᠨ ᠭᠠᠯᠲᠤ ᠲᠡᠷᠭᠡ᠂ ᠲᠡᠮᠳᠡᠭ ᠫᠠᠶᠢᠰᠠ ᠵᠡᠷᠭᠡ ᠢᠵᠢ ᠪᠦᠷᠢᠳᠦᠭᠦᠯᠬᠦ ᠲᠥᠷᠥᠯ ᠵᠦᠢᠯ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠬᠠᠲᠤᠨ ᠭᠤᠤᠯ ᠣᠷᠳᠣ ᠴᠠᠭᠠᠨ ᠬᠡᠷᠡᠮ ᠤᠨ ᠥᠩᠭᠡ ᠦᠵᠡᠮᠵᠢ ᠶᠢᠨ ᠪᠦᠰᠡ ᠶᠢ ᠡᠭᠦᠳᠦᠨ ᠪᠠᠶᠢᠭᠤᠯᠵᠤ᠂ ᠯᠣᠣ ᠨᠢᠦ ᠸᠠᠨ ᠤ ᠬᠠᠲᠤᠨ ᠭᠤᠤᠯ ᠤᠨ ᠶᠡᠭᠡ ᠬᠠᠪᠴᠢᠯ ᠢ ᠤᠯᠤᠰ ᠤᠨ 5A ᠲᠠᠰ ᠤᠨ ᠦᠵᠡᠮᠵᠢ ᠶᠢᠨ ᠣᠷᠣᠨ ᠪᠣᠯᠭᠠᠨ ᠡᠭᠦᠳᠦᠨ ᠪᠠᠶᠢᠭᠤᠯᠬᠤ ᠶᠢ ᠳᠥᠯᠭᠢᠨ ᠠᠬᠢᠭᠤᠯᠵᠤ᠂ ᠹᠧᠩ ᠵᠢᠶᠠ ᠲᠠ ᠠᠴᠠ ᠯᠤᠤ ᠨᠢᠦ ᠸᠠᠨ ᠬᠦᠷᠬᠦ ᠵᠠᠰᠠᠮᠠᠯ ᠵᠠᠮ ᠵᠡᠷᠭᠡ 13 ᠲᠥᠷᠥᠯ ᠵᠦᠢᠯ ᠢ ᠨᠢᠭᠡᠨᠲᠡ ᠳᠠᠭᠤᠰᠬᠠᠵᠤ᠂ ᠶᠠᠭ ᠦᠵᠡᠮᠵᠢ ᠶᠢᠨ ᠣᠷᠣᠨ ᠤ ᠨᠣᠭᠤᠭᠠᠷᠠᠭᠤᠯᠤᠯᠲᠠ᠂ ᠶᠠᠪᠠᠭᠠᠨ ᠵᠠᠮ ᠤᠨ ᠪᠥᠲᠥᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠢ ᠢᠳᠡᠪᠬᠢᠲᠡᠶ ᠳᠥᠯᠭᠢᠨ ᠠᠬᠢᠭᠤᠯᠵᠤ᠂ ᠪᠥᠬᠦ ᠬᠤᠲᠠ ᠶᠢᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠭᠦᠳᠦᠨ ᠪᠠᠶᠢᠭᠤᠯᠬᠤ ᠡᠭᠦᠷᠭᠡ ᠪᠠᠨ ᠨᠢᠭᠡᠨᠲᠡ ᠳᠠᠭᠠᠭᠠᠨ ᠠᠪᠴᠤ᠂ ᠵᠢᠱᠢᠯᠲᠡ ᠪᠠᠷ 9 ᠳ᠋ᠤᠭᠠᠷ ᠰᠠᠷ᠎ᠠ ᠳᠤ ᠰᠣᠶᠣᠯ ᠵᠢᠭᠤᠯᠴᠢᠯᠠᠯ ᠤᠨ ᠶᠠᠮᠤᠨ ᠳᠤ ᠳᠡᠪᠰᠢᠭᠦᠯᠵᠦ ᠲᠤᠬᠠᠶ ᠶᠢᠨ ᠭᠠᠵᠠᠷ ᠲᠤᠨᠢ ᠰᠢᠯᠭᠠᠭᠤᠯᠬᠤ ᠪᠠᠷ ᠪᠠᠶᠢᠨ᠎ᠠ᠃ ᠣᠷᠳᠣ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ᠂ ᠣᠷᠳᠣ ᠴᠠᠭᠠᠨ ᠬᠡᠷᠡᠮ ᠤᠨ ᠰᠣᠶᠣᠯ ᠤᠨ ᠮᠦᠽᠧᠶ ᠶᠢᠨ ᠭᠤᠤᠯ ᠪᠠᠷᠢᠯᠭ᠎ᠠ ᠶᠢ ᠳᠠᠭᠤᠰᠬᠠᠵᠤ᠂ ᠶᠠᠭ ᠴᠡᠴᠡᠷᠯᠢᠭ ᠨᠡᠭᠡᠭᠡᠬᠦ ᠶᠣᠰᠣᠯᠠᠯ ᠳᠤ ᠪᠡᠯᠡᠳᠬᠡᠵᠦ ᠪᠠᠶᠢᠨ᠎ᠠ᠃ ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠭ ᠪᠦᠰᠡ ᠳᠤ ᠰᠣᠶᠣᠯ ᠵᠢᠭᠤᠯᠴᠢᠯᠠᠯ ᠤᠨ ᠦᠢᠯᠡᠰ ᠢ ᠣᠷᠣᠭᠤᠯᠬᠤ ᠶᠢ ᠠᠬᠢᠭᠤᠯᠤᠨ᠂ ᠵᠠᠮ ᠳᠠᠭᠠᠤ ᠬᠡᠭᠡᠷ᠎ᠡ ᠪᠠᠭᠤᠳᠠᠯᠯᠠᠬᠤ ᠭᠠᠵᠠᠷ ᠢ ᠪᠠᠶᠢᠭᠤᠯᠵᠤ᠂ ᠶᠡᠭᠡ ᠲᠦᠷᠭᠡᠨ ᠭᠤᠣᠯ ᠤᠨ ᠴᠡᠷᠢᠭ ᠤᠨ ᠶᠠᠪᠤᠳᠠᠯ ᠤᠨ ᠰᠣᠶᠣᠯ ᠤᠨ ᠴᠡᠴᠡᠷᠯᠢᠭ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ ᠬᠡᠭᠡᠷ᠎ᠡ ᠪᠠᠭᠤᠳᠠᠯᠯᠠᠬᠤ ᠠᠵᠤ ᠠᠬᠤᠢ᠂ ᠠᠶᠢᠯ ᠪᠠᠭᠤᠴᠠ ᠶᠢᠨ ᠠᠵᠤ ᠠᠬᠤᠢ ᠥᠷᠨᠢᠨ ᠬᠥᠭᠵᠢᠵᠦ᠂ ᠵᠢᠭᠤᠯᠴᠢᠯᠠᠭᠴᠢᠳ ᠢ ᠨᠡᠶᠢᠲᠡ 80 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠳ᠋ᠦᠩᠰᠢᠭᠤᠷ ᠲᠥᠭᠦᠷᠢᠭ ᠢ ᠳᠠᠪᠠᠪᠠ᠃ ︽ᠰᠥᠨᠢ ᠶᠢᠨ ᠵᠢᠭᠤᠯᠴᠢᠯᠠᠯ︾ ᠤᠨ ᠬᠡᠷᠡᠭᠯᠡᠭᠡᠨ ᠤ ᠭᠤᠣᠯ ᠣᠷᠣᠨ ᠢ ᠪᠤᠶᠢᠵᠢᠭᠤᠯᠪᠠ᠃ ᠪᠣᠭᠤᠮᠲᠠ ᠶᠢᠨ ᠬᠠᠭᠤᠴᠢᠨ ᠵᠡᠭᠡᠯᠢ᠂ ᠣᠪᠣᠭ᠎ᠠ ᠲᠣᠰᠬᠤᠨ ᠵᠡᠷᠭᠡ 2 ᠤᠯᠤᠰ ᠤᠨ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ ᠢ ᠡᠭᠦᠳᠦᠨ ᠪᠠᠶᠢᠭᠤᠯᠵᠤ᠂ ᠮᠤᠷᠤᠢ ᠭᠤᠳᠤᠮᠵᠢ᠂ ᠥᠷᠭᠡᠨ ᠭᠤᠳᠤᠮᠵᠢ ᠵᠡᠷᠭᠡ ︽ᠠᠷᠪᠠᠨ ᠶᠡᠭᠡ ᠰᠥᠨᠢ ᠶᠢᠨ ᠵᠢᠭᠤᠯᠴᠢᠯᠠᠯ ᠤᠨ ᠭᠠᠵᠠᠷ︾ ᠢ ᠪᠠᠶᠢᠭᠤᠯᠵᠤ᠂ ︽ᠳᠠᠭᠤᠤ ᠬᠥᠭᠵᠢᠮ ᠠᠮᠲᠠᠲᠤ ᠢᠳᠡᠭᠡᠨ ᠤ ᠤᠯᠠᠷᠢᠯ︾᠂ ︽ᠮᠢᠩᠭᠠᠨ ᠣᠨ ᠤ ᠵᠣᠣ ᠵᠢᠶᠦ᠋ᠨ ᠤ ᠮᠠᠭᠲᠠᠭᠠᠯ︾ ᠵᠡᠷᠭᠡ ᠰᠣᠶᠣᠯ ᠵᠢᠭᠤᠯᠴᠢᠯᠠᠯ ᠤᠨ ᠬᠤᠳᠠᠯᠳᠤᠭᠠᠨ ᠤ ᠣᠯᠠᠨ ᠡᠰᠢᠲᠦ ᠠᠭᠤᠰᠤᠯᠴᠠᠯ ᠤᠨ ᠬᠡᠷᠡᠭᠯᠡᠭᠡᠨ ᠤ ᠪᠠᠶᠢᠳᠠᠯ ᠢ ᠪᠣᠶ ᠪᠣᠯᠭᠠᠪᠠ᠃      ᠬᠤᠶᠠᠷ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠯ ᠦᠷᠭᠦᠯᠵᠢᠯᠡᠨ ᠭᠦᠨᠵᠡᠭᠡᠶᠢᠷᠡᠪᠡ       ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠲᠠᠢ ᠬᠠᠮᠲᠤᠷᠠᠨ ᠰᠣᠶᠣᠯ ᠤᠨ ᠣᠨᠴᠠᠯᠢᠭ ᠢ ᠭᠦᠨᠵᠡᠭᠡᠶ ᠠᠭᠤᠳᠠᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠦᠷᠭᠦᠯᠵᠢᠯᠡᠨ ᠠᠬᠢᠭᠤᠯᠪᠠ᠃ ᠨᠢᠭᠡ ᠳᠤ ︽ᠰᠣᠶᠣᠯ ᠵᠢᠭᠤᠯᠴᠢᠯᠠᠯ + ᠲᠠᠷᠢᠶᠠᠯᠠᠩ︾ ᠢ ᠬᠥᠭᠵᠢᠭᠦᠯᠪᠡ᠃ ᠰᠡᠩᠭᠡ ᠶᠢᠨ ᠠᠶᠢᠯ ᠲᠣᠰᠬᠤᠨ ᠵᠡᠷᠭᠡ ᠥᠪᠡᠷᠲᠡᠭᠡᠨ ᠵᠠᠰᠠᠬᠤ ᠣᠷᠣᠨ ᠤ ᠲᠡᠰ ᠤᠨ 4 ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠢ ᠪᠠᠶᠢᠭᠤᠯᠵᠤ᠂ ᠰᠡᠩᠭᠡ ᠶᠢᠨ ᠠᠶᠢᠯ ᠲᠣᠰᠬᠤᠨ᠂ ᠬᠠᠰᠢᠶᠠᠲᠤ ᠲᠣᠰᠬᠤᠨ ᠵᠡᠷᠭᠡ 2 ᠵᠢᠭᠤᠯᠴᠢᠯᠠᠯ ᠤᠨ ᠱᠤᠭᠤᠮ ᠨᠢ ᠰᠣᠶᠣᠯ ᠵᠢᠭᠤᠯᠴᠢᠯᠠᠯ ᠤᠨ ᠶᠠᠮᠤᠨ ᠤ ︽ᠦᠵᠡᠰᠬᠦᠯᠡᠩᠲᠦ ᠰᠠᠶᠢᠬᠠᠨ ᠬᠠᠪᠤᠷ ᠤᠨ ᠲᠤᠶᠠᠭᠠᠲᠤ ᠵᠠᠮ ᠳᠡᠭᠡᠷ᠎ᠡ︾ ᠪᠠ ︽ᠬᠦᠴᠦᠯᠢᠭ ᠵᠦᠷᠵᠢ ᠶᠢᠨ ᠰᠢᠷ᠎ᠠ ᠵᠦᠷᠵᠢ ᠶᠢᠨ ᠨᠣᠭᠤᠭᠠᠨ ᠬᠥᠳᠡᠭᠡ ᠲᠣᠰᠬᠤᠨ ᠤ ᠦᠵᠡᠮᠵᠢ︾ ᠶᠢᠨ ᠭᠤᠣᠯ ᠰᠡᠳᠦᠪᠲᠦ ᠵᠠᠮ ᠱᠤᠭᠤᠮ ᠢᠶᠠᠷ ᠰᠣᠩᠭᠤᠭᠳᠠᠵᠤ᠂ ᠬᠥᠳᠡᠭᠡ ᠲᠣᠰᠬᠤᠨ ᠤ ᠵᠢᠭᠤᠯᠴᠢᠯᠠᠯ ᠨᠢ ᠬᠤᠳᠠ ᠶᠢᠨ ᠰᠠᠭᠤᠭᠠᠯᠢ ᠠᠷᠠᠳ ᠤᠨ ᠭᠠᠷᠠᠭ ᠤᠨ ᠰᠡᠭᠦᠯᠴᠢ ᠶᠢᠨ ᠰᠡᠯᠡᠭᠦᠴᠡᠨ ᠠᠮᠠᠷᠠᠬᠤ ᠴᠢᠬᠤᠯᠠ ᠵᠣᠷᠢᠭᠰᠠᠨ ᠭᠠᠵᠠᠷ ᠪᠣᠯᠵᠠᠢ᠃ ᠬᠤᠶᠠᠷ ᠲᠤ᠂ ︽ᠠᠵᠤ ᠦᠢᠯᠡᠳᠪᠦᠷᠢ + ᠰᠣᠶᠣᠯ ᠵᠢᠭᠤᠯᠴᠢᠯᠠᠯ︾ ᠢ ᠬᠥᠭᠵᠢᠭᠦᠯᠪᠡ᠃ ᠨᠢᠭᠡ ᠪᠦᠯᠦᠭ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠣᠷᠣᠨ ᠵᠠᠶ ᠶᠢ ᠡᠭᠦᠳᠦᠨ ᠪᠠᠶᠢᠭᠤᠯᠵᠤ ᠂ ᠮᠧᠩ ᠨᠢᠦ ᠠᠵᠤ ᠦᠢᠯᠡᠳᠪᠦᠷᠢ ᠶᠢᠨ ᠵᠢᠭᠤᠯᠴᠢᠯᠠᠯ ᠤᠨ ᠣᠷᠣᠨ ᠤᠯᠤᠰ ᠤᠨ ᠲᠠᠰ ᠤᠨ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠢ ᠪᠠᠷ ᠦᠨᠡᠯᠡᠭᠳᠡᠵᠦ᠂ ᠢᠯᠢ ᠶᠢᠨ ᠲᠠᠯ᠎ᠠ ᠨᠤᠲᠤᠭ ᠤᠨ ᠰᠦ ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ ᠤᠯᠤᠰ ᠤᠨ ᠠᠩᠬᠠᠳᠠᠭᠴᠢ ᠪᠦᠯᠦᠭ 5G + ᠣᠶᠤᠨᠴᠢ ᠵᠢᠭᠤᠯᠴᠢᠯᠠᠯ ᠤᠨ ᠲᠤᠷᠰᠢᠯᠲᠠ ᠶᠢᠨ ᠲᠥᠷᠥᠯ ᠵᠦᠢᠯ ᠢᠶᠠᠷ ᠦᠨᠡᠯᠡᠭᠳᠡᠵᠦ᠂ ︽ᠴᠡᠯᠡᠭᠡᠷ ᠲᠠᠯ᠎ᠠ ᠣᠶᠤᠨᠴᠢ ᠠᠮᠢ ᠠᠬᠤᠶ ᠶᠢᠨ ᠮᠠᠯᠵᠢᠯ ᠤᠨ ᠲᠠᠯᠠᠪᠠᠶ︾᠂ ᠪᠢᠰᠢᠯᠠᠭ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠵᠡᠷᠭᠡ ᠶᠢ ᠪᠠᠶᠢᠭᠤᠯᠤᠨ ᠨᠡᠭᠡᠭᠡᠯᠲᠡ ᠬᠢᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ᠂ ᠲᠣᠭᠤᠷᠢᠨ ᠦᠵᠡᠵᠦ ᠬᠠᠷᠢᠯᠴᠠᠨ ᠬᠥᠳᠡᠯᠦᠯᠴᠡᠬᠦ᠂ ᠰᠤᠳᠤᠯᠤᠨ ᠰᠤᠷᠤᠯᠴᠠᠵᠤ ᠵᠢᠭᠤᠯᠴᠢᠯᠠᠬᠤ ᠬᠡᠪ ᠳᠠᠭᠤᠷᠢᠶᠠᠯ ᠤᠨ ᠲᠥᠷᠥᠯ ᠵᠦᠢᠯ ᠢ ᠪᠣᠶ ᠪᠣᠯᠭᠠᠪᠠ᠃ ᠭᠤᠷᠪᠠ ᠳᠤ᠂ ᠬᠤᠪᠢᠰᠬᠠᠯ ᠤᠨ ᠰᠣᠶᠣᠯ ᠵᠢᠭᠤᠯᠴᠢᠯᠠᠯ ᠢ ᠬᠥᠭᠵᠢᠭᠦᠯᠪᠡ᠃ ᠦᠴᠤᠸᠠᠨ ᠰᠢᠶᠠᠨ ᠢ ᠤᠯᠤᠰ ᠤᠨ ᠬᠤᠪᠢᠰᠬᠠᠯ ᠤᠨ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠣᠷᠣᠨ ᠪᠣᠯᠭᠠᠨ ᠡᠭᠦᠳᠦᠨ ᠪᠠᠶᠢᠭᠤᠯᠬᠤ ᠶᠢ ᠦᠷᠭᠦᠯᠵᠢᠯᠡᠨ ᠠᠬᠢᠭᠤᠯᠪᠠ᠃ ᠭᠤᠷᠪᠠ᠂ ᠰᠣᠶᠣᠯ ᠵᠢᠭᠤᠯᠴᠢᠯᠠᠯ ᠤᠨ ᠬᠠᠩᠭᠠᠯᠭ᠎ᠠ ᠶᠢᠨ ᠶᠠᠰᠤ ᠴᠢᠨᠠᠷ ᠢᠯᠡᠳᠲᠡ ᠳᠡᠭᠡᠭᠰᠢᠯᠡᠪᠡ᠃    ᠨᠢᠭᠡ ᠳᠤ᠂ ᠪᠠᠶᠠᠷ ᠳᠤᠷᠠᠰᠬᠠᠯ ᠤᠨ ᠡᠳᠦᠷ ᠤᠨ ᠬᠡᠷᠡᠭᠯᠡᠭᠡᠨ ᠤ ᠠᠬᠤᠢ ᠪᠠᠶᠢᠳᠠᠯ ᠢ ᠪᠣᠶ ᠪᠣᠯᠭᠠᠪᠠ᠃ 2024 ᠣᠨ ᠳᠤ᠂ ᠬᠤᠲᠠ ᠶᠢᠨ ᠡᠳ᠋ ᠤᠨ ᠵᠠᠰᠠᠭ ᠠᠴᠠ 375 ᠲᠦᠮᠡᠨ ᠲᠥᠭᠦᠷᠢᠭ ᠤᠨ ᠪᠠᠯᠠ ᠮᠥᠩᠭᠦ ᠳᠣᠭᠢᠷᠠᠭᠤᠯᠵᠤ᠂ ᠰᠢᠨ᠎ᠡ ᠵᠢᠯ᠂ ᠴᠠᠭᠠᠨ ᠰᠠᠷ᠎ᠠ᠂ ᠥᠯᠵᠡᠶᠢᠲᠦ ᠡᠳᠦᠷ ᠤᠨ ᠪᠠᠶᠠᠷ᠂ ᠲᠠᠪᠤᠨ ᠰᠠᠷ᠎ᠠ ᠶᠢᠨ ᠨᠢᠭᠡᠨ ᠤ ᠪᠠᠶᠠᠷ ᠵᠡᠷᠭᠡ ᠪᠠᠶᠠᠷ ᠤᠨ ᠡᠳᠦᠷ ᠲᠤ ᠬᠠᠨᠳᠤᠭᠤᠯᠵᠤ᠂ ᠳᠡᠯ ᠠᠭᠤᠯᠠ ᠶᠢᠨ ᠴᠡᠨᠡᠯᠲᠡ ᠶᠢᠨ ᠲᠠᠯᠠᠪᠠᠶ᠂ ᠪᠣᠭᠤᠮᠲᠠ ᠶᠢᠨ ᠬᠠᠭᠤᠴᠢᠨ ᠵᠡᠭᠡᠯᠢ ᠵᠡᠷᠭᠡ ᠤᠨᠴᠠᠯᠢᠬᠳᠤ ᠦᠵᠡᠮᠵᠢ ᠶᠢᠨ ᠣᠷᠣᠨ᠂ ᠬᠡᠷᠡᠭᠯᠡᠭᠡ ᠲᠥᠪᠯᠡᠷᠡᠭᠰᠡᠨ ᠣᠷᠣᠨ ᠳᠤ ᠲᠦᠰᠢᠭᠯᠡᠨ᠂ ︽ᠤᠮᠠᠷᠠᠲᠤ ᠬᠢᠯᠢ ᠶᠢᠨ ᠰᠢᠨ᠎ᠡ ᠵᠢᠯ ᠤᠨ ᠦᠳᠡᠰᠢ︾᠂ ︽ᠬᠥᠬᠡᠬᠤᠲᠠ ᠶᠢᠨ ᠮᠥᠰᠥ ᠴᠠᠰᠤᠨ ᠤ ᠨᠠᠶᠢᠷ︾᠂ ︽ᠪᠣᠳᠠᠰ ᠤᠨ ᠪᠤᠰᠤ ᠰᠣᠶᠣᠯ ᠤᠨ ᠥᠪ ᠤᠨ ᠰᠦᠮ᠎ᠡ ᠶᠢᠨ ᠴᠤᠭᠯᠠᠭᠠᠨ︾᠂ ︽ᠴᠡᠴᠡᠭ ᠰᠣᠨᠢᠷᠬᠠᠬᠤ ᠤᠯᠠᠷᠢᠯ︾ ᠵᠡᠷᠭᠡ ᠨᠠᠷᠠᠲᠤ ᠲᠡᠮᠳᠡᠭᠲᠦ ᠶᠢᠨ ᠠᠵᠢᠯᠯᠠᠭ᠎ᠠ ᠶᠢ ᠭᠤᠤᠯᠳᠠᠯᠭ᠎ᠠ ᠲᠠᠢ ᠡᠷᠬᠢᠯᠡᠨ᠂ ᠣᠯᠠᠨ ᠬᠡᠷᠡᠭᠯᠡᠭᠡᠨ ᠤ ᠪᠠᠶᠢᠳᠠᠯ ᠢ ᠪᠣᠶ ᠪᠣᠯᠭᠠᠵᠤ᠂ ︽ᠰᠣᠶᠣᠯ ᠵᠢᠭᠤᠯᠴᠢᠯᠠᠯ ᠬᠤᠳᠠᠯᠳᠤᠭᠠᠨ︾ ᠤ ᠣᠯᠠᠨ ᠡᠰᠢᠲᠦ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠪᠠ᠃ ᠬᠤᠶᠠᠷ ᠲᠤ᠂ ᠲᠣᠭᠯᠠᠯᠲᠠ ᠶᠢᠨ ᠤᠷᠠᠯᠢᠭ ᠤᠨ ᠬᠡᠷᠡᠭᠯᠡᠭᠡᠨ ᠤ ᠠᠬᠤᠢ ᠪᠠᠶᠢᠳᠠᠯ ᠢ ᠪᠤᠵᠠᠭᠠᠶᠢᠷᠠᠭᠤᠯᠪᠠ᠃ ᠵᠠᠩ ᠵᠢᠶᠧ᠂ ᠰᠢᠤᠸᠠᠢ ᡁᠢ ᠴᠢᠶᠠᠨ᠂ ᠵᠠᠩ ᠰᠢᠨ ᠵᠧ᠂ ᠳ᠋ᠧᠩ ᠽᠢ ᠴᠢ᠂ ᠭᠠᠷᠤᠳᠢ ᠭᠠᠯᠪᠢᠩᠭ᠎ᠠ ᠬᠠᠮᠲᠤᠯᠢᠭ ᠤᠨ ᠳᠠᠭᠤᠨ ᠤ ᠦᠳᠡᠰᠢᠯᠡᠭᠡ ᠶᠢᠨ ᠲᠣᠭᠤᠷᠢᠨ ᠳᠤ᠂ ᠤᠷᠠᠯᠢᠭ ᠤᠨ ᠠᠵᠤ ᠠᠬᠤᠶ ᠶᠢ ᠬᠥᠭᠵᠢᠭᠦᠯᠵᠦ᠂ ᠰᠣᠶᠣᠯ ᠤᠨ ᠦᠵᠡᠰᠬᠦᠯᠡᠩ ᠂ ᠤᠨᠴᠠᠯᠢᠬᠳᠤ ᠵᠡᠭᠡᠯᠢ ᠲᠣᠭᠤᠷᠢᠭ᠂ ᠰᠦᠯᠵᠢᠶᠡᠨ ᠤ ᠰᠣᠳᠣᠨ ᠭᠠᠵᠠᠷ ᠵᠡᠷᠭᠡ ᠬᠡᠷᠡᠭᠯᠡᠭᠡᠨ ᠤ ᠠᠬᠤᠢ ᠪᠠᠶᠢᠳᠠᠯ ᠢ ᠪᠠᠶᠢᠭᠤᠯᠵᠤ᠂ ︽ᠢᠳᠡᠵᠦ ᠤᠤᠭᠤᠬᠤ ᠶᠠᠪᠤᠵᠤ ᠰᠠᠭᠤᠬᠤ ᠵᠤᠭᠠᠴᠠᠵᠤ ᠬᠤᠳᠠᠯᠳᠤᠨ ᠠᠪᠬᠤ ᠵᠤᠭ᠎ᠠ ᠴᠡᠩᠭᠡᠯ︾ ᠵᠢᠭᠤᠯᠴᠢᠯᠠᠯ ᠤᠨ ᠬᠡᠯᠬᠢᠶ᠎ᠡ ᠶᠢᠨ ᠬᠥᠭᠵᠢᠯᠲᠡ ᠶᠢ ᠳᠠᠶᠢᠴᠢᠯᠠᠪᠠ᠃ ᠭᠤᠷᠪᠠ ᠳᠤ᠂ ᠰᠣᠶᠣᠯ ᠦᠵᠡᠰᠬᠦᠯᠡᠩ ᠤᠨ ᠬᠡᠷᠡᠭᠯᠡᠭᠡᠨ ᠤ ᠠᠬᠤᠢ ᠪᠠᠶᠢᠳᠠᠯ ᠢ ᠥᠷᠭᠡᠳᠬᠡᠪᠡ᠃ ᠡᠨᠡ ᠵᠢᠯ᠂ ᠬᠤᠲᠠ ᠶᠢᠨ ᠡᠳ᠋ ᠤᠨ ᠵᠠᠰᠠᠭ ᠠᠴᠠ 100 ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢ ᠬᠠᠮᠵᠢᠨ ︽ᠮᠦᠽᠧᠶ ᠶᠢᠨ ᠬᠤᠲᠠ︾  ᠶᠢᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠶᠡᠷᠦᠩᠬᠡᠶ ᠣᠷᠳᠣᠨ ᠬᠤᠪᠢᠶᠠᠷᠢ ᠣᠷᠳᠣᠨ ᠤ ᠳᠦᠷᠢᠮ ᠤᠨ ᠥᠭᠡᠷᠡᠴᠢᠯᠡᠯᠲᠡ ᠶᠢ ᠪᠡᠶᠡᠯᠡᠭᠦᠯᠦᠨ᠂ ᠣᠯᠠᠨ ᠤᠯᠤᠰ ᠤᠨ ᠮᠦᠽᠧᠶ ᠶᠢᠨ ᠨᠡᠶᠢᠭᠡᠮᠯᠢᠭ ᠲᠤ ᠣᠷᠣᠯᠴᠠᠵᠤ᠂ ᠬᠥᠬᠡᠬᠤᠲᠠ ᠮᠦᠽᠧᠶ᠂ ᠢᠯᠢ ᠶᠢᠨ ᠲᠠᠯ᠎ᠠ ᠨᠤᠲᠤᠭ ᠤᠨ ᠰᠦ ᠶᠢᠨ ᠰᠣᠶᠣᠯ ᠤᠨ ᠮᠦᠽᠧᠶ᠂ ᠥᠪᠥᠷ ᠮᠣᠩᠭᠤᠯ ᠤᠨ ᠪᠠᠶᠢᠭᠠᠯᠢ ᠶᠢᠨ ᠮᠦᠽᠧᠢ ᠶᠢ ᠤᠯᠤᠰ ᠤᠨ ᠨᠢᠭᠡᠳᠦᠭᠡᠷ ᠳᠡᠰ ᠤᠨ ᠮᠦᠽᠧᠢ ᠪᠠᠷ ᠡᠭᠦᠳᠦᠨ ᠪᠠᠶᠢᠭᠤᠯᠵᠤ᠂ ᠠᠷᠪᠠᠳᠤᠭᠠᠷ ᠬᠤᠭᠤᠴᠠᠭᠠᠨ ᠤ ︽ᠮᠦᠽᠧᠢ ᠶᠢᠨ ᠦᠵᠡᠰᠬᠦᠯᠡᠩ ᠤᠨ ᠴᠤᠭᠯᠠᠭᠠᠨ︾ ᠢ ᠠᠮᠵᠢᠯᠲᠠ ᠲᠠᠢ ᠡᠷᠬᠢᠯᠡᠪᠡ᠃       ᠳᠥᠷᠪᠡ᠂ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢᠯᠡᠳᠲᠡ ᠰᠠᠶᠢᠵᠢᠷᠠᠪᠠ       ᠨᠢᠭᠡ ᠳᠤ᠂ ᠣᠯᠠᠨ ᠨᠡᠶᠢᠲᠡ ᠶᠢᠨ ᠰᠣᠶᠣᠯ ᠤᠨ ᠴᠢᠨᠠᠷ ᠰᠠᠶᠢᠲᠠᠶ ᠣᠷᠣᠨ ᠵᠠᠶ ᠶᠢ ᠪᠠᠶᠢᠭᠤᠯᠪᠠ᠃ ᠵᠢᠯ ᠤᠨ ᠡᠬᠢᠨ ᠳᠤ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠰᠣᠶᠣᠯ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ ᠲᠠᠢ ᠬᠠᠮᠲᠤᠷᠠᠨ ᠡᠷᠲᠡ ᠠᠴᠠ ᠲᠥᠯᠥᠪᠵᠢᠭᠦᠯᠵᠦ᠂ ᠡᠷᠲᠡ ᠠᠴᠠ ᠲᠣᠬᠢᠷᠠᠭᠤᠯᠵᠤ᠂ ᠳᠡᠭᠡᠳᠦ ᠱᠠᠲᠤᠨ ᠤ ᠲᠤᠰᠬᠠᠢ ᠪᠡᠯᠡ ᠮᠥᠩᠭᠦ ᠶᠢ 846 ᠲᠦᠮᠡᠨ ᠲᠥᠭᠦᠷᠢᠭ ᠣᠯᠵᠤ᠂ ᠲᠤᠰ ᠱᠠᠲᠤᠨ ᠠᠴᠠ ᠢᠵᠢ ᠪᠦᠷᠢᠳᠦᠭᠦᠯᠬᠦ ᠪᠡᠯᠡ ᠮᠥᠩᠭᠦ ᠶᠢ 94 ᠲᠦᠮᠡᠨ ᠲᠥᠭᠦᠷᠢᠭ ᠭᠠᠷᠭᠠᠵᠤ᠂ ᠣᠯᠠᠨ ᠨᠡᠢᠲᠡ ᠶᠢᠨ ᠰᠣᠶᠣᠯ ᠤᠨ ᠶᠡᠷᠦᠩᠬᠡᠢ ᠣᠷᠳᠣᠨ ᠬᠤᠪᠢᠶᠠᠷᠢ ᠣᠷᠳᠣᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠥᠬᠡᠬᠤᠲᠠ ᠶᠢᠨ ᠨᠣᠮ ᠤᠨ ᠰᠠᠩ 1 ᠬᠤᠪᠢᠶᠠᠷᠢ ᠣᠷᠳᠣᠨ᠂ 5 ᠨᠡᠭᠦᠳᠡᠯ ᠥᠷᠲᠡᠭᠡ ᠪᠠᠶᠢᠭᠤᠯᠤᠨ᠂ ︽ᠬᠤᠨ ᠭᠠᠯᠠᠭᠤ ᠤᠩᠰᠢᠯᠭ᠎ᠠ︾ ᠨᠡᠷᠡᠲᠦ ᠲᠡᠮᠳᠡᠭ ᠢ ᠡᠭᠦᠳᠪᠡ᠃  ᠬᠤᠶᠠᠷ ᠲᠤ᠂ ᠵᠢᠭᠤᠯᠴᠢᠯᠠᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠪᠠ᠃ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ 50.86 ᠲᠦᠮᠡᠨ ᠲᠥᠭᠦᠷᠢᠭ ᠪᠠᠭᠤᠯᠭᠠᠵᠤ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠶᠢ ᠬᠠᠪᠰᠤᠷᠤᠨ ᠪᠦᠬᠦ ᠬᠤᠲᠠ ᠶᠢᠨ ᠵᠢᠭᠤᠯᠴᠢᠯᠠᠯ ᠤᠨ ᠬᠥᠲᠥᠴᠢ ᠶᠢᠨ ᠤᠷᠤᠯᠳᠤᠭᠠᠨ᠂ ᠪᠦᠬᠦ ᠬᠤᠲᠠ ᠶᠢᠨ ᠵᠢᠭᠤᠯᠴᠢᠯᠠᠯ ᠤᠨ ᠬᠤᠭᠤᠯᠠᠨ ᠭᠡᠷ ᠤᠨ ᠦᠢᠯᠡᠴᠢᠯᠡᠭᠡᠨ ᠤ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠵᠡᠷᠭᠡ ᠠᠵᠢᠯᠯᠠᠭ᠎ᠠ ᠶᠢ ᠥᠷᠨᠢᠭᠦᠯᠵᠦ᠂ ᠵᠢᠭᠤᠯᠴᠢᠯᠠᠯ ᠤᠨ ᠠᠵᠢᠯ ᠡᠷᠬᠢᠯᠡᠭᠴᠢᠳ ᠤᠨ ᠦᠢᠯᠡᠴᠢᠯᠡᠭᠡᠨ ᠤ ᠲᠤᠰᠬᠠᠶᠢᠵᠢᠯᠲᠠ᠂ ᠪᠠᠷᠢᠮᠵᠢᠶᠠᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠭᠤᠷᠪᠠ ᠳᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠵᠢᠯ ᠤᠨ ᠡᠬᠢᠨ ᠤ ᠲᠥᠰᠥᠪ ᠲᠤ 155 ᠲᠦᠮᠡᠨ ᠲᠥᠭᠦᠷᠢᠭ ᠤᠨ ᠪᠡᠯᠡ ᠮᠥᠩᠭᠦ ᠶᠢ ᠴᠤᠬᠤᠯᠠᠪᠤᠷᠢᠯᠠᠨ ᠵᠥᠪᠰᠢᠶᠡᠷᠡᠪᠡ᠃ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠠᠮᠠᠷᠠᠯᠲᠠ ᠶᠢᠨ ᠡᠳᠦᠷ ᠤᠨ ᠵᠢᠭᠤᠯᠴᠢᠯᠠᠯ ᠤᠨ ᠮᠡᠳᠡᠭᠡ ᠵᠠᠩᠭᠢ ᠶᠢ ᠮᠡᠳᠡᠭᠡᠯᠡᠬᠦ ᠲᠣᠭᠲᠠᠴᠠ ᠶᠢ ᠪᠠᠶᠢᠭᠤᠯᠵᠤ᠂ 12345 ᠢᠯᠡᠴᠢᠯᠡᠨ ᠮᠡᠳᠡᠭᠦᠯᠬᠦ ᠤᠲᠠᠰᠤ ᠶᠢ ᠰᠠᠭᠠᠳ ᠦᠭᠡᠢ ᠨᠡᠪᠲᠡᠷᠡᠭᠦᠯᠵᠦ᠂ ᠬᠠᠮᠤᠭ ᠤᠨ ᠲᠡᠷᠢᠭᠦᠨ ᠳᠤ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠵᠢᠭᠤᠯᠴᠢᠯᠠᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠪᠠ᠃
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ