ᠤᠶᠢᠷ᠎ᠠ ᠳᠤ ᠪᠠᠶᠠᠨᠨᠠᠭᠤᠷ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠡᠶᠢᠭᠡᠮ ᠤᠨ ᠬᠥᠭᠵᠢᠯᠲᠡ ᠶᠢᠨ ᠰᠠᠯᠠᠭᠠᠨ ᠤ ᠳᠡᠳ᠋ ᠳᠠᠷᠤᠭ᠎ᠠ | ᠱᠤᠸᠠᠩ ᠶᠧ᠂ ᠳᠤᠮᠳᠠᠳᠤ ᠡᠮᠦᠨᠡᠳᠡᠬᠢ ᠦᠨᠳᠦᠰᠦᠲᠡᠨ ᠤ ᠶᠡᠭᠡ ᠰᠤᠷᠭᠠᠭᠤᠯᠢ ᠶᠢᠨ ᠳ᠋ᠣᠺᠲ᠋ᠣᠷ ᠵᠦ ᠯᠢ᠂ ᠬᠠᠩᠭᠢᠨ ᠬᠤᠶᠢᠲᠤ ᠬᠤᠰᠢᠭᠤᠨ ᠤ ᠨᠢᠭᠡᠳᠦᠮᠡᠯ ᠹᠷᠣᠨᠲ ᠤᠨ | ᠬᠠᠷᠢᠯᠴᠠᠬᠤ ᠦᠢᠯᠡᠴᠢᠯᠡᠭᠡᠨ ᠤ ᠲᠥᠪ ᠤᠨ ᠡᠷᠬᠢᠯᠡᠭᠴᠢ ᠶᠠᠩ ᠳ᠋ᠧ ᠴᠢᠶᠠᠩ᠂ ᠬᠠᠩᠭᠢᠨ ᠬᠤᠶᠢᠲᠤ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ | ᠳᠡᠳ᠋ ᠡᠷᠬᠢᠯᠡᠭᠴᠢ ᠬᠠᠨ ᠬᠤᠶ ᠨᠠᠷ ᠱᠤᠸᠠᠩ ᠮᠢᠶᠣᠣ ᠪᠠᠯᠭᠠᠰᠤᠨ ᠤ ᠪᠣᠷᠣᠲᠣᠬᠤᠶ ᠶᠢᠨ ᠠᠷᠠᠳ ᠤᠨ ᠵᠠᠩ ᠦᠢᠯᠡ ᠶᠢᠨ ᠲᠣᠰᠬᠤᠨ ᠳᠤ ᠬᠦᠷᠴᠦ ᠪᠠᠶᠢᠴᠠᠭᠠᠨ | ᠰᠤᠳᠤᠯᠤᠯᠲᠠ ᠬᠢᠵᠦ᠂ ᠲᠤᠬᠠᠶ ᠶᠢᠨ ᠭᠠᠵᠠᠷ ᠤᠨ ᠦᠨᠳᠦᠰᠦᠲᠡᠨ ᠨᠦᠭᠦᠳ ᠤᠨ ᠲᠡᠤᠬᠡᠨ ᠳᠡᠭᠡᠷᠡᠬᠢ ᠠᠵᠤ ᠠᠬᠤᠶ᠂ ᠰᠣᠶᠣᠯ᠂ ᠨᠡᠶᠢᠭᠡᠮ ᠵᠡᠷᠭᠡ ᠲᠠᠯ᠎ᠠ ᠶᠢᠨ | ᠠᠭᠤᠰᠤᠯᠴᠠᠯ ᠬᠥᠭᠵᠢᠯᠲᠡ ᠶᠢᠨ ᠪᠠᠶᠢᠳᠠᠯ ᠢ ᠣᠶᠢᠯᠠᠭᠠᠵᠤ᠂ ᠱᠤᠸᠠᠩ ᠮᠢᠶᠣᠣ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠪᠠᠯᠭᠠᠰᠤᠨ ᠤ ᠳᠠᠷᠤᠭ᠎ᠠ ᠮᠠ ᠺᠧ ᠱᠣᠣ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠯᠢᠦ ᠵᠢᠶᠠᠨ ᠭᠤᠸᠠᠩ ᠪᠠᠷ᠎ᠠ ᠪᠣᠯᠪᠠ᠃ | | | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠱᠤᠸᠠᠩ ᠮᠢᠶᠣᠣ ᠪᠠᠯᠭᠠᠰᠤᠨ ᠤ ᠨᠠᠮ ᠤᠨ ᠭᠡᠰᠢᠭᠦᠨ ᠺᠠᠳ᠋ᠷ ᠤᠨ ᠬᠥᠮᠦᠵᠢᠯ ᠤᠨ | ᠰᠠᠭᠤᠷᠢᠨ ᠭᠠᠵᠠᠷ᠂ ᠪᠥᠬᠦ ᠣᠷᠣᠨ ᠤ ᠬᠤᠪᠢᠰᠬᠠᠯ ᠤᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ ᠪᠣᠷᠣᠲᠣᠬᠤᠢ ᠶᠢᠨ ᠵᠠᠩ | ᠦᠢᠯᠡ ᠶᠢᠨ ᠲᠣᠰᠬᠤᠨ ᠵᠡᠷᠭᠡ ᠳᠤ ᠬᠦᠷᠴᠦ ᠲᠣᠭᠤᠷᠢᠨ ᠦᠵᠡᠵᠦ ᠵᠢᠭᠠᠨ ᠵᠢᠯᠣᠭᠤᠳᠪᠠ᠃ ᠯᠢᠦ ᠭᠤᠸᠠᠩ ᠽᠢ ᠶᠢᠨ ᠪᠠᠭᠠᠲᠤᠷᠴᠤᠳ ᠤᠨ ᠳᠤᠷᠠᠰᠬᠠᠯ ᠤᠨ | ᠣᠷᠳᠣᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠯᠢᠦ ᠭᠤᠸᠠᠩ ᠽᠢ ᠶᠢᠨ ᠪᠠᠭᠠᠲᠤᠷᠯᠢᠭ ᠦᠢᠯᠡ ᠠᠵᠢᠯᠯᠠᠭ᠎ᠠ ᠶᠢᠨ ᠪᠠᠷᠢᠮᠲᠠᠲᠤ ᠹᠢᠯᠢᠮ ᠢ ᠬᠠᠮᠲᠤᠪᠠᠷ | ᠦᠵᠡᠪᠡ᠃ ︽ᠯᠢᠦ ᠭᠤᠸᠠᠩ ᠽᠢ ᠲᠠᠶᠢᠨ ᠤ ᠳᠤᠮᠳᠠ ᠪᠡᠶ᠎ᠡ ᠦᠷᠡᠭᠳᠡᠬᠦ ᠠᠴᠠ ᠠᠶᠤᠬᠤ ᠦᠭᠡᠢ ᠪᠠᠷ ᠦᠬᠦᠬᠦ ᠠᠴᠠ ᠠᠶᠤᠬᠤ ᠦᠭᠡᠢ ᠪᠠᠶᠢᠵᠤ᠂ ᠡᠩᠬᠡ ᠲᠠᠶᠢᠪᠤᠩ | ᠴᠠᠭ ᠦᠶ᠎ᠡ ᠳᠤ ᠲᠡᠷᠡ ᠭᠠᠪᠢᠶ᠎ᠠ ᠪᠠᠶᠢᠭᠤᠯᠵᠤ ᠣᠮᠣᠷᠬᠠᠭ ᠪᠠᠷᠳᠠᠮ ᠪᠠᠶᠢᠵᠤ᠂ ᠬᠥᠳᠡᠯᠮᠦᠷᠢᠴᠢᠨ ᠠᠷᠠᠳ ᠲᠦᠮᠡᠨ ᠤ ᠮᠥᠨ ᠴᠢᠨᠠᠷ ᠢᠶᠠᠨ ᠢᠮᠠᠭᠲᠠ ᠪᠠᠷᠢᠮᠲᠠᠯᠠᠵᠤ | ᠪᠠᠶᠢᠪᠠ︾᠃ ᠲᠡᠷᠡ ᠠᠷᠪᠠᠨ ᠬᠡᠳᠦᠨ ᠵᠢᠯ ᠨᠢᠭᠡ ᠯᠡ ᠡᠳᠦᠷ ᠰᠢᠭ᠂ ᠣᠯᠠᠨ ᠲᠦᠮᠡᠨ ᠲᠠᠢ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠨᠠᠮ ᠪᠣᠯᠣᠨ ᠠᠷᠠᠳ | ᠲᠦᠮᠡᠨ ᠳᠤ ᠬᠢᠵᠠᠭᠠᠯᠠᠰᠢ ᠦᠭᠡᠢ ᠦᠨᠡᠨᠴᠢ ᠰᠢᠳᠤᠷᠭᠤ ᠪᠠᠢᠯ᠎ᠠ᠃ ᠪᠢᠳᠡ ᠰᠢᠨ᠎ᠡ ᠴᠠᠭ ᠦᠶ᠎ᠡ ᠶᠢᠨ ᠺᠠᠳ᠋ᠷ ᠪᠣᠯᠤᠭᠰᠠᠨ ᠤ ᠬᠤᠪᠢ ᠳᠤ᠂ ᠯᠢᠦ ᠭᠤᠸᠠᠩ ᠽᠢ ᠰᠢᠭ | ᠭᠤᠶᠠᠴᠢ ᠦᠭᠡᠢ ᠬᠤᠪᠢ ᠨᠡᠮᠡᠷᠢ ᠦᠵᠡᠭᠦᠯᠬᠦ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠬᠦ ᠰᠢᠯᠢᠳᠡᠭ ᠵᠠᠩ ᠴᠢᠨᠠᠷ ᠪᠣᠯᠤᠨ ᠡᠷᠬᠢᠮ ᠳᠡᠭᠡᠳᠦ ᠵᠣᠷᠢᠭ | ᠰᠠᠨᠠᠭ᠎ᠠ ᠶᠢ ᠰᠤᠷᠤᠯᠴᠠᠬᠤ ᠬᠡᠷᠡᠭᠲᠡᠢ᠃ ︾ ᠪᠠᠯᠭᠠᠰᠤᠨ ᠳᠠᠷᠤᠭ᠎ᠠ ᠮᠠ ᠺᠧ ᠱᠦ ᠲᠠᠨᠢᠯᠴᠠᠭᠤᠯᠪᠠ᠃ | | | | ᠳᠠᠷᠠᠭ᠎ᠠ ᠨᠢ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠠᠩ ᠦᠢᠯᠡ ᠶᠢᠨ ᠲᠣᠰᠬᠤᠨ ᠤ ᠡᠯ᠎ᠡ ᠤᠨᠴᠠᠯᠢᠭᠳᠤ ᠦᠵᠡᠭᠦᠯᠦᠯᠭᠡ ᠶᠢᠨ ᠲᠢᠩᠬᠢᠮ ᠢ | ᠲᠣᠭᠤᠷᠢᠨ ᠦᠵᠡᠪᠡ᠃ ᠭᠤᠯᠢᠷ ᠳᠣᠲᠣᠷ᠎ᠠ᠂ ᠭᠤᠶᠣ ᠰᠠᠶᠢᠬᠠᠨ ᠭᠤᠯᠢᠷ ᠱᠤᠭᠤᠮᠠᠯ ᠨᠢ ᠣᠯᠠᠨ ᠤ ᠠᠩᠬᠠᠷᠤᠯ ᠢ ᠲᠠᠲᠠᠪᠠ᠃ ᠭᠤᠯᠢᠷ ᠤᠨ ᠰᠦᠯᠢᠶᠣᠣ | ᠦᠵᠡᠭᠦᠯᠦᠯᠭᠡ ᠶᠢᠨ ᠣᠷᠳᠣᠨ ᠳᠤ ᠣᠷᠣᠬᠤ ᠳᠤ ᠡᠯᠳᠡᠪ ᠵᠦᠢᠯ ᠤᠨ ᠴᠡᠴᠡᠭᠲᠦ ᠮᠠᠨᠲᠠᠤ ᠪᠦᠲᠦᠭᠡᠯ ᠢ ᠣᠯᠵᠤ ᠬᠠᠷᠠᠵᠤ ᠪᠣᠯᠤᠨ᠎ᠠ᠃ ︿ᠮᠤᠭᠠᠢ ᠶᠢᠨ ᠲᠠᠪᠠᠭ ᠲᠠᠪᠠᠭ | ᠲᠠᠤᠯᠠᠢ ᠶᠢᠨ ᠵᠠᠭᠪᠤᠷ ᠨᠢ ᠮᠠᠨ ᠤ ᠲᠤᠬᠠᠢ ᠶᠢᠨ ᠭᠠᠵᠠᠷ ᠠᠴᠠ ᠢᠷᠡᠭᠰᠡᠨ ︿ᠮᠤᠭᠠᠢ ᠶᠢᠨ ᠲᠠᠪᠠᠭ ᠲᠠᠤᠯᠠᠢ᠂ ᠦᠶ᠎ᠡ ᠶᠢᠨ ᠦᠶ᠎ᠡ ᠳᠤ ᠪᠠᠶᠠᠨ ﹀ ᠭᠡᠳᠡᠭ ᠨᠢ ᠪᠠᠰᠠ | ᠬᠡᠰᠢᠭ ᠪᠤᠶᠠᠨ ᠬᠡᠰᠢᠭ᠂ ᠵᠢᠯ ᠳᠠᠷᠠᠭᠠᠯᠠᠨ ᠬᠤᠷᠰᠢᠶᠠᠯᠠᠯ ᠲᠠᠢ ᠁ ﹀ ᠭᠡᠳᠡᠭ᠃ ᠱᠤᠸᠠᠩ ᠮᠢᠶᠣᠣ ᠪᠠᠯᠭᠠᠰᠤ ᠬᠠᠩᠭᠢᠨ ᠬᠤᠶᠢᠲᠤ ᠬᠤᠰᠢᠭᠤᠨ ᠤ ᠪᠠᠷᠠᠭᠤᠨ | ᠬᠡᠰᠡᠭ ᠲᠤ ᠪᠠᠶᠢᠷᠢᠯᠠᠵᠤ᠂ ᠤᠯᠠᠭᠠᠨᠪᠤᠬ᠎ᠠ ᠶᠢᠨ ᠡᠯᠡᠰᠦ ᠲᠠᠢ ᠵᠠᠯᠭᠠᠯᠳᠤᠵᠤ᠂ ᠠᠳᠡᠬᠢ ᠣᠯᠠᠩᠬᠢ ᠨᠢ ᠴᠥᠮ ᠠᠷᠠᠳ ᠢᠷᠭᠡᠳ ᠠᠵᠢᠯᠴᠢ ᠬᠥᠳᠡᠯᠮᠦᠷᠢᠴᠢ᠂ ᠰᠡᠴᠡᠨ | ᠰᠡᠷᠭᠦᠯᠡᠩ᠂ ᠠᠰᠪᠤᠷ ᠰᠢᠯᠤᠭᠤᠨ᠂ ᠴᠠᠶᠢᠯᠭᠠᠨ ᠴᠠᠭᠠᠪᠤᠷ ᠮᠥᠷᠲᠡᠭᠡᠨ ᠢᠳᠡᠭᠡᠨ ᠤᠮᠳᠠᠭᠠᠨ ᠤ ᠰᠣᠶᠣᠯ ᠴᠤ ᠮᠠᠰᠢ ᠪᠠᠶᠠᠯᠢᠭ ᠪᠠᠶᠢᠵᠤ᠂ ᠣᠳᠣᠬᠠᠨ ᠳᠤ ᠬᠡᠳᠦᠨ | ᠲᠠᠲᠠᠮᠠᠯ ᠭᠤᠯᠢᠷ ᠪᠠ ᠭᠡᠵᠢᠭᠡ ᠲᠠᠢ ᠮᠠᠨᠲᠠᠤ ᠬᠠᠮᠤᠭ ᠤᠨ ᠠᠯᠳᠠᠷ ᠬᠦᠨᠳᠦ ᠲᠠᠢ ᠪᠠᠶᠢᠨ᠎ᠠ ︾ ᠭᠡᠪᠡ᠃ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠳᠡᠳ᠋ | ᠡᠷᠬᠢᠯᠡᠭᠴᠢ ᠬᠠᠨ ᠬᠤᠢ ᠢᠨᠢᠶᠡᠨ ᠬᠡᠯᠡᠪᠡ᠃ | | | | ᠡᠴᠦᠰ ᠲᠤ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠡᠶᠢᠭᠡᠮ ᠤᠨ ᠬᠥᠭᠵᠢᠯᠲᠡ ᠶᠢᠨ ᠰᠠᠯᠠᠭᠠᠨ ᠤ ᠳᠡᠳ᠋ ᠳᠠᠷᠤᠭ᠎ᠠ ᠱᠤᠸᠠᠩ ᠶᠧ | ᠴᠢᠬᠤᠯᠠᠴᠢᠯᠠᠬᠤ ᠳᠤ ᠪᠠᠨ᠂ ᠦᠨᠳᠦᠰᠦᠲᠡᠨ ᠤ ᠰᠣᠶᠣᠯ ᠤᠨ ᠤᠯᠠᠮᠵᠢᠯᠠᠯ ᠬᠢᠭᠡᠳ ᠳᠠᠪᠰᠢᠯᠲᠠ ᠶᠢ ᠴᠢᠬᠤᠯᠠᠴᠢᠯᠠᠵᠤ᠂ ᠦᠨᠳᠦᠰᠦᠲᠡᠨ ᠪᠦᠬᠦᠨ ᠭᠠᠷ ᠬᠤᠯᠪᠣᠯᠴᠠᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠴᠢᠬᠤᠯᠠ ᠴᠢᠨᠠᠷ ᠢ ᠴᠢᠬᠤᠯᠠᠴᠢᠯᠠᠪᠠ᠃ ᠳᠠᠷᠠᠭᠠᠴᠢ ᠶᠢᠨ | ᠠᠯᠬᠤᠮ ᠳᠤ᠂ ᠱᠤᠸᠠᠩ ᠮᠢᠶᠣᠣ ᠪᠠᠯᠭᠠᠰᠤᠨ ᠤ ᠨᠠᠮ ᠤᠨ ᠬᠤᠷᠢᠶ᠎ᠠ ᠪᠠᠶᠢᠴᠠᠭᠠᠨ ᠰᠤᠳᠤᠯᠵᠤ ᠵᠢᠯᠣᠭᠤᠳᠬᠤ ᠰᠠᠨᠠᠯ ᠢᠶᠠᠨ ᠪᠠᠲᠤ ᠴᠡᠭᠡᠵᠢᠯᠡᠵᠦ᠂ ︽ᠦᠵᠡᠯ | ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ ︾ ᠶᠡᠷᠦᠩᠬᠡᠢ ᠱᠠᠭᠠᠷᠳᠠᠯᠭ᠎ᠠ ᠶᠢ | ᠪᠠᠲᠤ ᠡᠵᠡᠮᠳᠡᠵᠦ᠂ ᠭᠦᠨᠵᠡᠭᠡᠢ ᠠᠬᠢᠭᠤᠯᠵᠤ᠂ ᠦᠷᠭᠦᠯᠵᠢᠯᠡᠨ ᠬᠦᠴᠦᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠪᠠᠬᠢ ᠪᠤᠢ ᠪᠣᠯᠭᠠᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ |