| ᠡᠪᠡᠳᠴᠢᠨ ᠦᠵᠡᠭᠦᠯᠬᠦ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠪᠡᠳᠴᠢᠲᠡᠨ ᠤ ᠡᠪᠡᠳᠴᠢᠨ ᠦᠵᠡᠭᠦᠯᠬᠦ ᠦᠷᠭᠦᠯᠵᠢᠯᠡᠯᠳᠦ ᠴᠢᠨᠠᠷ ᠢ | ᠪᠠᠲᠤᠯᠠᠨ᠂ ᠡᠪᠡᠳᠴᠢᠲᠡᠨ ᠤ ᠡᠪᠡᠳᠴᠢᠨ ᠦᠵᠡᠭᠦᠯᠬᠦ ᠥᠩᠭᠡᠷᠡᠯᠲᠡ ᠶᠢ ᠰᠠᠶᠢᠵᠢᠷᠠᠭᠤᠯᠬᠤ ᠶᠢᠨ ᠲᠥᠯᠥᠭᠡ᠂ 10 ᠰᠠᠷ᠎ᠠ ᠶᠢᠨ 25 ᠤ ᠡᠳᠦᠷ ᠠᠴᠠ ᠡᠬᠢᠯᠡᠨ᠂ | ᠬᠠᠩᠭᠢᠨ ᠬᠤᠶᠢᠲᠤ ᠬᠤᠰᠢᠭᠤᠨ ᠤ ᠡᠮᠨᠡᠯᠭᠡ ᠶᠢᠨ ᠬᠤᠷᠢᠶᠠᠨ ᠤ ᠠᠷᠠᠳ ᠲᠤ ᠲᠥᠬᠦᠮ ᠦᠵᠡᠭᠦᠯᠬᠦ ᠡᠪᠡᠳᠴᠢᠨ ᠦᠵᠡᠭᠦᠯᠬᠦ ᠦᠢᠯᠡᠴᠢᠯᠡᠭᠡᠨ ᠤ ᠰᠢᠨ᠎ᠡ ᠠᠷᠭ᠎ᠠ | ᠬᠡᠮᠵᠢᠶ᠎ᠡ ᠶᠢ ︽ᠨᠢᠭᠡ ᠤᠳᠠᠭ᠎ᠠ ᠳᠤ ᠭᠤᠷᠪᠠᠨ ᠡᠳᠦᠷ ᠤᠨ ᠳ᠋ᠤᠭᠠᠷ ᠠᠪᠴᠤ ᠬᠠᠮᠢᠶᠠᠷᠬᠤ︾ ᠤᠨ ᠨᠤᠮᠧᠷ ᠠᠪᠴᠤ ᠪᠣᠯᠬᠤ ᠲᠣᠭᠲᠠᠭᠠᠯ ᠢ ᠡᠬᠢᠯᠡᠵᠦ ᠬᠡᠷᠡᠭᠵᠢᠭᠦᠯᠦᠨ᠎ᠡ︕ | | | | | | | | ᠶᠠᠭᠤ ᠶᠢ ︽ᠨᠢᠭᠡ ᠤᠳᠠᠭ᠎ᠠ ᠳᠤ ᠭᠤᠷᠪᠠᠨ ᠡᠳᠦᠷ ᠤᠨ ᠳ᠋ᠤᠭᠠᠷ ᠠᠪᠴᠤ ᠬᠠᠮᠢᠶᠠᠷᠬᠤ︾ ᠭᠡᠬᠦ ᠪᠤᠢ︖ | ︽ᠨᠢᠭᠡ ᠤᠳᠠᠭ᠎ᠠ ᠳᠤ ᠭᠤᠷᠪᠠᠨ ᠡᠳᠦᠷ ᠤᠨ ᠳ᠋ᠤᠭᠠᠷ ᠠᠪᠴᠤ ᠬᠠᠮᠢᠶᠠᠷᠬᠤ︾ ᠭᠡᠳᠡᠭ ᠨᠢ ᠡᠩ ᠤᠨ ᠡᠭᠦᠳᠡᠨ ᠡᠮᠨᠡᠯᠭᠡ ᠳᠤ ᠠᠩᠬ᠎ᠠ ᠤᠳᠠᠭ᠎ᠠ ᠡᠮᠨᠡᠭᠦᠯᠬᠦ | ᠦᠶ᠎ᠡ ᠳᠤ᠂ ᠲᠤᠬᠠᠶ ᠶᠢᠨ ᠡᠳᠦᠷ ᠲᠤ ᠰᠢᠯᠭᠠᠨ ᠪᠠᠶᠢᠴᠠᠭᠠᠬᠤ᠂ ᠪᠠᠶᠢᠴᠠᠭᠠᠵᠤ ᠳᠡᠶᠢᠯᠬᠦ ᠦᠭᠡᠢ ᠪᠤᠶᠤ ᠮᠡᠳᠡᠭᠦᠯᠦᠯᠲᠡ ᠣᠯᠵᠤ ᠳᠡᠶᠢᠯᠬᠦ ᠦᠭᠡᠢ ᠵᠡᠷᠭᠡ | ᠰᠢᠯᠲᠠᠭᠠᠨ ᠠᠴᠠ ᠪᠣᠯᠵᠤ ᠲᠣᠰ ᠤᠳᠠᠭᠠᠨ ᠤ ᠡᠭᠦᠳᠡᠨ ᠡᠮᠨᠡᠯᠭᠡ ᠶᠢᠨ ᠡᠮᠴᠢᠯᠡᠭᠦᠯᠦᠯᠲᠡ ᠶᠢ ᠪᠡᠶᠡᠯᠡᠭᠦᠯᠵᠦ ᠴᠢᠳᠠᠭᠰᠠᠨ ᠦᠭᠡᠢ ᠪᠠᠶᠢᠪᠠᠯ᠂ ᠡᠪᠡᠳᠴᠢᠲᠡᠨ | ᠦᠷᠭᠦᠯᠵᠢᠯᠡᠨ ᠡᠮᠨᠡᠯᠭᠡ ᠶᠢᠨ ᠬᠤᠷᠢᠶᠠᠨ ᠳᠤ ᠬᠦᠷᠴᠦ ᠮᠡᠳᠡᠭᠦᠯᠦᠯᠲᠡ᠂ ᠡᠪᠡᠳᠴᠢᠨ ᠢᠶᠠᠨ ᠦᠵᠡᠭᠦᠯᠬᠦ ᠴᠢᠬᠤᠯᠠᠲᠠᠢ ᠪᠠᠶᠢᠪᠠᠯ᠂ ᠭᠤᠷᠪᠠᠨ ᠡᠳᠦᠷ ᠤᠨ ᠳᠣᠲᠣᠷ᠎ᠠ ︵ | ᠠᠩᠬ᠎ᠠ ᠤᠳᠠᠭ᠎ᠠ ᠡᠮᠴᠢᠯᠡᠭᠦᠯᠦᠭᠰᠡᠨ ᠲᠤᠬᠠᠢ ᠶᠢᠨ ᠡᠳᠦᠷ ᠢ ᠪᠠᠭᠲᠠᠭᠠᠨ᠎ᠠ︶᠂ ᠰᠢᠯᠭᠠᠨ ᠪᠠᠶᠢᠴᠠᠭᠠᠵᠤ᠂ ᠪᠠᠶᠢᠴᠠᠭᠠᠭᠰᠠᠨ ᠦᠷ᠎ᠡ ᠳ᠋ᠦᠩ ᠢᠶᠠᠨ ᠠᠪᠴᠤ ᠲᠤᠰ | ᠬᠤᠷᠢᠶᠠᠨ ᠤ ᠠᠳᠠᠯᠢ ᠨᠢᠭᠡᠨ ᠰᠠᠯᠠᠭ᠎ᠠ ᠲᠠᠰᠤᠭ ᠲᠤ ᠣᠴᠢᠵᠤ ᠡᠮᠴᠢᠯᠡᠭᠦᠯᠦᠭᠰᠡᠨ ︵ᠳᠠᠬᠢᠨ ᠣᠨᠣᠰᠢᠯᠠᠭᠰᠠᠨ︶ ᠦᠶ᠎ᠡ ᠳᠤ᠂ ᠡᠩ ᠤᠨ ᠡᠭᠦᠳᠡᠨ ᠡᠮᠨᠡᠯᠭᠡ ᠶᠢᠨ | ᠪᠠᠶᠢᠴᠠᠭᠠᠯᠲᠠ ᠶᠢᠨ ᠵᠠᠷᠤᠳᠠᠯ ︵ᠳ᠋ᠤᠭᠠᠷᠯᠠᠬᠤ ᠵᠠᠷᠤᠳᠠᠯ︶ ᠢ ᠬᠦᠷᠲᠡᠭᠡᠵᠦ᠂ ᠲᠤᠰ ᠡᠳᠦᠷ ᠲᠤᠨᠢ ᠡᠮᠴᠢᠯᠡᠭᠦᠯᠦᠭᠰᠡᠨ ᠡᠮᠴᠢ ᠨᠢ ᠡᠪᠡᠳᠴᠢᠲᠡᠨ ᠳᠤ ᠡᠭᠦᠳᠡᠨ | ᠡᠮᠨᠡᠯᠭᠡ ᠶᠢᠨ ᠪᠠᠶᠢᠴᠠᠭᠠᠯᠲᠠ ᠪᠠ ᠡᠪᠡᠳᠴᠢᠨ ᠤ ᠪᠠᠶᠢᠳᠠᠯ ᠢ ᠲᠠᠶᠢᠯᠪᠤᠷᠢᠯᠠᠬᠤ ᠠᠵᠢᠯ ᠢ ᠦᠷᠭᠦᠯᠵᠢᠯᠡᠨ ᠬᠢᠵᠦ ᠳᠠᠭᠤᠰᠬᠠᠬᠤ ᠶᠢ ᠵᠢᠭᠠᠵᠤ ᠪᠠᠶᠢᠨ᠎ᠠ᠃ | ︽ᠨᠢᠭᠡ ᠤᠳᠠᠭ᠎ᠠ ᠳᠤ ᠭᠤᠷᠪᠠᠨ ᠡᠳᠦᠷ ᠤᠨ ᠳ᠋ᠤᠭᠠᠷ ᠠᠪᠴᠤ ᠬᠠᠮᠢᠶᠠᠷᠬᠤ ︾ ᠭᠡᠳᠡᠭ ᠨᠢ ᠠᠯᠢ ᠭᠤᠷᠪᠠᠨ ᠡᠳᠦᠷ ᠢ ᠵᠢᠭᠠᠵᠤ ᠪᠠᠶᠢᠬᠤ ᠪᠣᠢ︖ | ᠡᠮᠨᠡᠭᠦᠯᠵᠦ ᠪᠠᠶᠢᠭ᠎ᠠ ᠡᠳᠦᠷ ᠨᠢ 2 ᠡᠳᠦᠷ᠃ ᠮᠠᠨ ᠤ ᠡᠮᠨᠡᠯᠭᠡ ᠠᠮᠠᠷᠠᠯᠲᠠ ᠶᠢᠨ ᠡᠳᠦᠷ ᠤᠨ ᠡᠮᠨᠡᠯᠭᠡ ᠪᠠᠶᠢᠬᠤ ᠦᠭᠡᠢ᠂ ᠭᠠᠷᠠᠭ ᠤᠨ ᠰᠡᠭᠦᠯᠴᠢ᠂ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠲᠤ ᠬᠡᠪ ᠤᠨ ᠪᠠᠶᠢᠳᠠᠯ ᠢᠶᠠᠷ ᠡᠮᠴᠢᠯᠡᠵᠦ᠂ ︽ᠨᠢᠭᠡ ᠤᠳᠠᠭ᠎ᠠ ᠳᠤ ᠭᠤᠷᠪᠠᠨ ᠡᠳᠦᠷ ᠤᠨ ᠳ᠋ᠤᠭᠠᠷ ᠠᠪᠴᠤ ᠬᠠᠮᠢᠶᠠᠷᠬᠤ ︾ ᠤᠨ | ᠲᠥᠷᠥ ᠶᠢᠨ ᠪᠣᠳᠣᠯᠭ᠎ᠠ ᠪᠠᠷ ᠳᠠᠬᠢᠨ ᠡᠮᠴᠢᠯᠡᠪᠡ︔ ᠭᠠᠷᠠᠭ ᠤᠨ ᠰᠡᠭᠦᠯᠴᠢ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠲᠤ ᠬᠡᠷᠪᠡ ᠡᠮᠴᠢᠯᠡᠭᠡᠨ ᠬᠢᠭᠰᠡᠨ ᠦᠭᠡᠢ ᠪᠣᠯ | ᠰᠠᠯᠠᠭ᠎ᠠ ᠲᠠᠰᠤᠭ ᠨᠡᠭᠡᠭᠡᠵᠦ ᠠᠮᠵᠢᠬᠤ ᠪᠣᠯᠤᠨ᠎ᠠ᠃ | ︽ᠨᠢᠭᠡ ᠤᠳᠠᠭ᠎ᠠ ᠳᠤ ᠭᠤᠷᠪᠠᠨ ᠡᠳᠦᠷ ᠤᠨ ᠳ᠋ᠤᠭᠠᠷ ᠠᠪᠴᠤ ᠬᠠᠮᠢᠶᠠᠷᠬᠤ ︾ ᠭᠡᠳᠡᠭ ᠨᠢ ᠠᠯᠢ ᠡᠭᠦᠳᠡᠨ ᠡᠮᠨᠡᠯᠭᠡ ᠳᠤ ᠲᠣᠬᠢᠷᠠᠬᠤ ᠪᠤᠢ︖ | ᠡᠩ ᠤᠨ ᠡᠭᠦᠳᠡᠨ ᠡᠮᠨᠡᠯᠭᠡ᠂ ᠲᠤᠰᠬᠠᠢ ᠮᠡᠷᠭᠡᠵᠢᠯᠲᠡᠨ ᠤ ᠡᠭᠦᠳᠡᠨ ᠡᠮᠨᠡᠯᠭᠡ ᠳᠤ ᠡᠮᠨᠡᠭᠦᠯᠬᠦ ᠳᠤ ᠲᠣᠬᠢᠷᠠᠨ᠎ᠠ᠂ ᠰᠦᠢᠳᠬᠡᠯ ᠬᠤᠷᠢᠶᠠᠬᠤ ᠦᠭᠡᠢ ᠬᠡᠪᠴᠢᠶ᠎ᠡ ᠨᠢ | ᠵᠥᠪᠬᠡᠨ ᠠᠳᠠᠯᠢ ᠨᠢᠭᠡᠨ ᠡᠪᠡᠳᠴᠢᠨ᠂ ᠠᠳᠠᠯᠢ ᠨᠢᠭᠡᠨ ᠰᠠᠯᠠᠭ᠎ᠠ ᠲᠠᠰᠤᠭ ᠲᠤ ᠬᠢᠵᠠᠭᠠᠷᠯᠠᠭᠳᠠᠨ᠎ᠠ᠃ ᠲᠦᠷᠭᠡᠨ ᠡᠮᠴᠢᠯᠡᠭᠡ᠂ ᠰᠠᠯᠠᠭ᠎ᠠ ᠲᠠᠰᠤᠭ ᠠᠯᠤᠰᠯᠠᠭᠰᠠᠨ | ᠡᠭᠦᠳᠡᠨ ᠡᠮᠨᠡᠯᠭᠡ᠂ ᠣᠯᠠᠨ ᠰᠢᠨᠵᠢᠯᠡᠭᠡᠨ ᠤ ᠰᠠᠯᠠᠭ᠎ᠠ ᠬᠠᠮᠲᠤᠷᠠᠭᠰᠠᠨ ᠣᠨᠣᠰᠢᠯᠠᠨ ᠡᠮᠨᠡᠬᠦ ᠡᠭᠦᠳᠡᠨ ᠡᠮᠨᠡᠯᠭᠡ᠂ ᠣᠨᠴᠠ ᠬᠡᠷᠡᠭᠴᠡᠭᠡᠨ ᠤ ᠡᠭᠦᠳᠡᠨ ᠡᠮᠨᠡᠯᠭᠡ ᠵᠡᠷᠭᠡ ᠳᠤ | ᠲᠣᠬᠢᠷᠠᠬᠤ ᠦᠭᠡᠢ᠃ | ᠶᠠᠮᠠᠷ ᠶᠠᠮᠠᠷ ᠪᠠᠶᠢᠳᠠᠯ ᠳᠤ ︽ᠨᠢᠭᠡ ᠤᠳᠠᠭ᠎ᠠ ᠳᠤ ᠭᠤᠷᠪᠠᠨ ᠡᠳᠦᠷ ᠤᠨ ᠳ᠋ᠤᠭᠠᠷ ᠠᠪᠴᠤ ᠬᠠᠮᠢᠶᠠᠷᠬᠤ ︾ ᠤᠨ ᠰᠦᠢᠳᠬᠡᠯ ᠬᠤᠷᠢᠶᠠᠬᠤ ᠦᠭᠡᠢ ᠪᠠᠷ | ᠣᠨᠣᠰᠢᠯᠠᠨ ᠪᠠᠶᠢᠴᠠᠭᠠᠬᠤ ᠬᠡᠪᠴᠢᠶᠡᠨ ᠳᠤ ᠪᠠᠭᠲᠠᠬᠤ ᠦᠭᠡᠢ ᠪᠤᠢ︖ | 1. ᠡᠪᠡᠳᠴᠢᠲᠡᠨ ᠳᠠᠬᠢᠨ ᠡᠮᠨᠡᠭᠦᠯᠬᠦ ᠦᠶ᠎ᠡ ᠳᠤ ᠪᠤᠰᠤᠳ ᠲᠤᠰᠬᠠᠶ ᠰᠠᠯᠠᠭᠠᠨ ᠤ ᠡᠪᠡᠳᠴᠢᠨ ᠢ ᠣᠯᠵᠤ ᠮᠡᠳᠡᠪᠡᠯ᠂ ᠪᠤᠰᠤᠳ ᠰᠠᠯᠠᠭ᠎ᠠ ᠲᠠᠰᠤᠭ ᠲᠤ | ᠡᠮᠨᠡᠭᠦᠯᠬᠦ ᠴᠢᠬᠤᠯᠠᠲᠠᠶ ᠪᠠᠶᠢᠪᠠᠯ᠂ ᠪᠤᠰᠤᠳ ᠰᠠᠯᠠᠭ᠎ᠠ ᠲᠠᠰᠤᠭ ᠤᠨ ᠳ᠋ᠤᠭᠠᠷ ᠢᠶᠠᠨ ᠳᠠᠬᠢᠨ ᠡᠯᠭᠦᠬᠦ ᠶᠢᠨ ᠬᠠᠮᠲᠤ ᠡᠭᠦᠳᠡᠨ ᠡᠮᠨᠡᠯᠭᠡ ᠶᠢᠨ ᠪᠠᠶᠢᠴᠠᠭᠠᠯᠲᠠ ᠶᠢᠨ ᠵᠠᠷᠤᠳᠠᠯ | ᠬᠤᠷᠢᠶᠠᠬᠤ ᠬᠡᠷᠡᠭᠲᠡᠶ︔ | 2. ᠠᠩᠬᠠᠳᠤᠭᠠᠷ ᠤᠳᠠᠭᠠᠨ ᠤ ᠣᠨᠣᠰᠢᠯᠠᠨ ᠡᠮᠨᠡᠬᠦ ᠠᠵᠢᠯ ᠢ ᠨᠢᠭᠡᠨᠲᠡ ᠳᠠᠭᠤᠰᠬᠠᠪᠠ᠂ ᠪᠠᠰᠠ ᠳᠡᠭᠡᠳᠦ ᠨᠢᠭᠡᠳᠦᠭᠡᠷ ᠳᠡᠰ ᠤᠨ ᠡᠮᠴᠢ ᠶᠢᠨ ᠣᠨᠣᠰᠢᠯᠠᠨ ᠡᠮᠨᠡᠬᠦ | ᠡᠪᠡᠳᠴᠢᠲᠡᠨ ᠢ ᠪᠠᠭᠲᠠᠭᠠᠬᠤ ᠦᠭᠡᠢ︔ | 3. ᠡᠪᠡᠳᠴᠢᠲᠡᠨ ᠳᠠᠪᠬᠤᠷᠳᠠᠭᠤᠯᠤᠨ ᠡᠮ ᠥᠭᠴᠦ ᠪᠠᠶᠢᠭ᠎ᠠ ᠪᠠᠶᠢᠳᠠᠯ︔ | 4᠂ ᠨᠢᠭᠡᠨᠲᠡ ᠨᠢᠭᠡᠳᠦᠭᠡᠷ ᠤᠳᠠᠭᠠᠨ ᠤ ᠡᠭᠦᠳᠡᠨ ᠡᠮᠨᠡᠯᠭᠡ ᠶᠢᠨ ᠣᠨᠣᠰᠢᠯᠠᠨ ᠡᠮᠨᠡᠬᠦ ᠠᠵᠢᠯ ᠢ ᠪᠡᠶᠡᠯᠡᠭᠦᠯᠦᠭᠰᠡᠨ ᠪᠣᠯᠪᠠᠴᠤ ᠤᠤᠯ ᠡᠪᠡᠳᠴᠢᠨ ᠪᠤᠶᠤ ᠪᠤᠰᠤᠳ | ᠡᠪᠡᠳᠴᠢᠨ ᠠᠴᠠ ᠪᠣᠯᠵᠤ ᠳᠠᠬᠢᠨ ᠳᠠᠪᠲᠠᠨ ᠡᠮᠨᠡᠭᠦᠯᠵᠦ ᠪᠠᠶᠢᠭ᠎ᠠ ᠡᠪᠡᠳᠴᠢᠲᠡᠨ ︵ᠵᠢᠱᠢᠶᠡᠯᠡᠪᠡᠯ ᠬᠡᠦᠬᠡᠳ ᠤᠨ ᠡᠮᠨᠡᠯᠭᠡ ᠶᠢᠨ ᠳᠠᠬᠢᠨ ᠬᠠᠯᠠᠭᠤᠷᠠᠭᠰᠠᠨ ᠵᠡᠷᠭᠡ︶ ᠢ | ᠪᠠᠭᠲᠠᠭᠠᠨ᠎ᠠ᠃ | ︽ᠨᠢᠭᠡ ᠤᠳᠠᠭ᠎ᠠ ᠳᠤ ᠭᠤᠷᠪᠠᠨ ᠡᠳᠦᠷ ᠤᠨ ᠳ᠋ᠤᠭᠠᠷ ᠠᠪᠴᠤ ᠬᠠᠮᠢᠶᠠᠷᠬᠤ ︾ ᠪᠤᠴᠠᠵᠤ ᠡᠮᠨᠡᠭᠦᠯᠬᠦ ︵ᠳᠠᠬᠢᠨ ᠡᠮᠨᠡᠭᠦᠯᠬᠦ︶ ᠡᠪᠡᠳᠴᠢᠲᠡᠨ ᠮᠥᠷᠯᠡᠨ ᠨᠣᠮᠧᠷ | ᠳᠠᠭᠤᠳᠠᠬᠤ ᠴᠢᠬᠤᠯᠠᠲᠠᠢ ᠤᠤ︖ | ︽ᠴᠢᠬᠤᠯᠠᠲᠠᠢ︕︾ ᠭᠡᠳ ᠡᠪᠡᠳᠴᠢᠨ ᠦᠵᠡᠭᠦᠯᠬᠦ ᠡᠮᠬᠢ ᠲᠢᠭᠯᠢᠮ ᠢ ᠪᠠᠲᠤᠯᠠᠬᠤ ᠶᠢᠨ ᠲᠥᠯᠥᠭᠡ᠂ ᠳᠠᠬᠢᠨ ᠡᠮᠨᠡᠭᠦᠯᠦᠭᠰᠡᠨ ᠡᠪᠡᠳᠴᠢᠲᠡᠨ ᠢ ᠡᠪᠡᠳᠴᠢᠨ | ᠦᠵᠡᠭᠦᠯᠬᠦ ᠰᠠᠯᠠᠭ᠎ᠠ ᠲᠠᠰᠤᠭ ᠤᠨ ᠪᠠᠶᠢᠭ᠎ᠠ ᠣᠷᠣᠨ ᠪᠦᠰᠡ ᠶᠢᠨ ᠬᠤᠪᠢᠶᠠᠷᠢ ᠡᠮᠴᠢᠯᠡᠭᠡᠨ ᠤ ᠲᠠᠪᠴᠠᠩ ᠳᠤ ᠬᠦᠷᠴᠦ᠂ ᠳ᠋ᠤᠭᠠᠷᠯᠠᠭᠰᠠᠨ ᠭᠡᠷᠡᠴᠢ ᠪᠠᠷᠢᠮᠲᠠ ᠪᠠ ᠬᠠᠮᠢᠶ᠎ᠠ | ᠪᠦᠬᠦᠢ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠶᠢᠨ ᠬᠠᠭᠤᠳᠠᠰᠤ ᠪᠠᠨ ᠭᠠᠷᠭᠠᠨ ᠦᠵᠡᠭᠦᠯᠵᠦ᠂ ᠡᠮᠴᠢᠯᠡᠭᠡᠨ ᠤ ᠠᠵᠢᠯᠲᠠᠨ ᠤᠤᠯ ᠤᠨ ᠰᠠᠯᠠᠭ᠎ᠠ ᠲᠠᠰᠤᠭ ᠤᠨ | ᠳ᠋ᠤᠭᠠᠷ ᠢ ᠰᠣᠩᠭᠤᠨ ᠡᠮᠨᠡᠭᠦᠯᠵᠦ᠂ ᠡᠮᠨᠡᠭᠦᠯᠬᠦ ᠲᠡᠰ ᠳᠠᠷᠠᠭᠠᠯᠠᠯ ᠢ ᠲᠤᠬᠠᠶ ᠶᠢᠨ ᠡᠳᠦᠷ ᠲᠤ ᠡᠮᠴᠢᠯᠡᠭᠡᠨ ᠤ ᠰᠤᠪᠢᠯᠠᠭᠴᠢ ᠶᠢ ᠡᠮᠬᠢ ᠵᠢᠷᠤᠮ ᠲᠠᠢ ᠪᠠᠷ ᠲᠣᠬᠢᠷᠠᠭᠤᠯᠬᠤ | ᠬᠡᠷᠡᠭᠲᠡᠶ᠃ | ᠰᠠᠨᠠᠭᠤᠯᠤᠮᠵᠢ᠄ ᠲᠠ ᠠᠩᠬ᠎ᠠ ᠤᠳᠠᠭ᠎ᠠ ᠡᠮᠨᠡᠭᠦᠯ ᠬᠦ ᠳᠡᠭᠡᠨ ᠳ᠋ᠤᠭᠠᠷᠯᠠᠬᠤ ᠪᠠᠭ᠎ᠠ ᠪᠢᠯᠧᠲ ᠢᠶᠠᠨ ᠰᠠᠢᠲᠤᠷ ᠬᠠᠮᠠᠭᠠᠯᠠᠬᠤ ᠬᠡᠷᠡᠭᠲᠡᠢ᠃ | | |