ᠬᠠᠩᠭᠢᠨ ᠬᠤᠶᠢᠲᠤ ᠬᠤᠰᠢᠭᠤᠨ ᠤ ᠪᠠᠭ᠎ᠠ ᠰᠤᠷᠭᠠᠭᠤᠯᠢ ᠶᠢᠨ ᠵᠢᠷᠭᠤᠳᠤᠭᠠᠷ ᠣᠨ ᠤ ᠰᠢᠨᠵᠢᠯᠡᠬᠦ ᠤᠬᠠᠭᠠᠨ ᠤ ᠲᠤᠷᠰᠢᠯᠲᠠ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/12/1
      ᠰᠤᠷᠤᠭᠴᠢᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠪᠠ ᠦᠢᠯᠡᠳᠦᠯᠭᠡ ᠶᠢᠨ ᠠᠵᠢᠯᠯᠠᠭᠠᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠬᠠᠩᠭᠢᠨ ᠬᠤᠶᠢᠲᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ 11 ᠰᠠᠷ᠎ᠠ ᠶᠢᠨ 25 ᠤ ᠡᠳᠦᠷ ᠠᠴᠠ 29 ᠤ ᠡᠳᠦᠷ ᠪᠣᠯᠲᠠᠯ᠎ᠠ ᠪᠥᠬᠦ ᠬᠤᠰᠢᠭᠤᠨ ᠤ ᠪᠠᠭ᠎ᠠ ᠰᠤᠷᠭᠠᠭᠤᠯᠢ ᠶᠢᠨ ᠵᠢᠷᠭᠤᠳᠤᠭᠠᠷ ᠣᠨ ᠤ ᠰᠢᠨᠵᠢᠯᠡᠬᠦ ᠤᠬᠠᠭᠠᠨ ᠤ ᠲᠤᠷᠰᠢᠯᠲᠠ ᠶᠢᠨ ᠠᠵᠢᠯᠯᠠᠭᠠᠨ ᠤ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠲᠡ 1700 ᠭᠠᠷᠤᠶ ᠰᠣᠷᠣᠭᠴᠢ ᠣᠷᠣᠯᠴᠠᠵᠠᠶ᠃
1.jpg
      ᠰᠤᠷᠭᠠᠨ ᠬᠥᠮᠦᠵᠢᠯ ᠤᠨ ᠲᠣᠪᠴᠢᠶ᠎ᠠ ᠨᠠᠷᠢᠨ ᠨᠢᠮᠪᠠᠶ ᠪᠡᠯᠡᠳᠬᠡᠵᠦ᠂ ᠰᠢᠯᠭᠠᠯᠲᠠ ᠠᠴᠠ ᠡᠮᠦᠨᠡᠬᠢ ᠱᠠᠲᠤᠨ ᠳᠤ ᠰᠢᠯᠭᠠᠯᠲᠠ ᠬᠢᠨᠠᠬᠤ ᠪᠠᠭᠰᠢ ᠳᠤ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠬᠢᠭᠰᠡᠨ ᠪᠥᠭᠡᠳ ᠲᠤᠷᠰᠢᠯᠲᠠ ᠶᠢᠨ ᠪᠠᠭᠠᠵᠢ ᠬᠡᠷᠡᠭᠰᠡᠯ ᠤᠨ ᠪᠡᠯᠡᠳᠬᠡᠯ᠂ ᠰᠢᠯᠭᠠᠯᠲᠠ ᠶᠢᠨ ᠠᠮᠤᠷ ᠲᠦᠪᠰᠢᠨ ᠤ ᠪᠠᠲᠤᠯᠠᠭ᠎ᠠ ᠵᠢᠴᠢ ᠰᠢᠯᠭᠠᠯᠲᠠ ᠶᠢᠨ ᠲᠠᠯᠠᠪᠤᠷ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠵᠡᠷᠭᠡ ᠲᠠᠯ᠎ᠠ ᠪᠠᠷ ᠨᠠᠷᠢᠨ ᠨᠢᠮᠪᠠᠶ ᠲᠣᠬᠢᠷᠠᠭᠤᠯᠤᠯᠲᠠ ᠬᠢᠪᠠ᠃ ᠰᠢᠯᠭᠠᠯᠲᠠ ᠶᠢᠨ ᠲᠠᠯᠠᠪᠠᠶ ᠶᠢ ᠲᠣᠬᠢᠷᠠᠭᠤᠯᠤᠨ ᠪᠠᠶᠢᠷᠢᠯᠠᠭᠤᠯᠵᠤ᠂ ᠭᠠᠭᠴᠠ ᠬᠥᠮᠦᠨ ᠤ ᠨᠢᠭᠡ ᠰᠢᠷᠡᠭᠡᠨ ᠳᠤ ᠲᠤᠷᠰᠢᠯᠲᠠ ᠶᠢᠨ ᠠᠵᠢᠯᠯᠠᠭ᠎ᠠ ᠬᠢᠵᠦ᠂ ᠬᠥᠮᠦᠨ ᠪᠦᠷᠢ ᠶᠢᠨ ᠰᠢᠯᠭᠠᠨ ᠪᠠᠶᠢᠴᠠᠭᠠᠬᠤ ᠴᠠᠭ ᠤᠨ ᠣᠷᠳᠣ ᠨᠢ 10 ᠮᠢᠨᠦ᠋ᠲ ᠪᠠᠶᠢᠵᠤ᠂ ᠲᠤᠷᠰᠢᠯᠲᠠ ᠶᠢᠨ ᠳ᠋ᠤᠭᠠᠷ ᠢ ᠲᠣᠬᠢᠶᠠᠯᠳᠤᠯ ᠢᠶᠠᠷ ᠰᠣᠩᠭᠤᠨ ᠠᠪᠴᠤ ᠰᠢᠯᠭᠠᠨ ᠪᠠᠶᠢᠴᠠᠭᠠᠬᠤ ᠠᠭᠤᠯᠭ᠎ᠠ ᠶᠢ ᠲᠣᠭᠲᠠᠭᠠᠵᠤ᠂ ᠰᠢᠯᠭᠠᠨ ᠪᠠᠶᠢᠴᠠᠭᠠᠬᠤ ᠲᠣᠬᠢᠶᠠᠯᠳᠤᠬᠤ ᠴᠢᠨᠠᠷ ᠪᠠ ᠪᠤᠰᠤᠳᠴᠢ ᠴᠢᠨᠠᠷ ᠢ ᠪᠠᠲᠤᠯᠠᠵᠤ᠂ ᠰᠤᠷᠤᠭᠴᠢᠳ ᠲᠤ ᠰᠢᠯᠭᠠᠯᠲᠠ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ ᠥᠭᠴᠡᠶ᠃
2.jpg      ᠯᠢᠦ ᠰᠢᠶᠣᠣ ᠶᠠᠨ ᠳᠡᠳ᠋ ᠲᠣᠪᠴᠢᠶᠠᠨ ᠳᠠᠷᠤᠭ᠎ᠠ ᠲᠣᠰ ᠤᠳᠠᠭᠠᠨ ᠤ ᠰᠢᠨᠵᠢᠯᠡᠬᠦ ᠤᠬᠠᠭᠠᠨ ᠤ ᠲᠤᠷᠰᠢᠯᠲᠠ ᠶᠢᠨ ᠠᠵᠢᠯ ᠤᠨ ᠰᠢᠯᠭᠠᠯᠲᠠ ᠶᠢ ᠳᠡᠭᠡᠳᠦ
ᠬᠡᠮᠵᠢᠶ᠎ᠡ ᠪᠠᠷ ᠴᠢᠬᠤᠯᠠᠴᠢᠯᠠᠵᠤ᠂ ᠰᠢᠯᠭᠠᠨ ᠪᠠᠶᠢᠴᠠᠭᠠᠬᠤ ᠬᠤᠭᠤᠴᠠᠭᠠᠨ ᠳᠤ ᠡᠯ᠎ᠡ ᠰᠢᠯᠭᠠᠨ ᠪᠠᠶᠢᠴᠠᠭᠠᠬᠤ ᠰᠤᠷᠭᠠᠭᠤᠯᠢ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠲᠣᠭᠤᠷᠢᠨ ᠪᠠᠶᠢᠴᠠᠭᠠᠬᠤ ᠪᠠ ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠬᠢᠪᠠ᠃ ᠲᠡᠷᠡ᠂ ᠰᠢᠨᠵᠢᠯᠡᠬᠦ ᠤᠬᠠᠭᠠᠨ ᠤ ᠲᠤᠷᠰᠢᠯᠲᠠ ᠶᠢᠨ ᠠᠵᠢᠯᠯᠠᠭᠠᠨ ᠤ ᠰᠢᠯᠭᠠᠨ ᠪᠠᠶᠢᠴᠠᠭᠠᠯᠲᠠ ᠪᠣᠯ ᠰᠤᠷᠤᠭᠴᠢᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠪᠠ ᠦᠢᠯᠡᠳᠦᠯᠭᠡ ᠶᠢᠨ ᠴᠢᠳᠠᠪᠤᠷᠢ ᠶᠢ ᠰᠢᠯᠭᠠᠨ ᠪᠠᠶᠢᠴᠠᠭᠠᠬᠤ ᠴᠢᠬᠤᠯᠠ ᠠᠷᠭ᠎ᠠ ᠪᠠᠷᠢᠯ ᠮᠥᠨ᠂ ᠡᠯ᠎ᠡ ᠰᠤᠷᠭᠠᠭᠤᠯᠢ ᠨᠤᠭᠤᠳ ᠲᠣᠰ ᠤᠳᠠᠭᠠᠨ ᠤ ᠰᠢᠯᠭᠠᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠰᠢᠨᠵᠢᠯᠡᠬᠦ ᠤᠬᠠᠭᠠᠨ ᠤ ᠲᠤᠷᠰᠢᠯᠲᠠ ᠶᠢᠨ ᠵᠢᠭᠠᠨ ᠰᠤᠷᠭᠠᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠰᠤᠷᠤᠭᠴᠢᠳ ᠤᠨ ᠰᠢᠨᠵᠢᠯᠡᠬᠦ ᠤᠬᠠᠭᠠᠨ ᠤ ᠤᠷᠮ᠎ᠠ ᠪᠠᠬ᠎ᠠ ᠪᠠ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠬᠥᠮᠦᠵᠢᠭᠦᠯᠦᠨ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠰᠤᠷᠤᠭᠴᠢᠳ ᠤᠨ ᠢᠷᠡᠭᠡᠳᠦᠶ ᠶᠢᠨ ᠬᠥᠭᠵᠢᠯᠲᠡ ᠳᠤ ᠪᠠᠲᠤ ᠪᠠᠬᠢ ᠰᠢᠨᠵᠢᠯᠡᠬᠦ ᠤᠬᠠᠭᠠᠨ ᠤ ᠰᠠᠭᠤᠷᠢ ᠶᠢ ᠲᠠᠯᠪᠢᠬᠤ ᠬᠡᠷᠡᠭᠲᠡᠶ ᠭᠡᠵᠦ ᠴᠢᠬᠤᠯᠠᠴᠢᠯᠠᠪᠠ᠃
3.jpg
      ᠲᠣᠰ ᠤᠳᠠᠭᠠᠨ ᠤ ᠪᠥᠬᠦ ᠬᠤᠰᠢᠭᠤᠨ ᠤ ᠪᠠᠭ᠎ᠠ ᠰᠤᠷᠭᠠᠭᠤᠯᠢ ᠶᠢᠨ ᠵᠢᠷᠭᠤᠳᠤᠭᠠᠷ ᠣᠨ ᠤ ᠰᠢᠨᠵᠢᠯᠡᠬᠦ ᠤᠬᠠᠭᠠᠨ ᠤ ᠲᠤᠷᠰᠢᠯᠲᠠ ᠶᠢᠨ ᠠᠵᠢᠯᠯᠠᠭᠠᠨ ᠤ ᠰᠢᠯᠭᠠᠨ ᠪᠠᠶᠢᠴᠠᠭᠠᠬᠤ ᠠᠵᠢᠯᠯᠠᠭ᠎ᠠ ᠶᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠨᠢ ᠰᠤᠷᠤᠭᠴᠢᠳ ᠤᠨ ᠰᠢᠨᠵᠢᠯᠡᠬᠦ ᠤᠬᠠᠭᠠᠨ ᠤ ᠲᠤᠷᠰᠢᠯᠲᠠ ᠶᠢᠨ ᠤᠷ᠎ᠠ ᠴᠢᠳᠠᠪᠤᠷᠢ ᠶᠢᠨ ᠨᠢᠭᠡ ᠤᠳᠠᠭᠠᠨ ᠤ ᠪᠦᠲᠦᠮᠵᠢᠲᠡᠶ ᠰᠢᠯᠭᠠᠨ ᠪᠠᠶᠢᠴᠠᠭᠠᠯᠲᠠ ᠪᠣᠯᠬᠤ ᠪᠠᠷ ᠪᠠᠷᠠᠬᠤ ᠥᠬᠡᠶ᠂ ᠨᠠᠩ ᠴᠤ ᠬᠠᠩᠭᠢᠨ ᠬᠤᠶᠢᠲᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠬᠦᠷᠢᠶᠡᠨ ᠳᠠᠬᠢ ᠢᠳᠡᠪᠬᠢᠲᠡᠶ ᠪᠠᠷ ᠬᠠᠶᠢᠨ ᠰᠥᠪᠡᠭᠴᠢᠯᠡᠯᠲᠡ ᠪᠠ ᠦᠢᠯᠡᠳᠦᠯᠭᠡ ᠶᠢᠨ ᠠᠮᠢᠳᠤᠯᠢᠭ ᠢᠯᠡᠷᠡᠯ ᠪᠣᠯᠤᠨ᠎ᠠ᠃ ᠡᠶᠢᠮᠦᠷᠬᠦ ᠠᠵᠢᠯᠯᠠᠭ᠎ᠠ ᠪᠠᠷ ᠳᠠᠮᠵᠢᠭᠤᠯᠤᠨ᠂ ᠰᠤᠷᠤᠭᠴᠢᠳ ᠤᠨ ᠰᠢᠨᠵᠢᠯᠡᠬᠦ ᠤᠬᠠᠭᠠᠨᠴᠢ ᠲᠤᠬᠠᠶ ᠬᠠᠶᠢᠷ᠎ᠠ ᠰᠡᠳᠬᠢᠯᠭᠡ ᠪᠠ ᠬᠠᠶᠢᠨ ᠰᠦᠪᠡᠭᠴᠢᠯᠡᠬᠦ ᠬᠦᠰᠡᠯ ᠡᠷᠡᠮᠡᠯᠵᠡᠯ ᠢ ᠤᠯᠠᠮ ᠨᠢᠭᠡ ᠠᠯᠬᠤᠮ ᠬᠥᠭᠵᠢᠭᠡᠵᠦ᠂ ᠪᠥᠬᠦ ᠬᠤᠰᠢᠭᠤᠨ ᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠪᠡ᠃ ᠢᠷᠡᠭᠡᠳᠦᠶ ᠳᠤ ᠰᠤᠷᠭᠠᠨ ᠬᠥᠮᠦᠵᠢᠯ ᠤᠨ ᠲᠣᠪᠴᠢᠶ᠎ᠠ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠲᠠᠯ᠎ᠠ ᠪᠠᠷ ᠬᠢ ᠣᠷᠣᠭᠤᠯᠤᠯᠲᠠ ᠪᠠ ᠬᠠᠶᠢᠨ ᠰᠦᠪᠡᠭᠴᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠦᠢᠯᠡᠳᠦᠯᠭᠡ ᠶᠢᠨ ᠴᠢᠳᠠᠪᠤᠷᠢ ᠲᠠᠢ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢ ᠬᠥᠮᠦᠵᠢᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃   
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ