ᠥᠷᠢᠰᠦᠯᠳᠦᠭᠡᠨ ᠰᠢᠷᠦᠭᠦᠰᠬᠦ ᠲᠤᠲᠤᠮ ᠢᠶᠠᠨ ᠨᠢᠭᠡ ᠯᠠ ᠠᠮᠢᠰᠬᠤᠭ᠎ᠠ ᠪᠠᠷ ᠠᠯᠬᠤᠭ᠎ᠠ ᠪᠠᠨ ᠲᠡᠭᠰᠢᠯᠡᠨ ᠭᠤᠤ ᠭᠠᠩᠭ᠎ᠠ ᠶᠢ ᠳᠠᠪᠠᠵᠤ᠂ ᠵᠦᠪᠳᠦᠭᠡᠭᠰᠡᠨ | ᠵᠦᠢᠯᠡᠰ ᠢᠶᠠᠨ ᠱᠠᠯᠠᠪᠳᠠᠨ ᠬᠢᠬᠦ ᠬᠡᠷᠡᠭᠲᠡᠢ᠃ | ᠬᠤᠷᠸ᠎ᠠ ᠲᠦᠷᠦ ᠶᠢᠨ ᠪᠤᠳᠤᠯᠭ᠎ᠠ ᠶᠢᠨ ᠦᠶᠡᠯᠡᠯ ᠤᠨ ᠬᠤᠭᠤᠴᠠᠭᠠᠨ ᠤ ᠵᠣᠬᠢᠴᠠᠭᠤᠯᠭ᠎ᠠ ᠶᠢ ᠴᠢᠩᠭᠠᠳᠬᠠᠵᠤ᠂ ᠳᠣᠲᠣᠭᠠᠳᠤ ᠬᠡᠷᠡᠭᠴᠡᠭᠡ ᠶᠢᠨ ᠨᠡᠮᠡᠭᠳᠡᠯ ᠢ | ᠥᠷᠭᠡᠳᠬᠡᠬᠦ ᠲᠦᠷᠦ ᠶᠢᠨ ᠪᠤᠳᠤᠯᠭ᠎ᠠ ᠶᠢᠨ ᠭᠤᠣᠯᠳᠠᠯᠭ᠎ᠠ ᠶᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠡᠷᠡᠭᠯᠡᠭᠡ ᠶᠢ ᠠᠬᠢᠭᠤᠯᠬᠤ ᠳᠡᠭᠡᠷ᠎ᠡ ᠨᠡᠩ ᠢᠯᠡᠭᠦᠦ | ᠲᠠᠯᠪᠢᠵᠤ᠂ ᠠᠵᠤ ᠠᠬᠤᠶᠢᠯᠠᠯ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠬᠦᠴᠦᠲᠡᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠭᠡᠷ | ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ ᠵᠣᠭᠰᠣᠭᠠᠵᠤ᠂ ᠬᠦᠷᠦᠩᠭᠡ ᠶᠢᠨ ᠵᠠᠬ᠎ᠠ ᠳᠡᠯᠭᠡᠭᠦᠷ ᠢ ᠤᠷᠮᠠᠰᠢᠭᠤᠯᠤᠨ ᠬᠥᠭᠵᠢᠭᠡᠬᠦ ᠶᠢ | ᠠᠬᠢᠭᠤᠯᠤᠨ᠎ᠠ ᠁ ᠨᠡᠮᠡᠭᠳᠡᠯ ᠤᠨ ᠠᠯᠢ ᠣᠯᠠᠨ ᠲᠥᠷᠥ ᠶᠢᠨ ᠪᠣᠳᠣᠯᠭ᠎ᠠ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠮᠠᠰᠢ ᠴᠢᠩᠭ᠎ᠠ | ᠬᠠᠨᠳᠤᠯᠭᠠᠲᠤ ᠴᠢᠨᠠᠷ ᠲᠠᠢ ᠶᠤᠮ᠃ | ︽ᠬᠤᠶᠠᠷ ᠴᠢᠬᠤᠯᠠ︾᠂ ︽ᠬᠤᠶᠠᠷ ᠰᠢᠨ᠎ᠡ︾ ᠶᠢ ᠲᠦᠷᠭᠡᠳᠬᠡᠨ ᠠᠬᠢᠭᠤᠯᠵᠤ᠂ ᠣᠷᠣᠨ ᠨᠣᠲᠣᠭᠴᠢᠯᠠᠭᠰᠠᠨ ᠥᠷᠢ ᠥᠭᠴᠡᠭᠡ ᠶᠢ ᠠᠷᠢᠯᠭᠠᠬᠤ ᠡᠬᠢ | ᠪᠠᠶᠠᠯᠢᠭ ᠢ 10 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ ᠥᠷᠢ ᠥᠭᠴᠡᠭᠡ ᠶᠢ ᠠᠷᠢᠯᠭᠠᠬᠤ ︽ᠬᠠᠮ ᠠᠷᠭ᠎ᠠ︾ ᠶᠢ ᠪᠤᠢ ᠪᠣᠯᠭᠠᠵᠤ᠂ ᠣᠷᠣᠨ | ᠨᠤᠲᠤᠭ ᠤᠨ ᠬᠥᠭᠵᠢᠯᠲᠡ ᠶᠢᠨ ᠳᠠᠷᠤᠭᠠᠰᠤ ᠶᠢ ᠬᠦᠩᠭᠡᠷᠡᠭᠦᠯᠵᠦ᠂ ᠬᠥᠳᠡᠯᠭᠡᠭᠴᠢ ᠬᠦᠴᠦᠨ ᠢ ᠨᠡᠮᠡᠭᠳᠡᠭᠦᠯᠵᠦ᠂ 1 ᠲᠦᠮᠡᠨ ᠳ᠋ᠦᠩᠰᠢᠭᠤᠷ ᠲᠥᠭᠦᠷᠢᠭ ᠤᠨ ᠤᠷᠲᠤ | ᠬᠤᠭᠤᠴᠠᠭᠠᠨ ᠤ ᠣᠨᠴᠠᠭᠠᠶᠢᠯᠠᠨ ᠬᠡᠷᠡᠭᠵᠢᠭᠦᠯᠬᠦ ᠤᠯᠤᠰ ᠤᠨ ᠵᠢᠭᠡᠯᠡᠯᠭᠡ ᠶᠢ ᠴᠥᠮ ᠲᠥᠷᠥᠯ ᠵᠦᠢᠯ ᠪᠠ ᠣᠷᠣᠨ ᠨᠤᠲᠤᠭ ᠲᠤ ᠪᠠᠭᠤᠯᠭᠠᠨ᠂ ᠠᠷᠠᠳ ᠠᠴᠠ | ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠵᠢᠵᠢᠭ ᠪᠢᠴᠢᠯ | ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢ ᠳᠡᠮᠵᠢᠬᠦ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠎ᠠ ᠁ ᠨᠡᠮᠡᠭᠳᠡᠯ ᠤᠨ ᠬᠠᠮ ᠲᠦᠷᠦ ᠶᠢᠨ ᠪᠤᠳᠤᠯᠭ᠎ᠠ ᠨᠢ | ᠣᠳᠣᠬᠠᠨ ᠤ ᠲᠤᠪᠤᠶᠢᠮ᠎ᠠ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠵᠤ ᠪᠠᠶᠢᠬᠤ ᠪᠠᠷ ᠪᠠᠷᠠᠬᠤ ᠦᠭᠡᠢ ᠪᠠᠰᠠ ᠮᠠᠨ ᠤ ᠤᠯᠤᠰ ᠤᠨ ᠠᠵᠤ | ᠠᠬᠤᠢ ᠶᠢᠨ ᠤᠷᠳᠤ ᠬᠤᠭᠤᠴᠠᠭ᠎ᠠ ᠪᠠᠷ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠪᠣᠳᠣᠯᠬᠢᠯᠠᠵᠤ᠂ ᠯᠣᠭᠢᠭ ᠴᠢᠨᠠᠷ ᠢ ᠨᠡᠩ ᠲᠤᠪᠤᠶᠢᠯᠭᠠᠪᠠ᠃ | ᠡᠳ᠋ ᠤᠨ ᠵᠠᠰᠠᠭ ᠭᠠᠶᠢᠯᠢ ᠲᠠᠲᠠᠪᠤᠷᠢ᠂ ᠵᠣᠭᠤᠰ ᠮᠥᠩᠭᠦᠨ ᠭᠦᠢᠯᠭᠡᠭᠡ᠂ ᠪᠡᠯᠡ ᠣᠷᠣᠭᠤᠯᠤᠯᠲᠠ ᠬᠡᠷᠡᠭᠯᠡᠭᠡ᠂ ᠣᠷᠣᠯᠭ᠎ᠠ ᠶᠢᠨ ᠬᠤᠪᠢᠶᠠᠷᠢᠯᠠᠯᠲᠠ ᠵᠡᠷᠭᠡ | ᠬᠤᠷᠸ᠎ᠠ ᠲᠦᠷᠦ ᠶᠢᠨ ᠪᠤᠳᠤᠯᠭ᠎ᠠ ᠶᠢ ᠨᠢᠭᠡᠳᠦᠯᠲᠡᠢ ᠲᠦᠯᠦᠪᠯᠡᠨ ᠵᠣᠬᠢᠴᠠᠭᠤᠯᠬᠤ ᠪᠠ ᠰᠢᠰᠲ᠋ᠧᠮ ᠲᠠᠢ ᠲᠥᠪᠯᠡᠷᠡᠭᠦᠯᠬᠦ ᠶᠢ ᠴᠢᠩᠭᠠᠳᠬᠠᠵᠤ᠂ ᠨᠢᠭᠡᠳᠦᠯᠲᠦ ᠴᠢᠨᠠᠷᠲᠠᠢ | ᠦᠨᠡᠯᠡᠨ ᠵᠢᠱᠢᠬᠦ ᠠᠵᠢᠯ ᠤᠨ ᠲᠣᠭᠲᠠᠴᠠ ᠶᠢ ᠰᠠᠶᠢᠲᠤᠷ ᠬᠡᠷᠡᠭᠯᠡᠵᠦ᠂ ᠡᠨᠡ ᠵᠢᠯ ᠪᠠ ᠢᠷᠡᠬᠦ ᠵᠢᠯ ᠤᠨ ᠲᠦᠷᠦ ᠶᠢᠨ ᠪᠤᠳᠤᠯᠭ᠎ᠠ ᠶᠢ ᠵᠣᠯᠭᠠᠭᠤᠯᠬᠤ᠂ ᠠᠵᠢᠯ ᠢ | ᠵᠣᠯᠭᠠᠭᠤᠯᠬᠤ ᠶᠢ ᠨᠢᠭᠡᠳᠦᠯᠲᠡᠢ ᠲᠦᠯᠦᠪᠯᠡᠨ᠎ᠡ ᠁ ᠨᠡᠮᠡᠭᠳᠡᠯ ᠤᠨ ᠬᠠᠮ ᠲᠦᠷᠦ ᠶᠢᠨ ᠪᠤᠳᠤᠯᠭ᠎ᠠ ᠨᠢ ᠰᠢᠰᠲ᠋ᠧᠮ ᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ᠂ | ᠤᠷᠳᠤ ᠪᠠ ᠣᠬᠤᠷ ᠬᠤᠭᠤᠴᠠᠭ᠎ᠠ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠢᠰᠲ᠋ᠧᠮᠲᠦ ᠴᠢᠨᠠᠷ ᠢ ᠭᠦᠢᠴᠡᠳ ᠢᠯᠡᠷᠡᠭᠦᠯᠪᠡ᠃ | ᠪᠦᠬᠦ ᠤᠯᠤᠰ ᠤᠨ ᠨᠢᠭᠡᠲᠦᠯᠲᠡᠢ ᠲᠣᠮᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢᠨ ᠵᠢᠯᠤᠭᠤᠳᠤᠮᠵᠢ ᠶᠢ ᠲᠦᠷᠭᠡᠳᠬᠡᠨ ᠲᠣᠭᠲᠠᠭᠠᠵᠤ᠂ ᠭᠠᠳᠠᠭᠠᠳᠤ ᠪᠡᠯᠡ ᠶᠢᠨ | ᠣᠷᠤᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠨᠡᠶᠢᠲᠡᠯᠡᠵᠦ᠂ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠤᠭᠤᠯᠬᠤ ᠶᠢ | ᠵᠣᠷᠢᠭᠵᠢᠭᠤᠯᠬᠤ ᠠᠵᠤ ᠦᠢᠯᠡᠰ ᠤᠨ ᠭᠠᠷᠴᠠᠭ ᠲᠤ ᠵᠠᠰᠠᠪᠤᠷᠢ ᠣᠷᠤᠭᠤᠯᠤᠨ ᠦᠷᠭᠡᠳᠬᠡᠨ᠎ᠡ ᠁ ᠦᠭᠡᠷᠡᠴᠢᠯᠡᠯᠲᠡ ᠶᠢᠨ ᠠᠯᠢ ᠣᠯᠠᠨ ᠠᠷᠭ᠎ᠠ ᠬᠡᠮᠵᠢᠶ᠎ᠡ ᠶᠢ | ᠲᠦᠷᠭᠡᠪᠴᠢᠯᠡᠨ ᠭᠠᠷᠭᠠᠵᠤ᠂ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠵᠦ ᠪᠠᠶᠢᠨ᠎ᠠ᠃ | 9 ᠳ᠋ᠦ᠋ᠭᠡᠷ ᠰᠠᠷ᠎ᠠ ᠳᠤ᠂ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ᠂ ᠬᠡᠷᠡᠭᠯᠡᠭᠡ᠂ ᠵᠢᠱᠢᠯᠲᠡ ᠵᠡᠷᠭᠡ ᠭᠦᠢᠴᠡᠳᠬᠡᠯ ᠲᠤᠭ᠎ᠠ ᠰᠠᠶᠢᠵᠢᠷᠠᠵᠤ᠂ ᠪᠦᠬᠦ | ᠤᠯᠤᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠨ᠂ | ᠳᠡᠭᠡᠷ᠎ᠡ ᠰᠠᠷ᠎ᠠ ᠶᠢᠨ ᠬᠢ ᠠᠴᠠ 0.9 ᠵᠠᠭᠤᠨ ᠤ ᠴᠡᠭ ᠢᠶᠠᠷ ᠲᠦᠷᠭᠡᠰᠪᠡ︔ ᠦᠢᠯᠡᠴᠢᠯᠡᠭᠡᠨ ᠤ ᠦᠢᠯᠡᠰ ᠤᠨ ᠦᠢᠯᠡᠳᠪᠦᠷᠢᠯᠡᠯ ᠤᠨ ᠵᠢᠭᠠᠯᠲᠠ ᠲᠤᠭ᠎ᠠ 5.1% ᠪᠠᠷ | ᠨᠡᠮᠡᠭᠳᠡᠵᠦ᠂ ᠳᠡᠭᠡᠷ᠎ᠡ ᠰᠠᠷ᠎ᠠ ᠶᠢᠨ ᠬᠢ ᠠᠴᠠ 0.5 ᠵᠠᠭᠤᠨ ᠤ ᠴᠡᠭ ᠢᠶᠠᠷ ᠲᠦᠷᠭᠡᠰᠪᠡ ᠁ | 10 ᠳ᠋ᠤᠭᠠᠷ ᠰᠠᠷ᠎ᠠ ᠳᠤ᠂ ᠦᠢᠯᠡᠳᠬᠡᠯ ᠤᠨ ᠦᠢᠯᠡᠰ ᠤᠨ ᠬᠤᠳᠠᠯᠳᠤᠨ ᠠᠪᠬᠤ ᠳᠠᠭᠠᠭᠠᠮᠠᠯ ᠤᠨ ᠵᠢᠭᠠᠯᠲᠠ ᠲᠤᠭ᠎ᠠ ᠨᠢ 50.1 % ᠪᠠᠶᠢᠵᠤ᠂ ᠬᠤᠶᠠᠷ | ᠰᠠᠷ᠎ᠠ ᠳᠠᠷᠠᠭᠠᠯᠠᠨ ᠬᠠᠷᠢᠴᠠᠭᠤᠯᠤᠭᠰᠠᠨ ᠵᠢᠭᠠᠯᠲᠠ ᠲᠣᠭᠠᠨ ᠤ ᠬᠢ ᠠᠴᠠ ᠪᠠᠨ ᠳᠡᠭᠡᠭᠰᠢᠯᠡᠵᠦ᠂ 5 ᠰᠠᠷ᠎ᠠ ᠠᠴᠠ ᠨᠠᠭᠠᠰᠢ ᠠᠩᠬ᠎ᠠ ᠤᠳᠠᠭ᠎ᠠ ᠥᠷᠭᠡᠳᠬᠡᠯ ᠤᠨ | ᠣᠷᠣᠨ ᠳᠤ ᠬᠦᠷᠴᠡᠶ︔ ᠦᠢᠯᠡᠳᠬᠡᠯ ᠤᠨ ᠪᠤᠰᠤ ᠦᠢᠯᠡᠰ ᠤᠨ ᠬᠤᠳᠠᠯᠳᠤᠭᠠᠨ ᠤ ᠶᠠᠪᠤᠳᠠᠯ ᠤᠨ ᠠᠵᠢᠯᠯᠠᠭ᠎ᠠ ᠶᠢᠨ ᠵᠢᠭᠠᠯᠲᠠ ᠲᠤᠭ᠎ᠠ ᠨᠢ 50.2 % ᠪᠠᠶᠢᠵᠤ᠂ | ᠬᠠᠷᠢᠴᠠᠭᠤᠯᠤᠭᠰᠠᠨ ᠵᠢᠭᠠᠯᠲᠠ ᠲᠣᠭᠠᠨ ᠤ ᠬᠢ ᠠᠴᠠ 0.2 ᠵᠠᠭᠤᠨ ᠤ ᠴᠡᠭ ᠢᠶᠠᠷ ᠳᠡᠭᠡᠭᠰᠢᠯᠡᠵᠡᠶ ᠁ | 10 ᠳ᠋ᠤᠭᠠᠷ ᠰᠠᠷ᠎ᠠ ᠳᠤ᠂ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠠᠷᠠᠯᠵᠢᠶ᠎ᠠ ᠬᠥᠭᠵᠢᠶᠡᠨᠲᠡᠶ ᠪᠣᠯᠵᠣ᠂ ᠣᠯᠠᠨ | ᠭᠦᠢᠴᠡᠳᠭᠡᠯ ᠲᠤᠭ᠎ᠠ ᠨᠢ ᠨᠡᠯᠢᠶᠡᠳ ᠣᠷᠳᠣ ᠬᠤᠭᠤᠴᠠᠭᠠᠨ ᠳᠤ ᠠᠳᠠᠯᠢ ᠬᠤᠭᠤᠴᠠᠭᠠᠨ ᠤ ᠬᠢ ᠠᠴᠠ ᠪᠠᠭᠤᠷᠠᠵᠤ ᠪᠠᠶᠢᠭᠰᠠᠨ ᠠᠴᠠ ᠪᠠᠨ ᠡᠶᠡᠷᠭᠦ ᠨᠡᠮᠡᠭᠳᠡᠯ ᠢᠯᠡᠷᠡᠪᠡ᠃ | ᠡᠭᠦᠨ ᠳᠤ᠂ ᠨᠢᠭᠡᠳᠦᠭᠡᠷ ᠵᠡᠷᠭᠡ ᠶᠢᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠬᠡᠷ ᠪᠠᠶᠢᠰᠢᠩ᠂ ᠭᠠᠷ ᠳᠠᠮᠵᠢᠭᠰᠠᠨ ᠣᠷᠣᠨ ᠰᠠᠭᠤᠴᠠ ᠶᠢᠨ | ᠰᠦᠯᠵᠢᠶ᠎ᠡ ᠪᠠᠷ ᠳᠡᠭᠡᠷ᠎ᠡ ᠭᠡᠷ᠎ᠡ ᠲᠣᠭᠲᠠᠭᠰᠠᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 14.1%᠂ 47.3% ᠪᠠᠷ ᠨᠡᠮᠡᠭᠳᠡᠵᠦ᠂ ᠪᠤᠰᠤᠳ | ᠮᠠᠰᠢ ᠣᠯᠠᠨ ᠬᠤᠲᠠ ᠶᠢᠨ ᠲᠠᠸᠠᠷ ᠤᠨ ᠬᠡᠷ ᠪᠠᠶᠢᠰᠢᠩ ᠤᠨ ᠰᠦᠯᠵᠢᠶ᠎ᠡ ᠪᠠᠷ ᠭᠡᠷ᠎ᠡ ᠲᠣᠭᠲᠠᠭᠰᠠᠨ ᠬᠡᠮᠵᠢᠶ᠎ᠡ ᠨᠢ ᠴᠦ ᠠᠳᠠᠯᠢ ᠪᠤᠰᠤ ᠬᠡᠮᠵᠢᠶ᠎ᠡ ᠪᠠᠷ ᠨᠡᠮᠡᠭᠳᠡᠪᠡ᠃ | 2007 ᠣᠨ ᠠᠴᠠ ᠨᠠᠭᠠᠰᠢ᠂ ᠠᠷᠪᠠᠳᠤᠭᠠᠷ ᠰᠠᠷ᠎ᠠ ᠳᠠᠬᠢ ᠠᠷᠠᠯᠵᠢᠶᠠᠨ ᠤ ᠬᠡᠮᠵᠢᠶ᠎ᠡ ᠠᠩᠬ᠎ᠠ ᠤᠳᠠᠭ᠎ᠠ ᠶᠢᠰᠦᠳᠦᠭᠡᠷ ᠰᠠᠷ᠎ᠠ ᠶᠢᠨ ᠬᠢ ᠠᠴᠠ ᠳᠠᠪᠠᠵᠠᠶ᠃ | ᠨᠡᠮᠡᠭᠳᠡᠯ ᠤᠨ ᠬᠠᠮ ᠲᠥᠷᠥ ᠶᠢᠨ ᠪᠣᠳᠣᠯᠭ᠎ᠠ ᠶᠢᠨ ᠦᠢᠯᠡᠳᠦᠯ ᠳᠣᠤᠷ᠎ᠠ᠂ ᠵᠠᠬ᠎ᠠ ᠳᠡᠯᠭᠡᠭᠦᠷ ᠤᠨ ᠬᠥᠭᠵᠢᠶᠡᠨᠲᠦ ᠬᠡᠮᠵᠢᠶ᠎ᠡ ᠲᠦᠷᠭᠡᠨ ᠳᠡᠭᠡᠭᠰᠢᠯᠡᠵᠦ᠂ ᠠᠵᠤ | ᠠᠬᠤᠶᠢᠯᠠᠯ ᠤᠨ ᠡᠵᠡᠩᠨᠡᠯᠲᠡ ᠶᠢᠨ ᠵᠢᠱᠢᠯᠲᠡ ᠨᠡᠯᠢᠶᠡᠳ ᠲᠦᠷᠭᠡᠨ ᠰᠠᠶᠢᠵᠢᠷᠠᠵᠤ᠂ ᠳᠣᠲᠣᠭᠠᠳᠤ ᠬᠡᠷᠡᠭᠴᠡᠭᠡ ᠶᠢᠨ ᠨᠢᠭᠤᠭᠳᠠᠮᠠᠯ ᠬᠦᠴᠦᠨ ᠢ ᠪᠦᠲᠦᠮᠵᠢᠲᠡᠶ | ᠬᠥᠭᠵᠢᠭᠡᠵᠦ᠂ ᠠᠵᠤ ᠦᠢᠯᠡᠳᠪᠦᠷᠢ ᠦᠢᠯᠡᠴᠢᠯᠡᠭᠡᠨ ᠤ ᠦᠢᠯᠡᠰ ᠤᠨ ᠨᠡᠮᠡᠭᠳᠡᠯ ᠤᠨ ᠬᠤᠷᠳᠤᠴᠠ ᠲᠦᠷᠭᠡᠰᠪᠡ᠃ | ᠨᠡᠮᠡᠭᠳᠡᠯ ᠤᠨ ᠬᠠᠮ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠢ ᠢᠲᠡᠭᠡᠯ ᠵᠣᠷᠢᠭ ᠢ ᠪᠠᠲᠤᠳᠬᠠᠵᠤ᠂ ᠨᠡᠮᠡᠭᠳᠡᠯ ᠢ ᠠᠬᠢᠭᠤᠯᠬᠤ ᠦᠷ᠎ᠡ ᠪᠦᠲᠦᠮᠵᠢ ᠨᠢ | ᠦᠷᠭᠦᠯᠵᠢᠯᠡᠨ ᠢᠯᠡᠷᠬᠡᠶ ᠪᠣᠯᠵᠤ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠪᠤᠰᠢᠭᠤ ᠲᠦᠷᠭᠡᠨ ᠲᠤᠰᠬᠠᠯ ᠭᠠᠷᠴᠤ᠂ ᠰᠲ᠋ᠣᠺ᠂ ᠠᠪᠴᠠᠭ᠎ᠠ ᠵᠡᠷᠭᠡ ᠵᠠᠬ᠎ᠠ | ᠳᠡᠯᠭᠡᠭᠦᠷ ᠤᠨ ᠲᠤᠰᠬᠠᠯ ᠴᠥᠮ ᠨᠡᠯᠢᠶᠡᠳ ᠢᠳᠡᠪᠬᠢᠲᠡᠶ ᠪᠥᠭᠡᠳ ᠵᠥᠪ ᠲᠠᠯ᠎ᠠ ᠶᠢᠨ ᠲᠡᠶᠢᠰᠢ ᠬᠦᠭᠵᠢᠵᠦ ᠪᠠᠶᠢᠨ᠎ᠠ᠃ | ᠳᠤᠮᠳᠠᠳᠤ ᠤᠯᠤᠰ ᠤᠨ ᠠᠵᠤ ᠠᠬᠤᠢ ᠶᠠᠭ ᠳᠠᠪᠠᠭ᠎ᠠ ᠳᠠᠪᠠᠭ᠋ᠤ ᠦᠶ᠎ᠡ ᠳᠤ ᠣᠷᠤᠰᠢᠵᠤ ᠪᠤᠢ᠂ ᠬᠦᠴᠦ ᠲᠠᠮᠢᠷ ᠬᠡᠷᠡᠭᠯᠡᠬᠦ ᠦᠶ᠎ᠡ ᠳᠤ ᠨᠡᠩ ᠯᠠᠪᠳᠠᠭᠤᠨ ᠪᠠᠶᠢᠬᠤ | ᠬᠡᠷᠡᠭᠲᠡᠢ᠃ ︽ᠭᠠᠯᠵᠠᠭᠤ ᠦᠬᠡᠷ︾ ᠪᠣᠯᠵᠤ ᠪᠣᠯᠬᠤ ᠦᠭᠡᠢ᠂ ︽ᠬᠠᠱᠠᠩ ᠦᠬᠡᠷ︾ ᠪᠣᠯᠪᠠᠯ ᠵᠣᠬᠢᠨ᠎ᠠ᠃ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ | ᠴᠢᠭᠯᠡᠭᠦᠯᠦᠯᠲᠡ ᠴᠢᠨᠠᠷ᠂ ᠪᠦᠲᠦᠮᠵᠢᠲᠦ ᠴᠢᠨᠠᠷ ᠢ ᠴᠢᠨᠠᠭᠰᠢᠲᠠ ᠳᠡᠭᠡᠭᠰᠢᠯᠡᠭᠦᠯᠪᠡᠯ᠂ ᠳᠤᠮᠳᠠᠳᠤ ᠶᠢᠨ ᠡᠳ᠋ ᠤᠨ ᠵᠠᠰᠠᠭ ᠯᠠᠪᠳᠠᠭᠤᠨ ᠪᠠᠲᠤᠲᠠᠢ ᠣᠷᠤᠭᠰᠢᠯᠠᠵᠤ᠂ | ᠠᠯᠤᠰ ᠢ ᠵᠣᠷᠢᠵᠤ ᠴᠢᠳᠠᠨ᠎ᠠ᠃ | ︽ᠵᠠᠮ ᠢ ᠵᠢᠷᠤᠮᠯᠠᠨ ᠶᠠᠪᠤᠬᠤ ᠳᠤ ᠪᠠᠨ ᠲᠠᠭᠠᠷᠠᠨ᠎ᠠ᠂ ᠬᠠᠭᠠᠰ ᠵᠠᠮ ᠬᠦᠷᠦᠭᠰᠡᠨ ᠴᠦ ᠦᠷᠭᠦᠯᠵᠢᠯᠡᠨ ᠴᠢᠷᠮᠠᠶᠢᠬᠤ ᠬᠡᠷᠡᠭᠲᠡᠢ︾᠃ | ᠠᠵᠢᠯᠯᠠᠬᠤ ᠶᠢ ᠲᠡᠷᠢᠭᠦᠨ ᠳᠤ ᠲᠠᠯᠪᠢᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ᠎ᠠ᠃ | ᠳᠤᠮᠳᠠᠳᠤ ᠤᠯᠤᠰ ᠤᠨ ᠠᠵᠤ ᠠᠬᠤᠢ ᠶᠡᠷᠦ ᠠᠴᠠ ᠥᠷᠢᠰᠥᠯᠳᠦᠭᠡᠨ ᠢ ᠢᠯᠠᠨ ᠳᠠᠪᠠᠭ᠋ᠤ ᠳᠤᠮᠳᠠ ᠬᠥᠭᠵᠢᠵᠦ᠂ ᠰᠠᠯᠬᠢ ᠪᠣᠷᠣᠭᠠᠨ ᠤ ᠳᠤᠮᠳᠠ ᠦᠰᠦᠨ | ᠪᠤᠶᠢᠵᠢᠵᠤ᠂ ᠰᠢᠯᠭᠠᠯᠲᠠ ᠶᠢ ᠥᠩᠭᠡᠷᠡᠭᠡᠬᠦ ᠳᠤᠮᠳᠠ ᠪᠤᠵᠠᠭᠠᠶᠢᠷᠠᠭᠰᠠᠭᠠᠷ ᠢᠷᠡᠵᠡᠶ᠃ | ᠵᠠᠩᠭᠢᠯᠠᠭ᠎ᠠ ᠶᠢᠨ ᠴᠠᠭ ᠦᠶ᠎ᠡ᠂ ᠵᠠᠩᠭᠢᠯᠠᠭ᠎ᠠ ᠶᠢᠨ ᠨᠢᠭᠡ ᠵᠢᠯ ᠳᠤ᠂ ᠣᠩᠭᠤᠴᠠ ᠰᠡᠯᠢᠭᠰᠡᠭᠡᠷ ᠭᠤᠣᠯ ᠤᠷᠤᠰᠬᠠᠯ ᠳᠤ ᠬᠦᠷᠴᠦ᠂ ᠬᠥᠮᠦᠰ ᠠᠭᠤᠯᠠ | ᠮᠠᠴᠣᠭᠰᠠᠭᠠᠷ ᠬᠠᠭᠠᠰ ᠵᠠᠮ ᠳᠤ ᠪᠠᠨ ᠬᠦᠷᠬᠦ ᠳᠤ᠂ ᠨᠡᠩ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠴᠤᠭ ᠰᠦᠯᠳᠡ ᠪᠠᠨ ᠪᠠᠳᠠᠷᠠᠭᠤᠯᠵᠤ᠂ ᠡᠷᠴᠢ | ᠵᠣᠷᠢᠭ ᠢᠶᠠᠨ ᠭᠦᠢᠴᠡᠳ ᠪᠠᠳᠠᠷᠠᠭᠤᠯᠬᠤ ᠴᠢᠬᠤᠯᠠᠲᠠᠢ ᠲᠠᠢ ᠶᠤᠮ᠃ ᠰᠠᠯᠬᠢ ᠪᠤᠷᠤᠭᠠᠨ ᠤ ᠳᠤᠮᠳᠠ ᠰᠠᠭᠠᠳ ᠦᠭᠡᠢ ᠤᠷᠤᠭᠰᠢᠯᠠᠵᠤ᠂ ᠶᠠᠮᠠᠷᠪᠠ ᠬᠦᠴᠢᠷ ᠪᠡᠷᠬᠡᠰᠢᠶᠡᠯ | ᠭᠡᠳ ᠳᠤᠮᠳᠠᠳᠤ ᠤᠯᠤᠰ ᠤᠨ ᠠᠷᠠᠳ ᠲᠦᠮᠡᠨ ᠤ ᠤᠷᠤᠭᠰᠢᠯᠠᠯᠲᠠ ᠶᠢᠨ ᠠᠯᠬᠤᠭ᠎ᠠ ᠶᠢ ᠬᠤᠷᠢᠭᠯᠠᠵᠤ ᠴᠢᠳᠠᠬᠤ ᠦᠭᠡᠢ ᠶᠤᠮ᠃ | ︽ᠳᠤᠮᠳᠠᠳᠤ ᠤᠯᠤᠰ ᠤᠨ ᠬᠥᠭᠵᠢᠯᠲᠡ ᠶᠢᠨ ᠢᠷᠡᠭᠡᠳᠦᠢ ᠪᠣᠯ ᠭᠡᠭᠡᠨ ᠰᠠᠷᠠᠭᠤᠯ ᠶᠤᠮ᠂ ᠪᠢᠳᠡ ᠡᠨᠡ ᠬᠦ ᠢᠳᠡ ᠬᠦᠴᠦᠨ ᠪᠠ ᠢᠲᠡᠭᠡᠯ ᠵᠣᠷᠢᠭ ᠲᠠᠢ︾᠃ |