ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠠᠷᠠᠳ ᠨᠡᠶᠢᠲᠡ ᠶᠢᠨ ᠥᠮᠴᠢᠯᠡᠯ ᠤᠨ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ᠂ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ᠂ | ᠤᠰᠤ ᠵᠡᠷᠭᠡ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ︔ ᠤᠯᠤᠰ ᠤᠨ ᠭᠠᠵᠠᠷ | ᠰᠢᠷᠣᠶ ᠶᠢᠨ ᠣᠷᠣᠨ ᠵᠠᠶ ᠶᠢᠨ ᠬᠡᠷᠡᠭᠯᠡᠭᠡ ᠶᠢ ᠵᠠᠬᠢᠷᠤᠨ ᠬᠠᠮᠢᠶᠠᠷᠬᠤ ᠪᠠ ᠠᠮᠢ ᠠᠬᠤᠶ ᠶᠢ ᠰᠡᠷᠭᠦᠭᠡᠬᠦ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ︔ ᠤᠯᠤᠰ ᠤᠨ | ᠪᠠᠶᠢᠭᠠᠯᠢ ᠶᠢᠨ ᠡᠬᠢ ᠪᠠᠶᠠᠯᠢᠭ ᠪᠠ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠰᠠᠯᠠᠭ᠎ᠠ ᠮᠥᠴᠢᠷ ᠤᠨ ᠲᠦᠷᠢᠮ | ᠲᠣᠭᠲᠠᠭᠠᠯ ᠢ ᠤᠬᠠᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ | ︵ᠬᠤᠶᠠᠷ︶ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠶᠢ ᠬᠠᠷᠢᠭᠤᠴᠠᠨ᠎ᠠ᠃ ᠤᠯᠤᠰ ᠠᠴᠠ ᠲᠣᠭᠲᠠᠭᠠᠭᠰᠠᠨ ᠪᠠᠶᠢᠭᠠᠯᠢ ᠶᠢᠨ | ᠡᠬᠢ ᠪᠠᠶᠠᠯᠢᠭ ᠢ ᠪᠠᠶᠢᠴᠠᠭᠠᠬᠤ ᠬᠢᠨᠠᠨ ᠬᠡᠮᠵᠢᠬᠦ ᠦᠨᠡᠯᠡᠯᠲᠡ ᠶᠢᠨ ᠭᠦᠶ᠋ᠴᠡᠳᠬᠡᠯ ᠲᠤᠭ᠎ᠠ ᠶᠢᠨ ᠰᠢᠰᠲ᠋ᠧᠮ ᠪᠠ ᠲᠤᠭ᠎ᠠ ᠪᠦᠷᠢᠳᠬᠡᠯ ᠤᠨ ᠪᠠᠷᠢᠮᠵᠢᠶ᠎ᠠ ᠶᠣᠰᠣᠭᠠᠷ᠂ ᠪᠥᠬᠦ | ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ ᠬᠢᠨᠠᠨ ᠬᠡᠮᠵᠢᠬᠦ ᠦᠨᠡᠯᠡᠬᠦ ᠲᠦᠷᠢᠮ ᠢ ᠪᠠᠶᠢᠭᠤᠯᠤᠨ᠎ᠠ︔ ᠪᠠᠶᠢᠭᠠᠯᠢ ᠶᠢᠨ ᠡᠬᠢ ᠪᠠᠶᠠᠯᠢᠭ ᠤᠨ ᠰᠠᠭᠤᠷᠢ | ᠪᠠᠶᠢᠴᠠᠭᠠᠯᠲᠠ᠂ ᠲᠤᠰᠬᠠᠶ ᠪᠠᠶᠢᠴᠠᠭᠠᠯᠲᠠ᠂ ᠬᠤᠪᠢᠷᠠᠭᠤᠯᠤᠯᠲᠠ ᠶᠢᠨ ᠪᠠᠶᠢᠴᠠᠭᠠᠯᠲᠠ ᠪᠠ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ | ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ ᠬᠢᠨᠠᠨ ᠬᠡᠮᠵᠢᠭᠰᠡᠨ ᠦᠷ᠎ᠡ ᠪᠦᠲᠦᠭᠡᠯ ᠤᠨ ᠬᠢᠨᠠᠯᠲᠠ ᠬᠠᠮᠢᠶᠠᠷᠤᠯᠲᠠ ᠪᠠ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠨ᠎ᠠ | ︔ ᠪᠦᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ ᠬᠢᠨᠠᠨ ᠬᠡᠮᠵᠢᠬᠦ ᠦᠨᠡᠯᠡᠬᠦ ᠠᠵᠢᠯ ᠢ ᠨᠠᠶᠢᠳᠠᠪᠤᠷᠢᠵᠢᠭᠤᠯᠤᠨ᠎ᠠ᠃ | ︵ᠭᠤᠷᠪᠠ︶ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠶ ᠨᠤᠲᠠᠯᠠᠨ ᠲᠣᠭᠲᠠᠭᠠᠵᠤ ᠳᠠᠩᠰᠠᠯᠠᠬᠤ ᠠᠵᠢᠯ ᠢ ᠬᠠᠷᠢᠭᠤᠴᠠᠨ᠎ᠠ᠃ ᠪᠥᠬᠦ | ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠶ ᠨᠤᠲᠠᠯᠠᠨ ᠲᠣᠭᠲᠠᠭᠠᠵᠤ ᠳᠠᠩᠰᠠᠯᠠᠬᠤ᠂ ᠡᠷᠬᠡ ᠶᠢᠨ ᠬᠠᠷᠢᠶ᠎ᠠ ᠶᠢ | ᠪᠠᠶᠢᠴᠠᠭᠠᠬᠤ᠂ ᠥᠯᠥ ᠬᠥᠳᠡᠯᠬᠦ ᠬᠥᠷᠥᠩᠭᠡ ᠶᠢ ᠬᠡᠮᠵᠢᠨ ᠵᠢᠷᠤᠬᠤ᠂ ᠮᠠᠷᠭᠤᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠤᠨ᠎ᠠ︔ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠰᠠᠭᠤᠷᠢ ᠲᠠᠪᠴᠠᠩ ᠢ ᠪᠠᠶᠢᠭᠤᠯᠤᠨ ᠪᠦᠷᠢᠨᠰᠢᠭᠦᠯᠦᠨ᠎ᠡ︔ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢ ᠳᠡᠩᠰᠡᠯᠡᠨ | ᠲᠡᠮᠳᠡᠭᠯᠡᠬᠦ ᠮᠠᠲ᠋ᠧᠷᠢᠶᠠᠯ ᠢ ᠴᠤᠭᠯᠠᠭᠤᠯᠬᠤ᠂ ᠡᠮᠬᠢᠯᠡᠬᠦ᠂ ᠬᠠᠮᠲᠤ ᠳᠤ ᠪᠠᠨ ᠬᠦᠷᠲᠡᠬᠦ᠂ ᠬᠤᠷᠢᠶᠠᠩᠭᠤᠶᠢᠯᠠᠨ ᠲᠤᠰᠢᠶᠠᠬᠤ ᠬᠠᠮᠢᠶᠠᠷᠤᠯᠲᠠ ᠵᠡᠷᠭᠡ ᠶᠢ ᠬᠠᠷᠢᠭᠤᠴᠠᠨ᠎ᠠ᠃ | ︵ᠲᠦᠷᠪᠡ︶ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠪᠠᠷ ᠬᠡᠷᠡᠭᠯᠡᠬᠦ ᠠᠵᠢᠯ ᠢ ᠬᠠᠷᠢᠭᠤᠴᠠᠨ᠎ᠠ᠃ ᠤᠯᠤᠰ ᠠᠴᠠ | ᠲᠣᠭᠲᠠᠭᠠᠭᠰᠠᠨ ᠪᠥᠬᠦ ᠠᠷᠠᠳ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠪᠦᠷᠢᠳᠬᠡᠯ ᠤᠨ ᠲᠦᠷᠢᠮ ᠶᠣᠰᠣᠭᠠᠷ᠂ ᠪᠥᠬᠦ | ᠬᠤᠰᠢᠭᠤᠨ ᠤ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠲᠣᠭᠠᠴᠠᠭ᠎ᠠ ᠬᠢᠬᠦ ᠶᠢ ᠬᠠᠷᠢᠭᠤᠴᠠᠨ᠎ᠠ︔ ᠠᠷᠠᠳ | ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠬᠤᠪᠢᠶᠠᠷᠢᠯᠠᠨ ᠥᠭᠬᠦ᠂ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠦᠨ᠎ᠡ | ᠲᠣᠭᠲᠠᠭᠠᠵᠤ ᠪᠠᠯᠠ ᠭᠠᠷᠭᠠᠬᠤ ᠪᠠ ᠭᠠᠵᠠᠷ ᠰᠢᠷᠣᠶ ᠨᠥᠭᠡᠴᠡᠯᠡᠬᠦ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠷᠠᠳ ᠨᠡᠶᠢᠲᠡ ᠶᠢᠨ | ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠵᠦᠶ ᠵᠣᠬᠢᠰᠲᠠᠶ ᠳᠣᠭᠢᠷᠠᠭᠤᠯᠤᠨ᠎ᠠ︔ ᠪᠠᠶᠢᠭᠠᠯᠢ ᠶᠢᠨ ᠡᠬᠢ ᠪᠠᠶᠠᠯᠢᠭ ᠤᠨ ᠡᠳ᠋ | ᠬᠥᠷᠥᠩᠭᠡ ᠶᠢᠨ ᠥᠷᠲᠡᠭ ᠢ ᠦᠨᠡᠯᠡᠨ ᠵᠢᠱᠢᠬᠦ ᠬᠠᠮᠢᠶᠠᠷᠤᠯᠲᠠ ᠶᠢ ᠬᠠᠷᠢᠭᠤᠴᠠᠵᠤ᠂ ᠬᠠᠮᠢᠶ᠎ᠠ ᠪᠥᠬᠦᠶ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠬᠠᠤᠯᠢ ᠶᠣᠰᠣᠭᠠᠷ | ᠬᠤᠷᠢᠶᠠᠨ ᠠᠪᠤᠨ᠎ᠠ᠃ | ︵ᠲᠠᠪᠤ︶ ᠪᠠᠶᠢᠭᠠᠯ ᠤᠨ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠢ ᠲᠠᠰ ᠬᠤᠪᠢᠶᠠᠨ | ᠦᠨ᠎ᠡ ᠬᠠᠩᠰᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠪᠠᠶᠢᠭᠠᠯᠢ ᠶᠢᠨ ᠡᠬᠢ ᠪᠠᠶᠠᠯᠢᠭ ᠤᠨ ᠠᠰᠢᠭᠯᠠᠯᠲᠠ ᠶᠢ ᠦᠨᠡᠯᠡᠵᠦ ᠰᠢᠯᠭᠠᠨ | ᠬᠢᠨᠠᠬᠤ ᠶᠢ ᠥᠷᠨᠢᠭᠦᠯᠵᠦ᠂ ᠠᠷᠪᠢᠲᠠᠢ ᠡᠷᠴᠢᠮᠯᠢᠭ ᠠᠰᠢᠭᠯᠠᠬᠤ ᠳᠦᠷᠢᠮ ᠢ ᠨᠠᠶᠢᠳᠠᠪᠤᠷᠢᠵᠢᠭᠤᠯᠤᠨ᠎ᠠ︔ ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠳᠤ ᠬᠤᠷᠸ᠎ᠠ ᠲᠣᠬᠢᠷᠠᠭᠤᠯᠭ᠎ᠠ ᠡᠵᠡᠮᠰᠢᠯ᠂ ᠣᠷᠣᠨ ᠪᠦᠰᠡ ᠶᠢᠨ | ᠵᠣᠬᠢᠴᠠᠭᠤᠯᠭ᠎ᠠ ᠪᠠ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | | ︵ᠵᠢᠷᠭᠤᠭ᠎ᠠ︶ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮ ᠪᠠᠶᠢᠭᠤᠯᠬᠤ ᠶᠢ ᠬᠠᠷᠢᠭᠤᠴᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ᠪᠡᠶᠡᠴᠢ ᠴᠣᠭᠴᠠ ᠶᠢᠨ ᠴᠢᠳᠠᠮᠵᠢᠲᠤ ᠣᠷᠣᠨ ᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠡᠵᠡᠮᠳᠡᠯ ᠤᠨ | ᠴᠢᠨᠠᠷᠲᠠᠶ ᠨᠠᠷᠢᠨ ᠲᠥᠯᠥᠪᠵᠢᠭᠦᠯᠭᠡ᠂ ᠴᠢᠬᠤᠯᠠ ᠭᠠᠵᠠᠷ ᠤᠨ ᠵᠠᠰᠠᠨ ᠪᠠᠶᠢᠭᠤᠯᠬᠤ ᠴᠢᠨᠠᠷᠲᠠᠶ ᠨᠠᠷᠢᠨ ᠲᠥᠯᠥᠪᠵᠢᠭᠦᠯᠭᠡ᠂ ᠬᠤᠲᠠ ᠶᠢᠨ ᠵᠢᠷᠤᠭ ᠲᠥᠯᠥᠪᠯᠡᠭᠡ ᠪᠠ | ᠨᠡᠭᠡᠭᠡᠯᠲᠡ ᠶᠢᠨ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ᠂ ᠴᠢᠬᠤᠯᠠ ᠲᠤᠰᠬᠠᠶ ᠲᠥᠯᠥᠪᠵᠢᠭᠦᠯᠭᠡ ᠵᠢᠴᠢ ᠬᠠᠮᠢᠶ᠎ᠠ ᠪᠥᠬᠦᠶ ᠲᠤᠰᠬᠠᠶ ᠲᠥᠯᠥᠪᠵᠢᠭᠦᠯᠭᠡ ᠶᠢ | ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ︔ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠤᠯᠪᠣᠭᠳᠠᠯ ᠪᠥᠬᠦᠶ ᠲᠤᠰᠬᠠᠶ ᠮᠡᠷᠭᠡᠵᠢᠯ ᠤᠨ | ᠲᠥᠯᠥᠪᠵᠢᠭᠦᠯᠭᠡ ᠳᠤ ᠶᠡᠷᠦᠩᠬᠡᠶᠢᠯᠡᠨ ᠵᠣᠬᠢᠴᠠᠭᠤᠯᠬᠤ ᠪᠠ ᠲᠡᠩᠴᠡᠭᠦᠷᠢᠲᠡᠶ ᠪᠠᠶᠢᠯᠭᠠᠬᠤ ᠶᠢ ᠬᠠᠷᠢᠭᠤᠴᠠᠨ᠎ᠠ︔ ᠬᠤᠲᠠ ᠬᠥᠳᠡᠭᠡ ᠶᠢᠨ ᠣᠶᠢᠷ᠎ᠠ ᠶᠢᠨ ᠬᠤᠭᠤᠴᠠᠭᠠᠨ ᠤ | ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠠ ᠣᠨ ᠤ ᠬᠡᠷᠡᠭᠵᠢᠭᠦᠯᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢ ᠬᠠᠤᠯᠢ ᠶᠣᠰᠣᠭᠠᠷ ᠵᠢᠯᠣᠭᠤᠳᠤᠨ᠎ᠠ︔ | ᠰᠢᠶᠠᠩ ᠪᠠᠯᠭᠠᠰᠤᠨ ᠤ ᠶᠡᠷᠦᠩᠬᠡᠶ ᠲᠥᠯᠥᠪᠵᠢᠭᠦᠯᠭᠡ ᠪᠠ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠤᠶᠤ ᠬᠢᠨᠠᠨ ᠪᠠᠶᠢᠴᠠᠭᠠᠨ᠎ᠠ᠃ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠨᠡᠭᠡᠭᠡᠨ ᠠᠰᠢᠭᠯᠠᠬᠤ ᠳᠤ ᠵᠣᠬᠢᠴᠠᠬᠤ ᠴᠢᠨᠠᠷ ᠢ ᠦᠨᠡᠯᠡᠬᠦ ᠠᠵᠢᠯ ᠢ ᠥᠷᠨᠢᠭᠦᠯᠵᠦ᠂ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠶᠢ ᠬᠢᠨᠠᠨ ᠬᠡᠮᠵᠢᠬᠦ᠂ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ | ᠪᠠᠶᠢᠭᠤᠯᠤᠨ᠎ᠠ︔ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠵᠡᠷᠭᠡ ᠬᠢᠵᠠᠭᠠᠷᠯᠠᠬᠤ ᠱᠤᠭᠤᠮ ᠢ | ᠵᠣᠬᠢᠶᠠᠨ ᠪᠠᠶᠢᠭᠤᠯᠤᠨ ᠵᠠᠭᠠᠭᠯᠠᠨ ᠲᠣᠭᠲᠠᠭᠠᠵᠤ᠂ ᠡᠬᠢ ᠪᠠᠶᠠᠯᠢᠭ ᠢ ᠠᠷᠪᠢᠯᠠᠬᠤ ᠪᠠ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠦᠢᠯᠡᠳᠪᠦᠷᠢᠯᠡᠯ᠂ | ᠠᠮᠢᠳᠤᠷᠠᠯ᠂ ᠠᠮᠢ ᠠᠬᠤᠶ ᠶᠢᠨ ᠣᠷᠣᠨ ᠵᠠᠶ ᠶᠢᠨ ᠪᠠᠶᠢᠷᠢᠰᠢᠯ ᠢ ᠪᠠᠶᠢᠭᠤᠯᠤᠨ᠎ᠠ︔ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠬᠡᠷᠡᠭᠯᠡᠯᠲᠡ ᠶᠢ ᠵᠠᠬᠢᠷᠤᠨ | ᠬᠠᠮᠢᠶᠠᠷᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠲᠦᠷᠦ ᠶᠢᠨ ᠪᠤᠳᠤᠯᠭ᠎ᠠ ᠶᠢ ᠬᠢᠨᠠᠯᠲᠠ ᠲᠠᠯᠪᠢᠨ | ᠬᠡᠷᠡᠭᠵᠢᠭᠦᠯᠦᠨ᠎ᠡ︔ ᠭᠠᠵᠠᠷ ᠰᠢᠷᠣᠶ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠣᠨ ᠤ ᠠᠰᠢᠭᠯᠠᠬᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠤᠭᠤᠷᠪᠢᠨ | ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ︔ ᠭᠠᠵᠠᠷ ᠰᠢᠷᠣᠶ ᠲᠠᠲᠠᠪᠤᠷᠢᠯᠠᠨ ᠬᠡᠷᠡᠭᠯᠡᠬᠦ ᠠᠵᠢᠯ ᠢ ᠬᠠᠷᠢᠭᠤᠴᠠᠨ᠎ᠠ︔ ᠭᠠᠵᠠᠷ ᠰᠢᠷᠣᠶ ᠲᠠᠲᠠᠪᠤᠷᠢᠯᠠᠨ ᠬᠡᠷᠡᠭᠯᠡᠬᠦ | ᠬᠠᠮᠢᠶᠠᠷᠤᠯᠲᠠ ᠶᠢ ᠬᠠᠷᠢᠭᠤᠴᠠᠨ᠎ᠠ᠃ | ︵ᠳᠤᠯᠤᠭ᠎ᠠ︶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢ ᠨᠢᠭᠡᠳᠦᠯᠲᠡᠶ ᠲᠥᠯᠥᠪᠯᠡᠬᠦ ᠶᠢ ᠬᠠᠷᠢᠭᠤᠴᠠᠨ᠎ᠠ᠃ ᠤᠯᠤᠰ ᠤᠨ ᠭᠠᠵᠠᠷ | ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢ ᠰᠡᠷᠭᠦᠭᠡᠬᠦ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠤᠯᠪᠣᠭᠳᠠᠯ ᠪᠥᠬᠦᠶ ᠠᠮᠢ ᠠᠬᠤᠶ ᠶᠢ | ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠦᠨ᠎ᠡ︔ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠶᠡᠷᠦᠩᠬᠡᠶᠢᠯᠡᠨ | ᠵᠠᠰᠠᠬᠤ᠂ ᠭᠠᠵᠠᠷ ᠰᠢᠷᠣᠶ ᠶᠢ ᠡᠮᠬᠢᠯᠡᠨ ᠳᠠᠬᠢᠨ ᠬᠠᠭᠠᠯᠪᠤᠷᠢᠯᠠᠬᠤ᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ ᠵᠣᠬᠢᠶᠠᠨ | ᠪᠠᠶᠢᠭᠤᠯᠤᠨ᠎ᠠ︔ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠳᠦᠷᠢᠮ ᠢ ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠤᠨ ᠪᠡᠯᠡ ᠮᠥᠩᠭᠦ ᠶᠢ ᠵᠦᠢ | ᠵᠣᠬᠢᠰᠲᠠᠶ ᠠᠰᠢᠭᠯᠠᠨ ᠠᠮᠢ ᠠᠬᠤᠶ ᠶᠢ ᠰᠡᠷᠭᠦᠭᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠠᠮᠢ ᠠᠬᠤᠶ ᠶᠢ ᠰᠡᠷᠭᠦᠭᠡᠬᠦ ᠲᠥᠷᠥᠯ ᠵᠦᠢᠯ ᠢ | ᠳᠤᠷᠠᠳᠤᠨ᠎ᠠ᠃ | ︵ᠨᠠᠢᠮᠠ︶ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠪᠣᠯᠤᠨ ᠭᠠᠵᠠᠷ ᠰᠢᠷᠣᠶ ᠶᠢ ᠠᠷᠪᠢᠲᠠᠶ ᠡᠷᠴᠢᠮᠯᠢᠭ ᠠᠰᠢᠭᠯᠠᠬᠤ ᠴᠢᠩᠭ᠎ᠠ | ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ ᠬᠡᠷᠡᠭᠵᠢᠭᠦᠯᠵᠦ᠂ | ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠶ ᠶᠢᠨ ᠬᠠᠮᠠᠭᠠᠯᠠᠯᠲᠠ ᠶᠢ ᠬᠠᠷᠢᠭᠤᠴᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ | ᠬᠠᠷᠢᠭᠤᠴᠠᠯᠭ᠎ᠠ ᠶᠢᠨ ᠬᠠᠷᠠᠯᠲᠠ ᠶᠢ ᠰᠢᠯᠭᠠᠨ ᠬᠢᠨᠠᠬᠤ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠨᠴᠠᠭᠠᠶ ᠬᠠᠮᠠᠭᠠᠯᠠᠯᠲᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ︔ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠲᠦᠷᠢᠮ ᠢ ᠨᠠᠶᠢᠳᠠᠪᠤᠷᠢᠵᠢᠭᠤᠯᠤᠨ᠎ᠠ᠃ | ︵ᠶᠢᠰᠦ︶ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠠᠵᠢᠯ ᠢ ᠬᠠᠷᠢᠭᠤᠴᠠᠨ ᠬᠠᠮᠢᠶᠠᠷᠤᠨ᠎ᠠ᠃ ᠪᠦᠬᠦ ᠬᠤᠰᠢᠭᠤᠨ ᠤ ᠭᠠᠵᠠᠷ ᠰᠢᠨᠵᠢᠯᠡᠭᠡᠨ ᠤ ᠬᠠᠶᠢᠨ | ᠪᠠᠶᠢᠴᠠᠭᠠᠯᠲᠠ ᠶᠢᠨ ᠠᠵᠢᠯ ᠢ ᠬᠠᠷᠢᠭᠤᠴᠠᠨ᠎ᠠ︔ ᠪᠦᠬᠦ ᠬᠤᠰᠢᠭᠤᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠥᠯᠥᠪᠵᠢᠭᠦᠯᠭᠡ ᠶᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠯᠲᠠ ᠬᠢᠬᠦ ᠶᠢ ᠬᠠᠷᠢᠭᠤᠴᠠᠨ᠎ᠠ︔ ᠪᠦᠬᠦ ᠬᠤᠰᠢᠭᠤᠨ ᠤ | ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠭᠠᠵᠠᠷ ᠰᠢᠨᠵᠢᠯᠡᠭᠡᠨ ᠤ | ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠮᠠᠯᠲᠠᠭᠰᠠᠨ ᠠᠴᠠ ᠪᠣᠯᠤᠭᠰᠠᠨ | ᠭᠠᠵᠠᠷ ᠳᠡᠭᠡᠷᠡᠬᠢ ᠳᠣᠷᠣᠭᠰᠢ ᠰᠠᠭᠤᠭᠰᠠᠨ ᠵᠡᠷᠭᠡ ᠭᠠᠵᠠᠷ ᠰᠢᠨᠵᠢᠯᠡᠭᠡᠨ ᠤ ᠠᠰᠠᠭᠤᠳᠠᠯ ᠢ ᠬᠢᠨᠠᠨ ᠬᠠᠮᠢᠶᠠᠷᠤᠨ᠎ᠠ᠃ | ︵ᠠᠷᠪᠠ︶ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠤᠨ ᠬᠠᠳᠠᠭᠠᠯᠠᠭᠳᠠᠴᠠ ᠶᠢᠨ ᠬᠠᠮᠢᠶᠠᠷᠤᠯᠲᠠ ᠵᠢᠴᠢ ᠳᠠᠷᠤᠭᠳᠠᠮᠠᠯ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠢᠨᠠᠨ ᠪᠠᠶᠢᠴᠠᠭᠠᠵᠤ ᠮᠡᠳᠡᠭᠦᠯᠦᠨ | ᠵᠥᠪᠰᠢᠶᠡᠷᠡᠭᠦᠯᠬᠦ ᠶᠢ ᠬᠠᠷᠢᠭᠤᠴᠠᠨ᠎ᠠ︔ ᠪᠥᠬᠦ ᠬᠤᠰᠢᠭᠤᠨ ᠤ ᠠᠭᠤᠷᠬᠠᠶ ᠶᠢᠨ ᠦᠢᠯᠡᠰ ᠤᠨ ᠡᠷᠬᠡ ᠶᠢᠨ ᠬᠠᠮᠢᠶᠠᠷᠤᠯᠲᠠ ᠶᠢ ᠬᠠᠷᠢᠭᠤᠴᠠᠨ᠎ᠠ︔ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠬᠤ ᠪᠠ ᠬᠠᠮᠠᠭᠠᠯᠠᠬᠤ ᠳᠤ ᠬᠢᠨᠠᠯᠲᠠ ᠲᠠᠯᠪᠢᠨ ᠵᠢᠯᠣᠭᠤᠳᠤᠨ᠎ᠠ᠃ | ︵ᠠᠷᠪᠠᠨ ᠨᠢᠭᠡ᠂ ᠲᠥᠯᠥᠪᠵᠢᠭᠦᠯᠭᠡ ᠶᠢᠨ ᠣᠷᠣᠨ ᠤ ᠬᠡᠪᠴᠢᠶᠡᠨ ᠳᠣᠲᠣᠷᠠᠬᠢ ᠲᠥᠯᠥᠪᠵᠢᠭᠦᠯᠭᠡ ᠶᠢ ᠬᠡᠷᠡᠭᠵᠢᠭᠦᠯᠬᠦ ᠳᠤ ᠲᠥᠪᠯᠡᠷᠡᠭᠦᠯᠦᠨ ᠬᠠᠮᠢᠶᠠᠷᠬᠤ ᠶᠢ | ᠬᠡᠷᠡᠭᠵᠢᠭᠦᠯᠬᠦ ᠬᠡᠷᠡᠭᠲᠡᠶ᠃ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠰᠣᠩᠭᠤᠬᠤ᠂ ᠴᠢᠭ ᠲᠣᠭᠲᠠᠭᠠᠬᠤ ᠶᠢ ᠬᠠᠷᠢᠭᠤᠴᠠᠬᠤ ᠶᠢᠨ ᠬᠠᠮᠲᠤ | ᠲᠥᠯᠥᠪᠵᠢᠭᠦᠯᠭᠡ ᠶᠢᠨ ᠨᠥᠬᠦᠴᠡᠯ ᠢ ᠳᠤᠷᠠᠳᠤᠨ᠎ᠠ︔ ᠪᠦᠲᠦᠭᠡᠨ ᠪᠠᠶᠢᠭᠤᠯᠬᠤ ᠨᠢᠭᠡᠴᠢ ᠶᠢᠨ ᠨᠠᠶᠢᠷᠠᠭᠤᠯᠤᠨ ᠵᠣᠬᠢᠶᠠᠭᠰᠠᠨ ᠵᠠᠰᠠᠨ ᠪᠠᠶᠢᠭᠤᠯᠬᠤ ᠴᠢᠨᠠᠷᠲᠠᠶ ᠨᠠᠷᠢᠨ | ᠲᠣᠳᠣᠷᠬᠠᠶ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠲᠥᠰᠦᠯ ︵ᠦᠵᠡᠮᠵᠢ ᠶᠢᠨ ᠵᠢᠷᠤᠭ ᠲᠥᠯᠥᠪᠯᠡᠭᠡ ᠶᠢ | ᠪᠠᠭᠲᠠᠭᠠᠨ᠎ᠠ︶︶ ᠡᠭᠦᠨ ᠳᠤ ︽ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠰᠣᠩᠭᠤᠬᠤ ᠰᠠᠨᠠᠯ ᠤᠨ ᠪᠢᠴᠢᠭ︾᠂ ︽ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠥᠪᠵᠢᠭᠦᠯᠭᠡ ᠶᠢᠨ ᠨᠥᠬᠦᠴᠡᠯ ᠤᠨ ᠮᠡᠳᠡᠭᠳᠡᠯ ᠤᠨ ᠪᠢᠴᠢᠭ︾᠂ ︽ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ︾᠂ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ | ᠦᠨᠡᠮᠯᠡᠯ︾ ᠪᠠ ︽ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ︾ ᠬᠢᠨᠠᠨ ᠣᠯᠭᠤᠬᠤ ᠶᠢ | ᠬᠠᠷᠢᠭᠤᠴᠠᠨ᠎ᠠ︔ ᠲᠦᠷ ᠴᠠᠭ ᠤᠨ ᠪᠦᠲᠦᠭᠡᠨ ᠪᠠᠶᠢᠭᠤᠯᠤᠯᠲᠠ᠂ ᠲᠦᠷ ᠴᠠᠭ ᠤᠨ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠶᠢ | ᠬᠠᠷᠢᠭᠤᠴᠠᠨ᠎ᠠ᠃ | ︵ᠠᠷᠪᠠᠨ ᠬᠤᠶᠠᠷ︶ ᠲᠦᠷᠦᠭᠦᠯᠡᠨ ᠵᠣᠬᠢᠶᠠᠨ ᠪᠠᠶᠢᠭᠤᠯᠵᠤ ᠪᠠᠶᠢᠭᠠᠳ ᠬᠤᠲᠠ ᠶᠢᠨ ᠲᠥᠯᠥᠪᠵᠢᠭᠦᠯᠭᠡ ᠶᠢᠨ ᠣᠷᠣᠨ ᠤ ᠳᠣᠲᠣᠷᠠᠬᠢ | ᠨᠣᠭᠤᠭᠠᠷᠠᠭᠤᠯᠤᠯᠲᠠ ᠶᠢᠨ ᠲᠥᠯᠥᠪᠵᠢᠭᠦᠯᠭᠡ᠂ ᠨᠣᠭᠤᠭᠠᠷᠠᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠯᠲᠡ ᠶᠢᠨ ᠰᠢᠨᠵᠢ ᠴᠢᠨᠠᠷ ᠢ ᠬᠢᠨᠠᠨ ᠪᠠᠶᠢᠴᠠᠭᠠᠬᠤ ᠬᠡᠷᠡᠭᠲᠡᠶ︔ | ᠲᠥᠯᠥᠪᠵᠢᠭᠦᠯᠭᠡ ᠶᠢᠨ ᠣᠷᠣᠨ ᠤ ᠬᠡᠪᠴᠢᠶᠡᠨ ᠳᠣᠲᠣᠷᠠᠬᠢ ᠬᠤᠲᠠ ᠶᠢᠨ ᠦᠵᠡᠮᠵᠢ ᠶᠢᠨ ᠲᠥᠯᠥᠪᠵᠢᠭᠦᠯᠭᠡ ︵ᠬᠤᠲᠠ ᠶᠢᠨ ᠥᠩᠭᠡ ᠪᠤᠳᠤᠭ ᠤᠨ ᠲᠥᠯᠥᠪᠵᠢᠭᠦᠯᠭᠡ | ᠂ ᠦᠵᠡᠮᠵᠢ᠂ ᠭᠡᠷᠡᠯᠲᠦᠭᠦᠯᠭᠡ ᠶᠢᠨ ᠲᠥᠯᠥᠪᠵᠢᠭᠦᠯᠭᠡ᠂ ᠬᠤᠲᠠ ᠶᠢᠨ ᠠᠭᠤᠳᠠᠮ ᠲᠠᠯᠠᠪᠠᠶ ᠶᠢᠨ ᠲᠥᠯᠥᠪᠵᠢᠭᠦᠯᠭᠡ ᠵᠡᠷᠭᠡ ᠶᠢ ᠪᠠᠭᠲᠠᠭᠠᠨ᠎ᠠ᠃︶ ᠬᠢᠨᠠᠨ ᠪᠠᠶᠢᠴᠠᠭᠠᠬᠤ᠃ | | ︵ᠠᠷᠪᠠᠨ ᠭᠤᠷᠪᠠ︶ ᠬᠡᠮᠵᠢᠨ ᠵᠢᠷᠤᠬᠤ ᠭᠠᠵᠠᠷ ᠵᠦᠶ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ | ᠬᠡᠪᠴᠢᠶᠡᠨ ᠳᠠᠬᠢ ᠰᠠᠭᠤᠷᠢ ᠬᠡᠮᠵᠢᠨ ᠵᠢᠷᠤᠭᠯᠠᠯᠲᠠ᠂ ᠠᠭᠠᠷ ᠠᠶᠠᠯᠠᠯ ᠤᠨ ᠠᠯᠤᠰ ᠰᠡᠷᠡᠯ᠂ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢ ᠰᠢᠯᠭᠠᠨ ᠪᠠᠶᠢᠴᠠᠭᠠᠬᠤ᠂ | ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠭᠠᠵᠠᠷ ᠵᠦᠶ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠪᠠ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠭᠠᠵᠠᠷ | ᠵᠦᠶ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠪᠥᠬᠦ ᠬᠤᠰᠢᠭᠤᠨ ᠤ ᠭᠠᠵᠠᠷ ᠳᠡᠭᠡᠷᠡᠬᠢ ᠪᠠ ᠭᠠᠵᠠᠷ ᠳᠣᠤᠷᠠᠬᠢ | ᠣᠷᠣᠨ ᠵᠠᠶ᠂ ᠶᠡᠷᠦᠩᠬᠡᠶᠢᠯᠡᠭᠰᠡᠨ ᠬᠤᠭᠤᠯᠠᠶ ᠱᠤᠭᠤᠮ ᠤᠨ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠬᠤᠲᠠ ᠬᠥᠳᠡᠭᠡ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠢᠷᠢ ᠬᠡᠮ ᠤᠨ ᠬᠠᠮᠢᠶᠠᠷᠤᠯᠲᠠ ᠶᠢ ᠡᠭᠦᠷᠭᠡᠯᠡᠨ᠎ᠡ᠃ ᠪᠥᠬᠦ ᠬᠤᠰᠢᠭᠤᠨ ᠤ ᠭᠠᠵᠠᠷ ᠵᠦᠶ ᠶᠢᠨ ᠮᠡᠳᠡᠭᠡ ᠵᠠᠩᠭᠢ ᠶᠢᠨ | ᠠᠮᠤᠷ ᠲᠦᠪᠰᠢᠨ ᠪᠠ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠢᠨᠠᠨ ᠬᠠᠮᠢᠶᠠᠷᠤᠨ᠎ᠠ︔ ᠭᠠᠵᠠᠷ ᠵᠦᠶ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ | ᠦᠶ᠋ᠯᠡᠴᠢᠯᠡᠭᠡᠨ ᠤ ᠬᠠᠮᠢᠶᠠᠷᠤᠯᠲᠠ ᠶᠢ ᠬᠠᠷᠢᠭᠤᠴᠠᠨ᠎ᠠ︔ ᠬᠡᠮᠵᠢᠯᠲᠡ ᠶᠢᠨ ᠲᠡᠮᠳᠡᠭ ᠤᠨ ᠬᠠᠮᠠᠭᠠᠯᠠᠯᠲᠠ ᠶᠢ ᠬᠠᠷᠢᠭᠤᠴᠠᠨ᠎ᠠ᠃ | ︵ᠠᠷᠪᠠᠨ ᠳᠥᠷᠪᠡᠳᠦᠭᠡᠷ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠪᠠ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠲᠥᠯᠥᠪᠵᠢᠭᠦᠯᠭᠡ ᠶᠢᠨ ᠲᠤᠬᠠᠶ ᠴᠢᠬᠤᠯᠠ ᠶᠡᠭᠡ ᠴᠢᠭᠯᠡᠯᠲᠡ ᠲᠥᠷᠥ ᠶᠢᠨ ᠪᠣᠳᠣᠯᠭ᠎ᠠ᠂ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ | ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠰᠠᠨᠠᠯ ᠢ ᠨᠠᠶᠢᠳᠠᠪᠤᠷᠢᠵᠢᠭᠤᠯᠤᠨ᠎ᠠ︔ ᠪᠠᠶᠢᠭᠠᠯᠢ ᠶᠢᠨ ᠡᠬᠢ | ᠪᠠᠶᠠᠯᠢᠭ ᠢ ᠨᠡᠭᠡᠭᠡᠨ ᠠᠰᠢᠭᠯᠠᠬᠤ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠵᠢᠴᠢ ᠬᠡᠮᠵᠢᠨ ᠵᠢᠷᠤᠭᠯᠠᠬᠤ ᠬᠠᠤᠯᠢ ᠠᠴᠠ ᠵᠥᠷᠢᠴᠡᠭᠰᠡᠨ | ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ︵ᠠᠷᠪᠠᠨ ᠲᠠᠪᠤ︶ ᠪᠠᠶᠢᠭᠠᠯᠢ ᠶᠢᠨ ᠡᠬᠢ ᠪᠠᠶᠠᠯᠢᠭ ᠤᠨ ᠡᠯ᠎ᠡ ᠵᠦᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠪᠠᠯᠭᠠᠰᠤᠨ ᠤ ᠬᠤᠯᠪᠣᠭᠳᠠᠯ ᠪᠥᠬᠦᠶ ᠪᠠᠶᠢᠭᠠᠯᠢ ᠶᠢᠨ ᠡᠬᠢ ᠪᠠᠶᠠᠯᠢᠭ ᠪᠠ | ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃ | ︵ᠠᠷᠪᠠᠨ ᠵᠢᠷᠭᠤᠭ᠎ᠠ︶ ᠬᠠᠩᠭᠢᠨ ᠬᠤᠶᠢᠲᠤ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢ ᠨᠢᠭᠡᠳᠦᠯᠲᠡᠶ ᠬᠠᠮᠢᠶᠠᠷᠬᠤ ᠪᠠ | ᠵᠣᠬᠢᠴᠠᠭᠤᠯᠤᠨ᠎ᠠ᠃ | ︵ᠠᠷᠪᠠᠨ ᠳᠣᠯᠤᠭ᠎ᠠ︶ ᠬᠤᠰᠢᠭᠤᠨ ᠤ ᠨᠠᠮ ᠤᠨ ᠬᠤᠷᠢᠶ᠎ᠠ ᠪᠤᠶᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ |