ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠬᠠᠩᠭᠢᠨ ᠬᠤᠶᠢᠲᠤ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠶᠢᠨ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/12/19
    ᠡᠯ᠎ᠡ ᠪᠠᠯᠭᠠᠰᠤ᠂ ᠲᠠᠢ ᠶᠠᠩ ᠮᠢᠶᠣᠣ ᠲᠠᠷᠢᠶᠠᠯᠠᠩ ᠤᠨ ᠲᠠᠯᠠᠪᠠᠢ ᠶᠢᠨ ᠬᠢᠵᠠᠭᠠᠷᠲᠤ ᠺᠣᠮᠫᠠᠨᠢ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠰᠢᠭᠤᠨ ᠳᠤ ᠰᠠᠭᠤᠭ᠎ᠠ ᠡᠯ᠎ᠡ ᠨᠢᠭᠡᠴᠡ ᠳᠤ᠄      ︽ᠬᠠᠩᠭᠢᠨ ᠬᠤᠶᠢᠲᠤ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭᠠᠬᠢ ᠬᠠᠮᠢᠶᠠᠷᠴᠤ ᠬᠠᠮᠠᠭᠠᠯᠠᠬᠤ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾ ᠢ ᠬᠤᠰᠢᠭᠤᠨ ᠤ ᠵᠠᠰᠠᠭ ᠤᠨ ᠣᠷᠳᠣᠨ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠵᠤ ᠬᠢᠨᠠᠮᠠᠭᠠᠶ ᠰᠠᠶᠢᠲᠤᠷ ᠠᠳᠬᠤᠭᠠᠷᠠᠢ᠃                                            ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ                                                                2024ᠣᠨ ᠤ11 ᠰᠠᠷ᠎ᠠ ᠶᠢᠨ8  ᠤ ᠡᠳᠦᠷ                        ᠬᠠᠩᠭᠢᠨ ᠬᠤᠶᠢᠲᠤ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ        ᠲᠥᠷᠥᠯ ᠵᠦᠢᠯ ᠢ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠶᠢᠨ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶      ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠣᠯ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠰᠠᠭᠤᠷᠢ ᠮᠥᠨ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢᠨ ᠴᠢᠬᠤᠯᠠ ᠢᠯᠡᠷᠡᠯ ᠮᠥᠨ᠂ ︽ᠠᠮᠤ ᠪᠤᠳᠠᠭ᠎ᠠ ᠶᠢ ᠭᠠᠵᠠᠷ ᠰᠢᠷᠣᠶ ᠳᠤ ᠬᠠᠳᠠᠭᠠᠯᠠᠬᠤ︾ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠴᠢᠬᠤᠯᠠ ᠭᠠᠷᠳᠠᠴᠠ ᠪᠠ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠮᠠᠨ ᠤ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠠᠭᠠᠯᠠᠵᠤ᠂ ᠲᠥᠷᠥᠯ ᠵᠦᠢᠯ ᠤᠨ ︽ᠳᠠᠬᠢᠨ ᠪᠠᠶᠢᠭᠤᠯᠵᠤ ᠬᠠᠮᠢᠶᠠᠷᠬᠤ ᠶᠢ ᠬᠥᠩᠭᠡᠪᠴᠢᠯᠡᠬᠦ︾ ᠣᠳᠣᠬᠢ ᠪᠠᠶᠢᠳᠠᠯ ᠢ ᠦᠨᠡᠨ ᠬᠦ ᠬᠤᠪᠢᠷᠠᠭᠤᠯᠵᠤ᠂ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠂ ᠪᠥᠲᠥᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠳᠣ ᠬᠤᠭᠤᠴᠠᠭ᠎ᠠ ᠪᠠᠷ ᠦᠷ᠎ᠡ ᠠᠰᠢᠭ ᠢ ᠪᠠᠳᠠᠷᠠᠭᠤᠯᠬᠤ ᠶᠢ ᠪᠠᠲᠤᠯᠠᠬᠤ ᠶᠢᠨ ᠲᠥᠯᠥᠭᠡ᠂ ︽ᠬᠠᠩᠭᠢᠨ ᠬᠤᠶᠢᠲᠤ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭᠠᠬᠢ ᠬᠠᠮᠢᠶᠠᠷᠴᠤ ᠬᠠᠮᠠᠭᠠᠯᠠᠬᠤ ᠠᠷᠭ᠎ᠠ ︵ᠲᠤᠷᠰᠢᠨ ᠬᠡᠷᠡᠭᠵᠢᠭᠦᠯᠬᠦ︶ 64 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠪᠥᠬᠦ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠤᠷᠰᠢᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢᠶᠠᠷ ᠰᠤᠳᠤᠯᠤᠭᠤᠯᠵᠤ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠣᠨᠴᠠᠭᠠᠶᠢᠯᠠᠨ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠶ ᠬᠠᠷᠠᠯᠲᠠ      ︽ᠬᠤᠰᠢᠭᠤ ᠬᠠᠷᠢᠭᠤᠴᠠᠬᠤ᠂ ᠪᠠᠯᠭᠠᠰᠤ ᠬᠢᠨᠠᠨ ᠬᠠᠮᠢᠶᠠᠷᠬᠤ᠂ ᠲᠣᠰᠬᠤᠨ ᠨᠠᠶᠢᠳᠠᠪᠤᠷᠢᠵᠢᠭᠤᠯᠬᠤ︾ ᠪᠠᠶᠢᠭᠤᠯᠤᠭᠳᠠᠭᠰᠠᠨ ᠳᠠᠷᠠᠭᠠᠬᠢ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠲᠠᠪᠤ ᠶᠢ ᠪᠦᠷᠢᠳᠦᠭᠦᠯᠵᠦ ᠭᠤᠷᠪᠠ ᠶᠢ ᠪᠠᠲᠤᠯᠠᠬᠤ︾ ᠶᠢ ᠪᠡᠶᠡᠯᠡᠭᠦᠯᠦᠨ᠎ᠡ᠂ ᠲᠤᠬᠠᠶᠢᠯᠠᠪᠠᠯ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ ᠬᠠᠮᠢᠶᠠᠷᠤᠨ ᠬᠠᠮᠠᠭᠠᠯᠠᠬᠤ ᠨᠢ ᠭᠤᠤᠯ ᠴᠣᠭᠴᠠ ᠲᠠᠢ᠂ ᠠᠵᠢᠯᠲᠠᠨ ᠲᠠᠢ᠂ ᠪᠠᠯᠠ ᠮᠥᠩᠭᠦ ᠲᠠᠢ᠂ ᠪᠠᠷᠢᠮᠵᠢᠶ᠎ᠠ ᠲᠠᠢ᠂ ᠰᠢᠯᠭᠠᠨ ᠬᠢᠨᠠᠯᠲᠠ ᠲᠠᠢ ᠪᠠᠶᠢᠬᠤ ᠶᠢ ᠪᠡᠶᠡᠯᠡᠭᠦᠯᠵᠦ ᠂ 2019 ᠣᠨ ᠠᠴᠠ ᠨᠠᠰᠢ ᠨᠢᠭᠡᠨᠲᠡ ᠪᠠᠶᠢᠭᠤᠯᠤᠭᠰᠠᠨ ᠲᠥᠷᠥᠯ ᠵᠦᠢᠯ ᠢ ᠪᠦᠬᠦᠨ ᠢ ᠬᠠᠮᠢᠶᠠᠷᠤᠨ ᠬᠠᠮᠠᠭᠠᠯᠠᠬᠤ ᠬᠡᠪᠴᠢᠶᠡᠨ ᠳᠤ ᠣᠷᠣᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠠᠮᠠᠭᠠᠯᠠᠬᠤ ᠶᠢ ᠦᠨᠡᠨ ᠬᠦ ᠪᠠᠲᠤᠯᠠᠵᠤ᠂ ᠣᠷᠳᠣ ᠬᠤᠭᠤᠴᠠᠭ᠎ᠠ ᠪᠠᠷ ᠦᠷ᠎ᠡ ᠠᠰᠢᠭ ᠢ ᠦᠷᠭᠦᠯᠵᠢᠯᠡᠨ ᠪᠠᠳᠠᠷᠠᠭᠤᠯᠬᠤ ᠶᠢ ᠪᠠᠲᠤᠯᠠᠨ᠎ᠠ᠃    ᠬᠤᠶᠠᠷ᠂ ᠭᠤᠣᠯ ᠡᠭᠦᠷᠭᠡ    ︵ᠨᠢᠭᠡ︶ ᠬᠠᠮᠢᠶᠠᠷᠴᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ ᠬᠠᠮᠢᠶᠠᠷᠴᠤ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ᠂ ᠬᠢᠨᠠᠯᠲᠠ ᠲᠠᠯᠪᠢᠵᠤ ᠵᠢᠯᠣᠭᠤᠳᠬᠤ᠂ ᠪᠠᠶᠢᠴᠠᠭᠠᠵᠤ ᠬᠢᠨᠠᠨ ᠰᠢᠯᠭᠠᠬᠤ ᠵᠡᠷᠭᠡ ᠠᠵᠢᠯ ᠢ ᠬᠠᠷᠢᠭᠤᠴᠠᠨ᠎ᠠ︔ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠬᠤᠰᠢᠭᠤᠨ ᠤ ᠱᠠᠲᠤᠨ ᠤ ᠪᠠᠯᠠ ᠮᠥᠩᠭᠦ ᠴᠤᠭᠯᠠᠭᠤᠯᠬᠤ ᠶᠢ ᠬᠠᠷᠢᠭᠤᠴᠠᠵᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠠᠢ ᠬᠠᠮᠵᠢᠯᠴᠠᠨ ᠪᠠᠯᠠ ᠮᠥᠩᠭᠦ ᠶᠢᠨ ᠬᠡᠷᠡᠭᠯᠡᠯᠲᠡ ᠶᠢ ᠬᠢᠨᠠᠨ ᠬᠠᠮᠢᠶᠠᠷᠤᠨ᠎ᠠ︔ ᠡᠯ᠎ᠡ ᠪᠠᠯᠭᠠᠰᠤᠨ ᠤ ᠵᠠᠰᠠᠭ ᠤᠨ ᠣᠷᠳᠣᠨ ᠬᠢᠨᠠᠨ ᠬᠠᠮᠢᠶᠠᠷᠬᠤ ᠭᠤᠤᠯ ᠴᠣᠭᠴᠠ ᠪᠣᠯᠵᠣ᠂ ᠲᠣᠰ ᠬᠠᠷᠢᠶ᠎ᠠ ᠣᠷᠣᠨ ᠤ ᠪᠠᠨ ᠳᠣᠲᠣᠷᠠᠬᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭᠠᠬᠢ ᠬᠠᠮᠢᠶᠠᠷᠴᠤ ᠬᠠᠮᠠᠭᠠᠯᠠᠬᠤ ᠡᠭᠦᠷᠭᠡ ᠶᠢ ᠨᠠᠶᠢᠳᠠᠪᠤᠷᠢᠵᠢᠭᠤᠯᠬᠤ ᠂ ᠡᠳᠦᠷ ᠲᠤᠲᠤᠮ ᠤᠨ ᠬᠢᠨᠠᠯᠲᠠ ᠲᠠᠯᠪᠢᠵᠤ ᠬᠢᠨᠠᠨ ᠬᠠᠮᠢᠶᠠᠷᠬᠤ ᠵᠡᠷᠭᠡ ᠠᠵᠢᠯ ᠢ ᠬᠠᠷᠢᠭᠤᠴᠠᠨ᠎ᠠ︔ ᠲᠣᠰᠬᠤᠨ ᠤ ᠠᠷᠠᠳ ᠤᠨ ᠵᠥᠪᠯᠡᠯ ᠬᠠᠮᠢᠶᠠᠷᠴᠤ ᠬᠠᠮᠠᠭᠠᠯᠠᠬᠤ ᠭᠤᠤᠯ ᠴᠣᠭᠴᠠ ᠪᠣᠯᠤᠭᠰᠠᠨ ᠤ ᠬᠤᠪᠢ ᠳᠤ᠂ ᠲᠣᠰ ᠬᠠᠷᠢᠶ᠎ᠠ ᠣᠷᠣᠨ ᠤ ᠪᠠᠨ ᠳᠣᠲᠣᠷᠠᠬᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭᠠᠬᠢ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠬᠠᠷᠢᠭᠤᠴᠠᠨ᠎ᠠ᠃      ︵ᠬᠤᠶᠠᠷ︶ ᠬᠠᠮᠢᠶᠠᠷᠤᠨ ᠬᠠᠮᠠᠭᠠᠯᠠᠬᠤ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠬᠤ ᠬᠡᠷᠡᠭᠲᠡᠢ᠃ 2019 ᠣᠨ ᠠᠴᠠ ᠨᠠᠰᠢ ᠪᠠᠶᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠴᠥᠮ ᠬᠠᠮᠢᠶᠠᠷᠴᠤ ᠬᠠᠮᠠᠭᠠᠯᠠᠬᠤ ᠬᠡᠪᠴᠢᠶᠡᠨ ᠳᠤ ᠣᠷᠣᠭᠤᠯᠪᠠ᠃ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠬᠡᠷᠡᠭᠯᠡᠬᠦ ᠵᠢᠯ ᠬᠤᠭᠤᠴᠠᠭᠠᠨ ᠳᠤ᠂ ᠲᠥᠷᠥᠯ ᠵᠦᠢᠯ ᠤᠨ ᠲᠠᠷᠢᠶᠠᠨ ᠭᠠᠵᠠᠷ᠂ ᠲᠠᠷᠢᠶᠠᠨ ᠭᠠᠵᠠᠷ ᠤᠨ ᠵᠠᠮ᠂ ᠤᠰᠤᠯᠠᠬᠤ ᠤᠰᠤ ᠵᠠᠯᠠᠬᠤ ᠰᠢᠰᠲ᠋ᠧᠮ᠂ ᠲᠠᠷᠢᠶᠠᠨ ᠭᠠᠵᠠᠷ ᠤᠨ ᠣᠶ ᠶᠢᠨ ᠲᠣᠤᠷ᠂ ᠴᠠᠬᠢᠯᠭᠠᠨ ᠳᠠᠮᠵᠢᠭᠤᠯᠵᠤ ᠲᠦᠭᠡᠭᠡᠬᠦ ᠵᠡᠷᠭᠡ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠶᠢ ᠭᠤᠤᠯᠳᠠᠯᠭ᠎ᠠ ᠲᠠᠢ ᠴᠢᠩᠭᠠᠳᠬᠠᠵᠤ᠂ ᠲᠥᠷᠥᠯ ᠵᠦᠢᠯ ᠤᠨ ᠣᠷᠣᠨ ᠤ ᠲᠠᠷᠢᠶᠠᠨ ᠭᠠᠵᠠᠷ ᠤᠨ ᠵᠠᠮ ᠤᠨ ᠪᠦᠷᠢᠨ ᠪᠦᠲᠦᠨ ᠨᠡᠪᠲᠡᠷᠡᠬᠦ᠂ ᠤᠰᠤᠯᠠᠬᠤ ᠪᠠ ᠤᠰᠤ ᠵᠠᠯᠠᠬᠤ ᠳᠤ ᠰᠠᠭᠠᠳ ᠥᠬᠡᠶ ᠨᠡᠪᠲᠡᠷᠡᠬᠦ᠂ ᠡᠯ᠎ᠡ ᠲᠥᠷᠥᠯ ᠤᠨ ᠪᠡᠯᠡᠳᠬᠡᠮᠵᠢ ᠪᠦᠷᠢᠨ ᠲᠥᠬᠦᠷ ᠪᠠᠶᠢᠬᠤ ᠶᠢᠨ ᠬᠠᠮᠲᠤ ᠬᠡᠪ ᠤᠨ ᠶᠣᠰᠣᠭᠠᠷ ᠦᠢᠯᠡᠳᠦᠯ ᠢᠶᠠᠨ ᠪᠠᠳᠠᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ︵ᠭᠤᠷᠪᠠ︶ ᠬᠠᠮᠢᠶᠠᠷᠤᠨ ᠬᠠᠮᠠᠭᠠᠯᠠᠬᠤ ᠪᠠᠷᠢᠮᠵᠢᠶ᠎ᠠ ᠶᠢ ᠴᠢᠩᠳᠠᠯᠠᠨ᠎ᠠ᠃ ᠡᠯ᠎ᠡ ᠲᠣᠰᠬᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠨ ᠬᠠᠮᠠᠭᠠᠯᠠᠬᠤ ᠲᠦᠷᠢᠮ ᠢ ᠪᠠᠶᠢᠭᠤᠯᠵᠤ᠂ ᠪᠠᠶᠢᠭᠤᠯᠤᠭᠳᠠᠭᠰᠠᠨ ᠤ ᠳᠠᠷᠠᠭᠠᠬᠢ ᠬᠠᠮᠢᠶᠠᠷᠤᠨ ᠬᠠᠮᠠᠭᠠᠯᠠᠬᠤ ᠪᠠᠷᠢᠮᠵᠢᠶ᠎ᠠ ᠶᠢᠨ ᠱᠠᠭᠠᠷᠳᠠᠯᠭ᠎ᠠ ᠶᠢ ᠴᠢᠩᠳᠠᠯᠠᠬᠤ ᠬᠡᠷᠡᠭᠲᠡᠶ᠃ ᠵᠢᠱᠢᠶᠡᠯᠡᠪᠡᠯ ᠲᠠᠷᠢᠶᠠᠨ ᠭᠠᠵᠠᠷ ᠤᠨ ᠵᠠᠮ ᠢ ᠬᠠᠮᠢᠶᠠᠷᠴᠤ ᠬᠠᠮᠠᠭᠠᠯᠠᠬᠤ ᠳᠤ ᠵᠠᠮ ᠤᠨ ᠭᠠᠳᠠᠷᠭᠤ ᠶᠢ ᠲᠡᠭᠰᠢᠯᠡᠬᠦ᠂ ᠡᠯᠳᠡᠪ ᠶᠠᠭᠤᠮ᠎ᠠ ᠥᠬᠡᠶ᠂ ᠬᠠᠶᠢᠷ ᠴᠢᠯᠠᠭᠤ ᠲᠡᠭᠰᠢᠯᠡᠬᠦ ᠶᠢ ᠪᠠᠲᠤᠯᠠᠬᠤ ᠬᠡᠷᠡᠭᠲᠡᠶ︔ ᠤᠰᠤᠨ ᠠᠰᠢᠭᠯᠠᠯᠲᠠ ᠶᠢᠨ ᠪᠠᠷᠢᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠬᠤᠷᠠᠵᠤ ᠴᠡᠪᠡᠷᠯᠡᠬᠦ ᠪᠤᠶᠤ ᠠᠷᠠᠴᠢᠯᠠᠨ ᠬᠠᠮᠠᠭᠠᠯᠠᠬᠤ ᠬᠡᠷᠡᠭᠲᠡᠢ︔ ᠴᠠᠬᠢᠯᠭᠠᠨ ᠳᠠᠮᠵᠢᠭᠤᠯᠬᠤ ᠪᠠ ᠲᠦᠭᠡᠭᠡᠬᠦ ᠲᠥᠬᠦᠭᠡᠷᠦᠮᠵᠢ ᠨᠢ ᠬᠡᠪ ᠤᠨ ᠶᠣᠰᠣᠭᠠᠷ ᠠᠮᠤᠷ ᠲᠦᠪᠰᠢᠨ ᠢᠶᠠᠷ ᠠᠵᠢᠯᠯᠠᠵᠤ ᠴᠢᠳᠠᠨ᠎ᠠ︔ ᠲᠠᠷᠢᠶᠠᠨ ᠭᠠᠵᠠᠷ ᠢ ᠪᠦᠲᠦᠮᠵᠢᠲᠡᠶ ᠠᠰᠢᠭᠯᠠᠵᠤ᠂ ᠠᠲᠠᠷᠰᠢᠭᠤᠯᠬᠤ᠂ ᠲᠠᠷᠢᠶᠠᠯᠠᠩ ᠤᠨ ᠪᠤᠰᠤ ᠪᠣᠯᠭᠠᠬᠤ᠂ ᠠᠮᠤ ᠪᠤᠳᠠᠭᠠᠨ ᠤ ᠪᠤᠰᠤ ᠪᠣᠯᠭᠠᠬᠤ᠂ ᠲᠠᠷᠢᠶᠠᠨ ᠭᠠᠵᠠᠷ ᠤᠨ ᠶᠠᠰᠤ ᠴᠢᠨᠠᠷ ᠮᠠᠭᠤᠳᠠᠬᠤ᠂ ᠰᠢᠷᠣᠶ ᠶᠢᠨ ᠪᠣᠬᠢᠷᠲᠤᠯ ᠣᠷᠣᠰᠢᠬᠤ ᠥᠬᠡᠶ︔ ᠣᠶ ᠮᠣᠳᠣ ᠶᠢ ᠲᠣᠭᠲᠠᠮᠠᠯ ᠬᠤᠭᠤᠴᠠᠭ᠎ᠠ ᠲᠠᠢ ᠪᠠᠷ ᠵᠠᠰᠠᠵᠤ ᠬᠠᠶᠢᠴᠢᠯᠠᠬᠤ᠂ ᠤᠰᠤᠯᠠᠬᠤ᠂ ᠡᠪᠡᠰᠦ ᠠᠷᠢᠯᠭᠠᠬᠤ ᠵᠡᠷᠭᠡ ᠠᠷᠠᠴᠢᠯᠠᠨ ᠬᠠᠮᠠᠭᠠᠯᠠᠵᠤ ᠬᠠᠮᠢᠶᠠᠷᠴᠤ ᠬᠠᠮᠠᠭᠠᠯᠠᠬᠤ ᠠᠵᠢᠯ ᠢ ᠥᠷᠨᠢᠭᠦᠯᠦᠨ᠎ᠡ︔ ᠡᠯ᠎ᠡ ᠲᠥᠷᠥᠯ ᠤᠨ ᠪᠠᠷᠢᠯᠭ᠎ᠠ ᠶᠢᠨ ᠲᠥᠬᠦᠭᠡᠷᠦᠮᠵᠢ ᠶᠢᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠪᠠ ᠡᠪᠦᠯᠵᠢᠬᠦ ᠶᠢ ᠦᠨᠡᠨᠬᠦ ᠪᠠᠲᠤᠯᠠᠬᠤ ᠬᠡᠷᠡᠭᠲᠡᠶ᠃     ᠭᠤᠷᠪᠠ᠂ ᠪᠡᠯᠡ ᠮᠥᠩᠭᠦ ᠴᠤᠭᠯᠠᠭᠤᠯᠬᠤ      ᠬᠠᠮᠢᠶᠠᠷᠤᠨ ᠬᠠᠮᠠᠭᠠᠯᠠᠬᠤ ᠪᠠᠯᠠ ᠮᠥᠩᠭᠦ ᠨᠢ ᠭᠤᠤᠯᠳᠠᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠤᠭᠰᠠᠨ ᠤ ᠳᠠᠷᠠᠭ᠎ᠠ ᠳᠡᠭᠡᠳᠦ ᠱᠠᠲᠤᠨ ᠤ ᠱᠠᠩᠨᠠᠵᠤ ᠨᠥᠬᠦᠪᠥᠷᠢᠯᠡᠬᠦ ᠪᠠᠯᠠ ᠮᠥᠩᠭᠦ᠂ ᠬᠤᠰᠢᠭᠤᠨ ᠤ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ᠂ ᠲᠣᠰᠬᠤᠨ ᠤ ᠬᠠᠮᠲᠤ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ ᠡᠵᠡᠩᠨᠡᠯᠲᠡ ᠶᠢᠨ ᠠᠰᠢᠭ ᠣᠷᠣᠯᠭ᠎ᠠ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ᠂ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ ᠠᠰᠢᠭ ᠣᠷᠣᠯᠭ᠎ᠠ᠂ ᠲᠣᠰᠬᠤᠨ ᠤ ᠠᠷᠠᠳ ᠤᠨ ᠵᠥᠪᠯᠡᠯ ︽ᠨᠢᠭᠡ ᠤᠴᠢᠷ ᠢ ᠨᠢᠭᠡ ᠵᠥᠪᠯᠡᠬᠦ︾ ᠲᠦᠷᠢᠮ ᠤᠨ ᠶᠣᠰᠣᠭᠠᠷ ᠲᠠᠷᠢᠶᠠᠴᠢᠨ ᠡᠷᠦᠬᠡ ᠪᠤᠶᠤ ᠡᠵᠡᠩᠨᠡᠯᠲᠡ ᠶᠢᠨ ᠭᠤᠤᠯ ᠴᠣᠭᠴᠠ ᠠᠴᠠ ᠬᠤᠷᠢᠶᠠᠬᠤ ᠵᠡᠷᠭᠡ ᠠᠷᠭ᠎ᠠ ᠮᠠᠶ᠋ᠢᠭ ᠢᠶᠠᠷ ᠴᠤᠭᠯᠠᠭᠤᠯᠤᠭᠰᠠᠨ ᠪᠠᠯᠠ ᠮᠥᠩᠭᠦ ᠪᠣᠯᠤᠨ᠎ᠠ᠃      ᠳᠥᠷᠪᠡ᠂ ᠪᠡᠯᠡ ᠮᠥᠩᠭᠦ ᠶᠢᠨ ᠬᠠᠮᠢᠶᠠᠷᠤᠯᠲᠠ      ︵ᠨᠢᠭᠡ᠂ ᠪᠠᠷᠢᠯᠭ᠎ᠠ ᠶᠢᠨ ᠶᠡᠭᠡ ᠵᠠᠰᠠᠪᠤᠷᠢ ᠣᠷᠣᠭᠤᠯᠤᠭᠰᠠᠨ ᠪᠡᠯᠡ ᠮᠥᠩᠭᠦ ᠶᠢᠨ ᠬᠠᠮᠢᠶᠠᠷᠤᠯᠲᠠ᠃ ᠢᠨᠵᠧᠨᠧᠷᠢᠩ ᠤᠨ ᠶᠡᠭᠡ ᠵᠠᠰᠠᠯᠲᠠ ᠶᠢᠨ ᠪᠠᠯᠠ ᠮᠥᠩᠭᠦ ᠶᠢ ᠳᠡᠭᠡᠳᠦ ᠱᠠᠲᠤᠨ ᠠᠴᠠ ᠪᠠᠶᠢᠭᠤᠯᠤᠭᠰᠠᠨ ᠤ ᠳᠠᠷᠠᠭ᠎ᠠ ᠬᠠᠮᠢᠶᠠᠷᠤᠨ ᠬᠠᠮᠠᠭᠠᠯᠠᠬᠤ ᠱᠠᠩᠨᠠᠯ ᠨᠥᠬᠦᠪᠥᠷᠢ ᠶᠢᠨ ᠪᠠᠯᠠ ᠮᠥᠩᠭᠦ ᠪᠠ ᠬᠤᠰᠢᠭᠤᠨ ᠤ ᠡᠳ᠋ ᠤᠨ ᠵᠠᠰᠠᠭ ᠤᠨ ᠲᠥᠰᠦᠪ ᠠᠴᠠ ᠳᠣᠭᠢᠷᠠᠭᠤᠯᠤᠭᠰᠠᠨ ᠬᠠᠮᠢᠶᠠᠷᠤᠨ ᠬᠠᠮᠠᠭᠠᠯᠠᠬᠤ ᠪᠠᠯᠠ ᠮᠥᠩᠭᠦ ᠪᠠᠷ ᠪᠦᠷᠢᠯᠳᠦᠭᠦᠯᠵᠦ᠂ ᠭᠤᠤᠯᠳᠠᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠢᠭᠡᠨᠲᠡ ᠪᠠᠶᠢᠭᠤᠯᠤᠭᠰᠠᠨ ᠢᠨᠵᠧᠨᠧᠷᠢᠩ ᠤᠨ ᠶᠡᠭᠡ ᠵᠠᠰᠠᠯᠲᠠ ︵ᠭᠠᠭᠴᠠ ᠵᠦᠢᠯ ᠤᠨ ᠢᠨᠵᠧᠨᠧᠷᠢᠩ ᠤᠨ ᠰᠡᠯᠪᠢᠨ ᠵᠠᠰᠠᠯᠲᠠ ᠨᠢ 5 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢ ᠶᠢ ᠳᠠᠪᠠᠵᠤ᠂ ᠪᠦᠬᠦᠯᠢ ᠲᠣᠰᠬᠤᠨ ᠢᠶᠠᠷ ᠢᠶᠠᠨ ᠭᠠᠭᠴᠠ ᠤᠳᠠᠭ᠎ᠠ ᠳᠤ 10 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢ ᠭᠤᠶᠤᠴᠢᠯᠠᠨ᠎ᠠ︶ ᠪᠡᠯᠡ ᠮᠥᠩᠭᠦ ᠶᠢ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠥᠭᠬᠦ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠠᠯᠭᠠᠨ ᠥᠭᠴᠦ ᠬᠡᠷᠡᠭᠯᠡᠭᠦᠯᠦᠨ᠎ᠡ᠃ ᠲᠣᠰᠬᠤᠨ ᠤ ᠬᠠᠮᠲᠤ ᠪᠠᠷ ᠭᠤᠶᠤᠴᠢᠯᠠᠨ ᠮᠡᠳᠡᠭᠦᠯᠵᠦ᠂ ᠪᠠᠯᠭᠠᠰᠤᠨ ᠤ ᠵᠠᠰᠠᠭ ᠤᠨ ᠣᠷᠳᠣᠨ ᠠᠴᠠ ᠳᠠᠬᠢᠨ ᠬᠢᠨᠠᠭᠰᠠᠨ ᠤ ᠳᠠᠷᠠᠭ᠎ᠠ᠂ ᠬᠤᠰᠢᠭᠤᠨ ᠤ ᠲᠠᠷᠢᠶᠠᠯᠠᠩ ᠤᠨ ᠬᠠᠮᠠᠭᠠᠯᠠᠯᠲᠠ ᠶᠢᠨ ᠲᠥᠪ ᠠᠴᠠ ᠵᠢᠷᠤᠵᠤ ᠲᠥᠯᠥᠪᠯᠡᠬᠦ ᠨᠢᠭᠡᠴᠡ ᠶᠢ ᠵᠣᠬᠢᠶᠠᠨ ᠪᠠᠶᠢᠭᠤᠯᠤᠨ ᠵᠢᠷᠤᠭ ᠲᠥᠯᠥᠪᠯᠡᠭᠡ ᠶᠢᠨ ᠮᠡᠳᠡᠭᠦᠯᠦᠯᠲᠡ ᠨᠠᠶᠢᠷᠠᠭᠤᠯᠤᠨ ᠵᠣᠬᠢᠶᠠᠵᠤ᠂ ᠬᠤᠰᠢᠭᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠳᠤ ᠮᠡᠳᠡᠭᠦᠯᠦᠨ ᠬᠢᠨᠠᠨ ᠵᠥᠪᠰᠢᠶᠡᠷᠡᠭᠦᠯᠵᠦ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠪᠣᠯᠤᠭᠰᠠᠨ ᠪᠠᠶᠢᠪᠠᠯ᠂ ᠬᠤᠰᠢᠭᠤᠨ ᠤ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃ ᠬᠤᠰᠢᠭᠤᠨ ᠤ ᠲᠠᠷᠢᠶᠠᠯᠠᠬᠤ ᠬᠠᠮᠠᠭᠠᠯᠠᠯᠲᠠ ᠶᠢᠨ ᠲᠥᠪ ᠨᠢ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ ᠪᠠᠷᠢᠯᠭ᠎ᠠ ᠶᠢᠨ ᠡᠩᠨᠡᠭᠡ ᠶᠢ ᠰᠡᠯᠪᠢᠨ ᠵᠠᠰᠠᠵᠤ᠂ ᠪᠠᠷᠢᠯᠭ᠎ᠠ ᠳᠠᠭᠤᠰᠴᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠬᠤᠰᠢᠭᠤᠨ ᠤ ᠲᠠᠷᠢᠶᠠᠯᠠᠩ ᠤᠨ ᠬᠠᠮᠠᠭᠠᠯᠠᠯᠲᠠ ᠶᠢᠨ ᠲᠥᠪ ᠠᠴᠠ ᠡᠳ᠋ ᠤᠨ ᠵᠠᠰᠠᠭ ᠲᠤ ᠪᠠᠯᠠ ᠮᠥᠩᠭᠦ ᠰᠢᠯᠵᠢᠭᠦᠯᠦᠨ ᠥᠭᠬᠦ ᠶᠢ ᠭᠤᠶᠤᠴᠢᠯᠠᠨ᠎ᠠ᠃      ︵ᠬᠤᠶᠠᠷ᠂ ᠪᠠᠷᠢᠯᠭ᠎ᠠ ᠶᠢᠨ ᠪᠠᠭ᠎ᠠ ᠵᠠᠰᠠᠪᠤᠷᠢ ᠣᠷᠣᠭᠤᠯᠤᠭᠰᠠᠨ ᠪᠠᠭ᠎ᠠ ᠵᠠᠰᠠᠯᠲᠠ ᠶᠢᠨ ᠪᠡᠯᠡ ᠮᠥᠩᠭᠦ ᠶᠢᠨ ᠬᠠᠮᠢᠶᠠᠷᠤᠯᠲᠠ᠃ ᠢᠨᠵᠧᠨᠧᠷᠢᠩ ᠤᠨ ᠪᠠᠭ᠎ᠠ ᠵᠠᠰᠠᠪᠤᠷᠢ ᠵᠢᠵᠢᠭ ᠨᠥᠬᠦᠪᠥᠷᠢ ᠪᠡᠯᠡ ᠮᠥᠩᠭᠦ ᠶᠢ ᠳᠡᠭᠡᠳᠦ ᠱᠠᠲᠤᠨ ᠠᠴᠠ ᠪᠠᠶᠢᠭᠤᠯᠤᠭᠰᠠᠨ ᠤ ᠳᠠᠷᠠᠭᠠᠬᠢ ᠬᠠᠮᠢᠶᠠᠷᠴᠤ ᠬᠠᠮᠠᠭᠠᠯᠠᠬᠤ ᠱᠠᠩᠨᠠᠯ ᠨᠥᠬᠦᠪᠥᠷᠢ ᠶᠢᠨ ᠪᠡᠯᠡ ᠮᠥᠩᠭᠦ ᠪᠠ ᠬᠤᠰᠢᠭᠤᠨ ᠤ ᠡᠳ᠋ ᠤᠨ ᠵᠠᠰᠠᠭ ᠤᠨ ᠲᠥᠰᠦᠪ ᠠᠴᠠ ᠲᠣᠬᠢᠷᠠᠭᠤᠯᠤᠭᠰᠠᠨ ᠬᠠᠮᠢᠶᠠᠷᠴᠤ ᠬᠠᠮᠠᠭᠠᠯᠠᠬᠤ ᠪᠡᠯᠡ ᠮᠥᠩᠭᠦ᠂ ᠲᠣᠰᠬᠤᠨ ᠤ ᠬᠤᠷᠰᠢᠶ᠎ᠠ ᠬᠢᠭᠡᠳ ᠲᠠᠷᠢᠶᠠᠴᠢᠨ ᠡᠷᠦᠬᠡ ᠶᠢᠨ ᠥᠪᠡᠰᠦᠪᠡᠨ ᠴᠤᠭᠯᠠᠭᠤᠯᠤᠭᠰᠠᠨ ᠪᠡᠯᠡ ᠮᠥᠩᠭᠦ ᠵᠡᠷᠭᠡ ᠭᠤᠷᠪᠠᠨ ᠬᠡᠰᠡᠭ ᠢᠶᠠᠷ ᠪᠦᠷᠢᠯᠳᠦᠭᠦᠯᠵᠦ᠂ ᠡᠳ᠋ ᠤᠨ ᠵᠠᠰᠠᠭ ᠪᠠ ᠲᠣᠰᠬᠤᠨ ᠤ ᠬᠤᠷᠰᠢᠶ᠎ᠠ ᠵᠢᠴᠢ ᠲᠠᠷᠢᠶᠠᠴᠢᠨ ᠡᠷᠦᠬᠡ ᠶᠢᠨ 1᠄ 1 ᠬᠠᠷᠢᠴᠠᠯ ᠢᠶᠠᠷ ᠢᠵᠢ ᠪᠦᠷᠢᠳᠦᠭᠦᠯᠵᠦ᠂ ᠲᠣᠰᠬᠤᠨ ᠤ ᠨᠢᠭᠡᠳᠦᠯ᠂ ᠲᠠᠷᠢᠶᠠᠴᠢᠨ ᠡᠷᠦᠬᠡ ᠶᠢᠨ ᠥᠪᠡᠰᠦᠪᠡᠨ ᠴᠤᠭᠯᠠᠭᠤᠯᠤᠭᠰᠠᠨ ᠪᠡᠯᠡ ᠮᠥᠩᠭᠦ ᠶᠢ ᠪᠠᠯᠭᠠᠰᠤᠨ ᠤ ᠡᠵᠡᠩᠨᠡᠯᠲᠡ ᠬᠠᠮᠢᠶᠠᠷᠤᠯᠲᠠ ᠶᠢᠨ ᠥᠷᠲᠡᠭᠡ ᠶᠢᠨ ᠳᠠᠩᠰᠠᠨ ᠡᠷᠦᠬᠡ ᠠᠴᠠ ᠬᠠᠮᠢᠶᠠᠷᠤᠨ᠎ᠠ᠃ ᠪᠠᠯᠠ ᠮᠥᠩᠭᠦ ᠶᠢ ᠭᠤᠤᠯᠳᠠᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠢᠭᠡᠨᠲᠡ ᠪᠠᠶᠢᠭᠤᠯᠤᠭᠰᠠᠨ ᠢᠨᠵᠧᠨᠧᠷᠢᠩ ᠤᠨ ᠪᠠᠭ᠎ᠠ ᠵᠢᠵᠢᠭ ᠰᠡᠯᠪᠢᠨ ᠵᠠᠰᠠᠬᠤ ᠢᠨᠵᠧᠨᠧᠷᠢᠩ ᠤᠨ ᠪᠠᠷᠢᠯᠭ᠎ᠠ ᠪᠠᠷᠢᠬᠤ ᠳᠤ ᠬᠡᠷᠡᠭᠯᠡᠨ᠎ᠡ ︵ᠲᠦᠮᠡᠨ ᠮᠥ ᠪᠦᠷᠢ ᠳᠤ ᠨᠢᠭᠡ ᠯᠡ ᠤᠳᠠᠭ᠎ᠠ ᠳᠤ ᠰᠡᠯᠪᠢᠨ ᠵᠠᠰᠠᠬᠤ ᠢᠨᠵᠧᠨᠧᠷᠢᠩ ᠨᠢ 1 ᠲᠦᠮᠡᠨ ᠲᠥᠭᠦᠷᠢᠭ ᠠᠴᠠ ᠬᠡᠲᠦᠷᠡᠵᠦ ᠪᠣᠯᠬᠤ ᠥᠬᠡᠶ᠂ ᠣᠨ ᠤ ᠰᠡᠯᠪᠢᠨ ᠵᠠᠰᠠᠬᠤ ᠨᠡᠶᠢᠲᠡ ᠵᠠᠷᠤᠳᠠᠯ ᠢ 2 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃︶ ᠲᠣᠰᠬᠤᠨ ᠤ ᠨᠢᠭᠡᠳᠦᠯ᠂ ᠲᠠᠷᠢᠶᠠᠴᠢᠨ ᠡᠷᠦᠬᠡ ᠶᠢᠨ ᠥᠪᠡᠰᠦᠪᠡᠨ ᠴᠤᠭᠯᠠᠭᠤᠯᠤᠭᠰᠠᠨ ᠪᠡᠯᠡ ᠮᠥᠩᠭᠦ ᠶᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠣᠰᠣᠭᠠᠷ ᠮᠦ ᠪᠦᠷᠢ ᠳᠤᠮᠳᠠᠴᠢ ᠪᠠᠷ 5 ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠪᠠᠯᠠ ᠮᠥᠩᠭᠦ ᠶᠢ ᠬᠡᠷᠡᠭᠯᠡᠬᠦ ᠳᠤ ᠡᠷᠬᠡᠪᠰᠢ ᠲᠣᠰᠬᠤᠨ ᠤ ᠠᠷᠠᠳ ᠤᠨ ᠵᠥᠪᠯᠡᠯ ᠠᠴᠠ ᠪᠠᠶᠢᠭ᠎ᠠ ᠪᠠᠯᠭᠠᠰᠤᠨ ᠤ ᠵᠠᠰᠠᠭ ᠤᠨ ᠣᠷᠳᠣᠨ ᠳᠤ ᠭᠤᠶᠤᠴᠢᠯᠠᠯ ᠭᠠᠷᠭᠠᠵᠤ᠂ ᠪᠠᠯᠭᠠᠰᠤᠨ ᠤ ᠵᠠᠰᠠᠭ ᠤᠨ ᠣᠷᠳᠣᠨ ᠠᠴᠠ ᠬᠤᠰᠢᠭᠤᠨ ᠤ ᠲᠠᠷᠢᠶᠠᠯᠠᠩ ᠤᠨ ᠬᠠᠮᠠᠭᠠᠯᠠᠯᠲᠠ ᠶᠢᠨ ᠲᠥᠪ ᠤᠨ ᠮᠡᠷᠭᠡᠵᠢᠯᠲᠡᠨ ᠲᠠᠢ ᠬᠠᠮᠲᠤ ᠪᠠᠷ ᠪᠠᠷᠢᠯᠭ᠎ᠠ ᠶᠢᠨ ᠵᠠᠷᠤᠳᠠᠯ ᠢ ᠬᠢᠨᠠᠨ ᠲᠣᠭᠲᠠᠭᠠᠭᠰᠠᠨ ᠤ ᠳᠠᠷᠠᠭ᠎ᠠ᠂ ᠪᠠᠯᠭᠠᠰᠤᠨ ᠤ ᠵᠠᠰᠠᠭ ᠤᠨ ᠣᠷᠳᠣᠨ ᠠᠴᠠ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠭᠠᠴᠠᠭᠠᠨ ᠤ ᠠᠷᠠᠳ ᠤᠨ ᠵᠥᠪᠯᠡᠯ ᠠᠵᠢᠯᠲᠠᠳ ᠢᠶᠠᠨ ᠵᠣᠬᠢᠶᠠᠨ ᠪᠠᠶᠢᠭᠤᠯᠵᠤ ᠪᠠᠷᠢᠯᠭ᠎ᠠ ᠪᠠᠷᠢᠬᠤ ᠵᠠᠷᠤᠳᠠᠯ ᠢ ᠠᠵᠢᠯᠴᠢᠨ ᠤ ᠴᠠᠯᠢᠩ᠂ ᠪᠠᠷᠢᠯᠭ᠎ᠠ ᠶᠢᠨ ᠮᠠᠲ᠋ᠧᠷᠢᠶᠠᠯ ᠪᠠ ᠡᠳ᠋ ᠪᠣᠳᠠᠰ ᠬᠤᠳᠠᠯᠳᠤᠨ ᠠᠪᠬᠤ ᠵᠠᠷᠤᠳᠠᠯ᠂ ᠦᠷᠳᠡᠭ ᠨᠡᠮᠡᠭᠳᠡᠯ ᠤᠨ ᠭᠠᠶᠢᠯᠢ ᠵᠡᠷᠭᠡ ᠪᠠᠷ ᠪᠦᠷᠢᠯᠳᠦᠨ᠎ᠡ᠃ ᠠᠵᠢᠯ ᠳᠠᠭᠤᠰᠤᠭᠰᠠᠨ ᠤ ᠳᠠᠷᠠᠭ᠎ᠠ ᠬᠤᠰᠢᠭᠤᠨ ᠤ ᠲᠠᠷᠢᠶᠠᠯᠠᠬᠤ ᠬᠠᠮᠠᠭᠠᠯᠠᠯᠲᠠ ᠶᠢᠨ ᠲᠥᠪ᠂ ᠪᠠᠯᠭᠠᠰᠤᠨ ᠤ ᠵᠠᠰᠠᠭ ᠤᠨ ᠣᠷᠳᠣᠨ ᠪᠣᠯᠤᠨ ᠲᠣᠰᠬᠤᠨ ᠤ ᠠᠷᠠᠳ ᠤᠨ ᠵᠥᠪᠯᠡᠯ ᠬᠠᠮᠲᠤᠪᠠᠷ ᠰᠢᠯᠭᠠᠨ ᠠᠪᠤᠨ᠎ᠠ᠃ ᠪᠠᠷᠢᠯᠭ᠎ᠠ ᠪᠠᠷᠢᠬᠤ ᠳᠠᠭᠠᠨ ᠲᠠᠩᠰᠠ ᠮᠡᠳᠡᠭᠦᠯᠬᠦ ᠶᠢ ᠰᠢᠯᠭᠠᠨ ᠠᠪᠬᠤ ᠸᠢᠰᠠ ᠶᠢᠨ ᠬᠠᠭᠤᠳᠠᠰᠤ ᠬᠡᠷᠡᠭᠰᠡᠨ᠎ᠡ︔ ᠰᠡᠯᠪᠢᠨ ᠵᠠᠰᠠᠬᠤ ᠠᠴᠠ ᠡᠮᠦᠨ᠎ᠡ᠂ ᠳᠤᠮᠳᠠ᠂ ᠬᠤᠶᠢᠨᠠᠬᠢ ᠵᠢᠷᠤᠭ ᠵᠡᠷᠭᠡ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢ ᠪᠠᠯᠭᠠᠰᠤᠨ ᠤ ᠵᠠᠰᠠᠭ ᠤᠨ ᠣᠷᠳᠣᠨ᠂ ᠬᠤᠰᠢᠭᠤᠨ ᠤ ᠲᠠᠷᠢᠶᠠᠯᠠᠩ ᠤᠨ ᠬᠠᠮᠠᠭᠠᠯᠠᠯᠲᠠ ᠶᠢᠨ ᠲᠥᠪ ᠠᠴᠠ ᠬᠢᠨᠠᠨ ᠬᠠᠷᠭᠤᠭᠤᠯᠤᠭᠠᠳ ᠪᠤᠷᠤᠭᠤ ᠦᠭᠡᠢ ᠪᠣᠯᠤᠭᠰᠠᠨ ᠤ ᠳᠠᠷᠠᠭ᠎ᠠ ᠪᠠᠶᠢᠭ᠎ᠠ ᠪᠠᠯᠭᠠᠰᠤᠨ ᠤ ᠡᠵᠡᠩᠨᠡᠯᠲᠡ ᠬᠠᠮᠢᠶᠠᠷᠤᠯᠲᠠ ᠶᠢᠨ ᠥᠷᠲᠡᠭᠡ ᠳᠤ ᠳᠠᠩᠰᠠ ᠮᠡᠳᠡᠭᠦᠯᠦᠨ ᠥᠭᠴᠦ᠂ ᠡᠳ᠋ ᠤᠨ ᠵᠠᠰᠠᠭ ᠤᠨ ᠢᠵᠢ ᠪᠦᠷᠢᠳᠦᠭᠦᠯᠬᠦ ᠬᠡᠰᠡᠭ ᠢ ᠪᠠᠯᠭᠠᠰᠤᠨ ᠤ ᠵᠠᠰᠠᠭ ᠤᠨ ᠣᠷᠳᠣᠨ ᠠᠴᠠ ᠬᠤᠰᠢᠭᠤᠨ ᠤ ᠡᠳ᠋ ᠤᠨ ᠵᠠᠰᠠᠭ ᠲᠤ ᠭᠤᠶᠤᠴᠢᠯᠠᠵᠤ᠂ ᠪᠠᠷᠢᠯᠭ᠎ᠠ ᠶᠢᠨ ᠲᠠᠯ᠎ᠠ ᠳᠤ ᠰᠢᠭᠤᠳ ᠥᠭᠭᠦᠨ᠎ᠡ︔ ᠥᠪᠡᠰᠦᠪᠡᠨ ᠴᠤᠭᠯᠠᠭᠤᠯᠤᠭᠰᠠᠨ ᠪᠡᠯᠡ ᠮᠥᠩᠭᠦ ᠶᠢ ᠰᠠᠭᠤᠭ᠎ᠠ ᠪᠠᠯᠭᠠᠰᠤᠨ ᠤ ᠡᠵᠡᠩᠨᠡᠯᠲᠡ ᠬᠠᠮᠢᠶᠠᠷᠤᠯᠲᠠ ᠶᠢᠨ ᠥᠷᠲᠡᠭᠡ ᠠᠴᠠ ᠪᠠᠷᠢᠯᠭ᠎ᠠ ᠶᠢᠨ ᠲᠠᠯ᠎ᠠ ᠳᠤ ᠰᠢᠭᠤᠳ ᠥᠭᠭᠦᠨ᠎ᠡ᠃ ᠬᠠᠮᠢᠶᠠᠷᠤᠨ ᠬᠠᠮᠠᠭᠠᠯᠠᠬᠤ ᠪᠡᠯᠡ ᠮᠥᠩᠭᠦ ᠶᠢ ᠡᠳᠦᠷ ᠲᠤᠲᠤᠮ ᠤᠨ ᠬᠠᠮᠢᠶᠠᠷᠤᠨ ᠬᠠᠮᠠᠭᠠᠯᠠᠬᠤ ᠠᠵᠢᠯᠲᠠᠨ ᠤ ᠴᠠᠯᠢᠩ ᠣᠯᠭᠤᠬᠤ ᠵᠢᠴᠢ ᠪᠠᠶᠢᠭᠤᠯᠤᠭᠰᠠᠨ ᠤ ᠳᠠᠷᠠᠭ᠎ᠠ ᠬᠠᠮᠢᠶᠠᠷᠴᠤ ᠬᠠᠮᠠᠭᠠᠯᠠᠬᠤ ᠲᠠᠢ ᠬᠠᠮᠢᠶ᠎ᠠ ᠦᠭᠡᠢ ᠵᠠᠷᠤᠯᠭ᠎ᠠ ᠳᠤ ᠬᠡᠷᠡᠭᠯᠡᠵᠦ ᠪᠣᠯᠬᠤ ᠦᠭᠡᠢ᠃      ︵ᠭᠤᠷᠪᠠ︶ ᠳᠡᠭᠡᠷ᠎ᠡ ᠱᠠᠲᠤᠨ ᠠᠴᠠ ᠰᠢᠬᠤᠳ ᠲᠤᠰᠬᠤᠨ ᠳᠤ ᠣᠴᠢᠵᠤ ᠱᠠᠩᠨ᠋ᠠᠯ ᠨᠥᠬᠦᠪᠥᠷᠢ ᠶᠢᠨ ᠪᠡᠯᠡ ᠮᠦᠩᠭᠦ ᠶᠢᠨ ᠬᠠᠮᠢᠶᠠᠷᠤᠯᠲᠠ᠃ ᠱᠠᠩᠨᠠᠵᠤ ᠲᠤᠰᠠᠯᠠᠬᠤ ᠪᠡᠯᠡ ᠮᠥᠩᠭᠦ ᠶᠢ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠥᠭᠬᠦ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠠᠯᠭᠠᠨ ᠥᠭᠴᠦ ᠬᠡᠷᠡᠭᠯᠡᠭᠦᠯᠦᠨ᠎ᠡ᠃ ᠬᠡᠷᠡᠭᠯᠡᠬᠦ ᠠᠴᠠ ᠡᠮᠦᠨ᠎ᠡ ᠡᠷᠬᠡᠪᠰᠢ ᠲᠣᠰᠬᠤᠨ ᠤ ᠠᠷᠠᠳ ᠤᠨ ᠵᠥᠪᠯᠡᠯ ᠠᠴᠠ ᠪᠠᠶᠢᠭ᠎ᠠ ᠪᠠᠯᠭᠠᠰᠤᠨ ᠤ ᠵᠠᠰᠠᠭ ᠤᠨ ᠣᠷᠳᠣᠨ ᠳᠤ ᠭᠤᠶᠤᠴᠢᠯᠠᠨ ᠬᠡᠷᠡᠭᠯᠡᠵᠦ᠂ ᠪᠠᠯᠭᠠᠰᠤᠨ ᠤ ᠵᠠᠰᠠᠭ ᠤᠨ ᠣᠷᠳᠣᠨ ᠠᠴᠠ ᠬᠤᠰᠢᠭᠤᠨ ᠤ ᠲᠠᠷᠢᠶᠠᠯᠠᠩ ᠤᠨ ᠬᠠᠮᠠᠭᠠᠯᠠᠯᠲᠠ ᠶᠢᠨ ᠲᠥᠪ ᠤᠨ ᠮᠡᠷᠭᠡᠵᠢᠯᠲᠡᠨ ᠲᠠᠢ ᠬᠠᠮᠲᠤ ᠪᠠᠷ ᠪᠠᠷᠢᠯᠭ᠎ᠠ ᠶᠢᠨ ᠵᠠᠷᠤᠳᠠᠯ ᠢ ᠬᠢᠨᠠᠨ ᠲᠣᠭᠲᠠᠭᠠᠭᠰᠠᠨ ᠤ ᠳᠠᠷᠠᠭ᠎ᠠ᠂ ᠪᠠᠯᠭᠠᠰᠤᠨ ᠤ ᠵᠠᠰᠠᠭ ᠤᠨ ᠣᠷᠳᠣᠨ ᠠᠴᠠ ᠬᠤᠰᠢᠭᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠭᠠᠴᠠᠭᠠᠨ ᠤ ᠠᠷᠠᠳ ᠤᠨ ᠵᠥᠪᠯᠡᠯ ᠠᠵᠢᠯᠲᠠᠳ ᠢᠶᠠᠨ ᠵᠣᠬᠢᠶᠠᠨ ᠪᠠᠶᠢᠭᠤᠯᠵᠤ ᠪᠠᠷᠢᠯᠭ᠎ᠠ ᠪᠠᠷᠢᠬᠤ ᠵᠠᠷᠤᠳᠠᠯ ᠢ ᠠᠵᠢᠯᠴᠢᠨ ᠤ ᠴᠠᠯᠢᠩ᠂ ᠪᠠᠷᠢᠯᠭ᠎ᠠ ᠶᠢᠨ ᠮᠠᠲ᠋ᠧᠷᠢᠶᠠᠯ ᠪᠠ ᠡᠳ᠋ ᠪᠣᠳᠠᠰ ᠬᠤᠳᠠᠯᠳᠤᠨ ᠠᠪᠬᠤ ᠵᠠᠷᠤᠳᠠᠯ᠂ ᠦᠷᠳᠡᠭ ᠨᠡᠮᠡᠭᠳᠡᠯ ᠤᠨ ᠭᠠᠶᠢᠯᠢ ᠵᠡᠷᠭᠡ ᠪᠠᠷ ᠪᠦᠷᠢᠯᠳᠦᠨ᠎ᠡ᠃ ᠠᠵᠢᠯ ᠳᠠᠭᠤᠰᠤᠭᠰᠠᠨ ᠤ ᠳᠠᠷᠠᠭ᠎ᠠ ᠬᠤᠰᠢᠭᠤᠨ ᠤ ᠲᠠᠷᠢᠶᠠᠯᠠᠬᠤ ᠬᠠᠮᠠᠭᠠᠯᠠᠯᠲᠠ ᠶᠢᠨ ᠲᠥᠪ ᠪᠠᠯᠭᠠᠰᠤᠨ ᠤ ᠵᠠᠰᠠᠭ ᠤᠨ ᠣᠷᠳᠣᠨ ᠪᠣᠯᠤᠨ ᠲᠣᠰᠬᠤᠨ ᠤ ᠠᠷᠠᠳ ᠤᠨ ᠵᠥᠪᠯᠡᠯ ᠬᠠᠮᠲᠤᠪᠠᠷ ᠰᠢᠯᠭᠠᠨ ᠠᠪᠴᠤ᠂ ᠪᠠᠯᠭᠠᠰᠤᠨ ᠤ ᠵᠠᠰᠠᠭ ᠤᠨ ᠣᠷᠳᠣᠨ ᠠᠴᠠ ᠬᠤᠰᠢᠭᠤᠨ ᠤ ᠡᠳ᠋ ᠤᠨ ᠵᠠᠰᠠᠭ ᠲᠤ ᠭᠤᠶᠤᠴᠢᠯᠠᠵᠤ᠂ ᠰᠢᠭᠤᠳ ᠪᠠᠷᠢᠯᠭ᠎ᠠ ᠶᠢᠨ ᠲᠠᠯ᠎ᠠ ᠳᠤ ᠥᠭᠭᠦᠨ᠎ᠡ᠃      ᠲᠠᠪᠤ᠂ ᠬᠢᠨᠠᠯᠲᠠ ᠬᠠᠮᠢᠶᠠᠷᠤᠯᠲᠠ      ︵ᠨᠢᠭᠡ︶ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠠ ᠡᠳ᠋ ᠤᠨ ᠵᠠᠰᠠᠭ ᠤᠨ ᠲᠣᠪᠴᠢᠶ᠎ᠠ ᠪᠠᠶᠢᠭᠤᠯᠤᠭᠳᠠᠭᠰᠠᠨ ᠤ ᠳᠠᠷᠠᠭ᠎ᠠ ᠡᠯ᠎ᠡ ᠱᠠᠲᠤᠨ ᠤ ᠡᠳ᠋ ᠤᠨ ᠵᠠᠰᠠᠭ ᠤᠨ ᠣᠷᠣᠭᠤᠯᠤᠯᠲᠠ ᠶᠢᠨ ᠪᠠᠯᠠ ᠮᠥᠩᠭᠦ ᠶᠢᠨ ᠬᠡᠷᠡᠭᠯᠡᠯᠲᠡ ᠶᠢᠨ ᠪᠠᠶᠢᠳᠠᠯ ᠢ ᠪᠠᠶᠢᠩᠭᠤ ᠶᠢᠨ ᠴᠢᠨᠠᠷᠲᠠᠶ ᠬᠢᠨᠠᠨ ᠪᠠᠶᠢᠴᠠᠭᠠᠵᠤ᠂ ᠪᠠᠯᠠ ᠮᠥᠩᠭᠦ ᠶᠢᠨ ᠬᠡᠷᠡᠭᠯᠡᠯᠲᠡ ᠨᠢ ᠬᠢᠨᠠᠨ ᠪᠤᠳᠤᠬᠤ ᠰᠠᠯᠠᠭ᠎ᠠ ᠮᠥᠴᠢᠷ ᠤᠨ ᠬᠢᠨᠠᠯᠲᠠ ᠶᠢ ᠬᠦᠯᠢᠶᠡᠵᠦ᠂ ᠠᠰᠠᠭᠤᠳᠠᠯ ᠢ ᠣᠯᠵᠤ ᠮᠡᠳᠡᠪᠡᠯ᠂ ᠴᠠᠭ ᠲᠤᠬᠠᠶ ᠳᠤᠨᠢ ᠵᠠᠯᠠᠷᠠᠭᠤᠯᠤᠨ᠎ᠠ᠃ ᠲᠤᠰᠬᠠᠶ ᠪᠡᠯᠡ ᠮᠥᠩᠭᠦ ᠶᠢ ᠬᠤᠳᠠᠯ ᠢᠶᠠᠷ ᠮᠡᠳᠡᠭᠦᠯᠬᠦ᠂ ᠳᠠᠷᠤᠭᠠᠳ ᠮᠡᠳᠡᠭᠦᠯᠬᠦ ᠦᠭᠡᠶ᠂ ᠮᠡᠬᠡᠯᠡᠨ ᠠᠪᠬᠤ ᠪᠠ ᠲᠣᠭᠲᠠᠭᠠᠯ ᠠᠴᠠ ᠵᠥᠷᠢᠴᠡᠨ ᠲᠤᠰᠬᠠᠶ ᠪᠡᠯᠡ ᠮᠥᠩᠭᠦ ᠶᠢ ᠬᠡᠷᠡᠭᠯᠡᠭᠰᠡᠨ ᠬᠠᠮᠢᠶ᠎ᠠ ᠪᠦᠬᠦᠢ ᠬᠠᠷᠢᠭᠤᠴᠠᠯᠭ᠎ᠠ ᠶᠢ ᠨᠡᠬᠡᠮᠵᠢᠯᠡᠬᠦ ᠶᠢᠨ ᠬᠠᠮᠲᠤ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃      ︵ᠬᠤᠶᠠᠷ︶ ᠪᠠᠶᠢᠳᠠᠯ ᠣᠷᠣᠰᠢᠵᠤ ᠪᠠᠶᠢᠭ᠎ᠠ ᠪᠠᠶᠢᠳᠠᠯ ᠢ ᠮᠡᠳᠡᠭᠦᠯᠬᠦ ᠥᠬᠡᠶ᠂ ᠲᠦᠯᠬᠢᠯᠴᠡᠬᠦ ᠶᠢ ᠤᠳᠠᠭᠠᠰᠢᠷᠠᠭᠤᠯᠬᠤ᠂ ᠮᠡᠳᠡᠭᠦᠯᠦᠭᠰᠡᠨ ᠮᠠᠲ᠋ᠧᠷᠢᠶᠠᠯ ᠨᠢ ᠪᠦᠷᠢᠨ ᠪᠤᠰᠤ᠂ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠴᠠᠭ ᠲᠤᠬᠠᠶ ᠳᠤᠨᠢ ᠪᠠᠭ᠎ᠠ ᠵᠠᠰᠠᠯᠲᠠ ᠬᠢᠵᠦ ᠪᠠᠭ᠎ᠠ ᠬᠡᠰᠡᠭ ᠢᠶᠠᠷ ᠪᠠᠷᠢᠯᠭ᠎ᠠ ᠪᠠᠷᠢᠬᠤ᠂ ᠰᠡᠯᠪᠢᠨ ᠵᠠᠰᠠᠬᠤ ᠶᠠᠰᠤ ᠴᠢᠨᠠᠷ ᠨᠢ ᠬᠢᠷᠢ ᠲᠡᠩᠴᠡᠭᠦ ᠥᠬᠡᠶ᠂ ᠰᠡᠯᠪᠢᠨ ᠵᠠᠰᠠᠬᠤ ᠬᠡᠪᠴᠢᠶ᠎ᠡ ᠶᠢ ᠥᠷᠭᠡᠳᠬᠡᠬᠦ ᠵᠡᠷᠭᠡ ᠦᠢᠯᠡ ᠠᠵᠢᠯᠯᠠᠭ᠎ᠠ ᠲᠠᠢ ᠲᠥᠷᠥᠯ ᠵᠦᠢᠯ ᠤᠨ ᠲᠣᠰᠬᠤᠨ ᠢ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠠᠴᠠ ᠰᠢᠶ᠋ᠳᠪᠦᠷᠢᠯᠡᠬᠦ ᠶᠢᠨ ᠬᠠᠮᠲᠤ ᠰᠢᠢᠳᠪᠦᠷᠢᠯᠡᠭᠰᠡᠨ ᠦᠷ᠎ᠡ ᠳ᠋ᠦᠩ ᠢᠶᠠᠨ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠡᠳ᠋ ᠤᠨ ᠵᠠᠰᠠᠭ ᠤᠨ ᠲᠣᠪᠴᠢᠶ᠎ᠠ ᠲᠣᠰ ᠲᠣᠰᠬᠤᠨ ᠤ ᠬᠠᠮᠢᠶᠠᠷᠴᠤ ᠬᠠᠮᠠᠭᠠᠯᠠᠬᠤ ᠲᠤᠰᠬᠠᠶ ᠪᠠᠯᠠ ᠮᠥᠩᠭᠦ ᠶᠢ ᠬᠤᠷᠢᠶᠠᠨ ᠠᠪᠬᠤ ᠡᠷᠬᠡ ᠲᠠᠢ᠂ ᠵᠠᠯᠭᠠᠮᠵᠢ ᠢᠨᠵᠧᠨᠧᠷᠢᠩ ᠤᠨ ᠰᠡᠯᠪᠢᠨ ᠵᠠᠰᠠᠬᠤ ᠵᠠᠷᠤᠳᠠᠯ ᠢ ᠲᠥᠷᠥᠯ ᠵᠦᠢᠯ ᠤᠨ ᠲᠣᠰᠬᠤᠨ ᠥᠪᠡᠷᠲᠡᠭᠡᠨ ᠰᠢᠢᠳᠪᠦᠷᠢᠯᠡᠬᠦ ᠡᠷᠬᠡ ᠲᠠᠢ᠃      ︵ᠭᠤᠷᠪᠠ︶ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠨ ᠬᠠᠮᠠᠭᠠᠯᠠᠬᠤ ᠪᠠᠯᠠ ᠮᠥᠩᠭᠦ ᠶᠢ ᠡᠷᠬᠡᠪᠰᠢ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠵᠦ᠂ ᠲᠤᠰᠬᠠᠶ ᠲᠠᠩᠰᠠ ᠪᠠᠷ ᠲᠣᠭᠠᠴᠠᠭ᠎ᠠ ᠬᠢᠵᠦ᠂ ᠰᠢᠬᠠᠨ ᠡᠵᠡᠯᠡᠵᠦ᠂ ᠲᠠᠰᠤᠳᠠᠨ ᠦᠯᠡᠳᠡᠭᠡᠵᠦ᠂ ᠨᠡᠭᠦᠯᠭᠡᠨ ᠬᠡᠷᠡᠭᠯᠡᠵᠦ ᠪᠣᠯᠬᠤ ᠥᠬᠡᠶ᠂ ᠦᠯᠡᠳᠡᠪᠦᠷᠢ ᠪᠠᠯᠠ ᠮᠥᠩᠭᠦ ᠶᠢ ᠳᠠᠷᠠᠭ᠎ᠠ ᠵᠢᠯ ᠳᠤ ᠳ᠋ᠦᠩᠨᠡᠨ ᠰᠢᠯᠵᠢᠭᠦᠯᠵᠦ ᠦᠷᠭᠦᠯᠵᠢᠯᠡᠨ ᠬᠡᠷᠡᠭᠯᠡᠬᠦ ᠬᠡᠷᠡᠭᠲᠡᠶ ᠃ ᠲᠣᠰᠬᠤᠨ ᠤ ᠬᠤᠷᠰᠢᠶ᠎ᠠ᠂ ᠲᠠᠷᠢᠶᠠᠴᠢᠨ ᠡᠷᠦᠬᠡ ᠶᠢᠨ ᠥᠪᠡᠷ ᠲᠡᠭᠡᠨ ᠴᠤᠭᠯᠠᠭᠤᠯᠤᠭᠰᠠᠨ ᠪᠡᠯᠡ ᠮᠥᠩᠭᠦ ᠶᠢ ᠭᠦᠢᠴᠡᠳ ᠲᠤᠭ᠎ᠠ ᠪᠠᠷ ᠪᠣᠳᠠᠲᠠᠶᠢᠵᠢᠭᠤᠯᠵᠤ ᠳᠡᠶᠢᠯᠬᠦ ᠦᠭᠡᠶ ᠲᠥᠷᠥᠯ ᠵᠦᠢᠯ ᠤᠨ ᠲᠣᠰᠬᠤᠨ ᠨᠤᠭᠤᠳ ᠪᠠᠷᠢᠯᠭ᠎ᠠ ᠶᠢᠨ ᠪᠠᠭ᠎ᠠ ᠵᠠᠰᠠᠪᠤᠷᠢ ᠣᠷᠣᠭᠤᠯᠬᠤ ᠨᠥᠬᠦᠪᠥᠷᠢ ᠶᠢᠨ ᠬᠡᠪᠴᠢᠶᠡᠨ ᠳᠤ ᠣᠷᠣᠭᠤᠯᠵᠤ ᠪᠣᠯᠬᠤ ᠦᠭᠡᠶ᠃ ᠲᠣᠰᠬᠤᠨ ᠤ ᠬᠠᠮᠲᠤ ᠶᠢᠨ ᠳᠠᠩᠰᠠᠨ ᠡᠷᠦᠬᠡ ᠶᠢ ᠪᠠᠭ᠎ᠠ ᠵᠢᠵᠢᠭ ᠰᠡᠯᠪᠢᠨ ᠵᠠᠰᠠᠬᠤ ᠵᠢᠵᠢᠭ ᠨᠥᠬᠦᠪᠥᠷᠢ ᠪᠡᠯᠡ ᠮᠥᠩᠭᠦ ᠶᠢ ᠬᠡᠷᠡᠭᠯᠡᠵᠦ ᠪᠠᠷᠠᠭᠰᠠᠨ ᠤ ᠳᠠᠷᠠᠭ᠎ᠠ᠂ ᠮᠥᠨ ᠬᠦ ᠡᠳ᠋ ᠤᠨ ᠵᠠᠰᠠᠭ ᠤᠨ ᠨᠥᠬᠦᠪᠥᠷᠢ ᠬᠢᠭᠡᠳ ᠲᠣᠰᠬᠤᠨ ᠤ ᠨᠢᠭᠡᠳᠦᠯ᠂ ᠲᠠᠷᠢᠶᠠᠴᠢᠨ ᠡᠷᠦᠬᠡ ᠶᠢᠨ ᠥᠪᠡᠰᠦᠪᠡᠨ ᠴᠤᠭᠯᠠᠭᠤᠯᠤᠭᠰᠠᠨ ᠪᠡᠯᠡ ᠮᠥᠩᠭᠦ ᠶᠢ 1᠄ 1 ᠢᠵᠢ ᠪᠦᠷᠢᠳᠦᠭᠦᠯᠬᠦ ᠠᠷᠭ᠎ᠠ ᠮᠠᠶ᠋ᠢᠭ ᠢᠶᠠᠷ ᠴᠤᠭᠯᠠᠭᠤᠯᠵᠤ᠂ ᠲᠥᠷᠥᠯ ᠵᠦᠢᠯ ᠤᠨ ᠢᠨᠵᠧᠨᠧᠷᠢᠩ ᠤᠨ ᠬᠡᠷᠡᠭᠯᠡᠬᠦ ᠠᠮᠢ ᠨᠠᠰᠤᠨ ᠤ ᠬᠤᠭᠤᠴᠠᠭ᠎ᠠ ᠨᠢ ᠳᠦᠭᠦᠷᠲᠡᠯ᠎ᠡ ᠪᠠᠶᠢᠯᠭᠠᠨ᠎ᠠ       ︵ᠲᠦᠷᠪᠡ︶ ᠬᠤᠰᠢᠭᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠠᠴᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠢᠨᠵᠧᠨᠧᠷᠢᠩ ᠤᠨ ᠬᠠᠮᠢᠶᠠᠷᠴᠤ ᠬᠠᠮᠠᠭᠠᠯᠠᠭᠰᠠᠨ ᠪᠠᠶᠢᠳᠠᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠵᠤ᠂ ᠦᠷ᠎ᠡ ᠳ᠋ᠦᠩ ᠢ ᠲᠠᠷᠠᠭᠠᠴᠢ ᠶᠢᠨ ᠵᠢᠯ ᠤᠨ ᠡᠯ᠎ᠡ ᠪᠠᠯᠭᠠᠰᠤᠨ ᠤ ᠲᠥᠷᠥᠯ ᠵᠦᠢᠯ ᠤᠨ ᠲᠣᠬᠢᠷᠠᠭᠤᠯᠤᠯᠲᠠ ᠶᠢᠨ ᠴᠢᠬᠤᠯᠠ ᠦᠨᠳᠦᠰᠦᠯᠡᠯ ᠤᠨ ᠨᠢᠭᠡ ᠪᠣᠯᠭᠠᠨ᠎ᠠ᠃

 

ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ