ᠪᠥᠬᠦ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠭᠦᠨᠵᠡᠭᠡᠶᠢᠷᠡᠨ ᠬᠥᠭᠵᠢᠬᠦ ᠶᠢ ᠤᠯᠠᠮ ᠨᠢᠭᠡ ᠠᠯᠬᠤᠮ | ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 12 ᠰᠠᠷ᠎ᠠ ᠶᠢᠨ 16 ᠤ ᠡᠳᠦᠷ᠂ | ᠬᠠᠩᠭᠢᠨ ᠬᠤᠶᠢᠲᠤ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠠᠷᠢᠯᠴᠠᠬᠤ ᠬᠤᠷᠠᠯ ᠬᠠᠩᠭᠢᠨ | ᠬᠤᠶᠢᠲᠤ ᠬᠤᠰᠢᠭᠤᠨ ᠤ ᠡᠮᠨᠡᠯᠭᠡ ᠶᠢᠨ ᠬᠤᠷᠢᠶ᠎ᠠ ᠳᠤ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ | ᠳᠠᠷᠤᠭ᠎ᠠ ᠰᠦᠨ ᡁᠢ ᠭᠠᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠶᠢᠦ ᠴᠧᠩ ᠪᠥᠸᠧ᠂ ᠬᠤᠰᠢᠭᠤᠨ ᠤ ᠵᠠᠰᠠᠭ ᠤᠨ ᠣᠷᠳᠣᠨ ᠤ | ᠳᠡᠳ᠋ ᠬᠤᠰᠢᠭᠤᠨ ᠳᠠᠷᠤᠭ᠎ᠠ ᠯᠢ ᠯᠦᠩ ᠬᠤᠷᠠᠯ ᠳᠤ ᠣᠷᠣᠯᠴᠠᠵᠠᠶ᠃ | | | | ᠬᠤᠷᠠᠯ ᠳᠡᠭᠡᠷ᠎ᠡ᠂ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠬᠠᠷᠢᠭᠤᠴᠠᠯᠭᠠᠲᠠᠨ 2024 ᠣᠨ ᠤ ᠡᠮ ᠡᠮᠨᠡᠯᠭᠡ ᠶᠢᠨ | ᠳᠠᠭᠠᠳᠬᠠᠯ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠪᠠᠶᠢᠳᠠᠯ ᠪᠠ 2025 ᠣᠨ ᠤ ᠡᠮ ᠡᠮᠨᠡᠯᠭᠡ ᠶᠢᠨ ᠳᠠᠭᠠᠳᠬᠠᠯ ᠤᠨ ᠶᠡᠷᠦᠩᠬᠡᠶ ᠵᠠᠷᠤᠳᠠᠯ ᠲᠤᠰᠢᠶᠠᠭᠰᠠᠨ | ᠪᠠᠶᠢᠳᠠᠯ ᠤᠨ ᠬᠠᠷᠢᠭᠤ ᠮᠡᠳᠡᠭᠦᠯᠦᠯᠲᠡ ᠬᠢᠪᠠ︔ ᠬᠤᠷᠠᠯ ᠳᠤ ᠣᠷᠣᠯᠴᠠᠭᠰᠠᠨ ᠪᠣᠶ ᠪᠥᠬᠦᠶ ᠡᠮᠨᠡᠯᠭᠡ ᠶᠢᠨ ᠬᠤᠷᠢᠶ᠎ᠠ ᠡᠮ ᠡᠮᠨᠡᠯᠭᠡ ᠡᠷᠡᠭᠦᠯ ᠬᠠᠮᠠᠭᠠᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠬᠢᠪᠠ︔ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ | ᠬᠠᠷᠢᠭᠤᠴᠠᠯᠭᠠᠲᠠᠨ ᠪᠥᠬᠦ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ | ᠬᠢᠪᠡ︔ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠯᠪᠣᠭᠳᠠᠯ ᠪᠥᠬᠦᠶ ᠠᠵᠢᠯ ᠳᠤ ᠲᠣᠬᠢᠷᠠᠭᠤᠯᠤᠯᠲᠠ | ᠪᠠᠶᠢᠷᠢᠯᠠᠭᠤᠯᠤᠯᠲᠠ ᠬᠢᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠨᠢ ᠪᠥᠬᠦ ᠬᠤᠰᠢᠭᠤᠨ ᠤ ᠠᠷᠠᠳ | ᠲᠦᠮᠡᠨ ᠤ ᠡᠷᠡᠭᠦᠯ ᠮᠡᠨᠳᠦ ᠠᠵᠠ ᠵᠢᠷᠭᠠᠯ ᠲᠠᠢ ᠬᠤᠯᠪᠣᠭᠳᠠᠵᠤ᠂ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠣᠯᠤᠨ᠎ᠠ᠃ ᠡᠯ᠎ᠡ ᠰᠠᠯᠠᠭ᠎ᠠ ᠮᠥᠴᠢᠷ ᠤᠳ | ᠡᠮᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠡᠮᠴᠢᠯᠡᠭᠡᠨ ᠤ ᠮᠡᠷᠭᠡᠵᠢᠯ ᠤᠨ ᠰᠢᠨ᠎ᠡ ᠶᠢ ᠡᠭᠦᠳᠬᠦ ᠪᠠ ᠴᠢᠳᠠᠪᠤᠷᠢᠲᠠᠨ ᠢ | ᠬᠥᠮᠦᠵᠢᠭᠦᠯᠬᠦ ᠶᠢ ᠠᠬᠢᠭᠤᠯᠵᠤ᠂ ᠱᠠᠲᠤ ᠬᠤᠪᠢᠶᠠᠨ ᠣᠨᠣᠰᠢᠯᠠᠨ ᠡᠮᠨᠡᠬᠦ ᠰᠢᠰᠲ᠋ᠧᠮ ᠢ ᠪᠦᠷᠢᠨᠰᠢᠬᠦᠯᠤᠨ᠂ ᠥᠷᠭᠡᠨ ᠣᠯᠠᠨ ᠠᠷᠠᠳ ᠲᠦᠮᠡᠨ ᠳᠤ ᠨᠠᠩ ᠣᠯᠠᠨ ᠡᠮ | ᠡᠮᠨᠡᠯᠭᠡ ᠶᠢᠨ ᠥᠭᠡᠷᠡᠴᠢᠯᠡᠯᠲᠡ ᠶᠢᠨ ᠠᠰᠢᠭ ᠲᠤᠰᠠ ᠶᠢ ᠬᠦᠷᠲᠡᠭᠡᠬᠦ ᠬᠡᠷᠡᠭᠲᠡᠶ᠃ ᠬᠠᠮᠵᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠬᠠᠮᠲᠤᠷᠠᠯ ᠤᠨ ᠬᠦᠴᠦᠨ ᠢ | ᠪᠦᠷᠢᠯᠳᠦᠭᠦᠯᠵᠦ᠂ ᠤᠯᠠᠨ ᠲᠦᠮᠡᠨ ᠤ ᠭᠡᠷ ᠤᠨ ᠡᠭᠦᠳᠡᠨ ᠳᠤ ᠪᠠᠨ ᠬᠠᠮᠤᠭ ᠤᠨ ᠳᠥᠭᠦᠮ ᠳᠥᠲᠡ᠂ ᠬᠠᠮᠤᠭ ᠤᠨ ᠰᠢᠯᠢᠳᠡᠭ ᠡᠮᠴᠢᠯᠡᠭᠡᠨ ᠤ ᠦᠢᠯᠡᠴᠢᠯᠡᠭᠡ | ᠬᠦᠷᠲᠡᠭᠡᠬᠦ ᠶᠢ ᠪᠠᠲᠤᠯᠠᠬᠤ ᠬᠡᠷᠡᠭᠲᠡᠢ᠃ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠬᠤᠯᠠᠴᠢᠯᠠᠵᠤ᠂ ᠲᠣᠭᠠᠴᠢᠯᠠᠭᠰᠠᠨ ᠠᠷᠭ᠎ᠠ ᠪᠠᠷᠢᠯ ᠢᠶᠠᠷ ᠳᠠᠮᠵᠢᠭᠤᠯᠤᠨ | ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠦᠢᠯᠡᠴᠢᠯᠡᠭᠡᠨ ᠤ ᠶᠠᠪᠤᠴᠠ ᠪᠠᠨ ᠰᠢᠯᠢᠳᠡᠭᠵᠢᠭᠦᠯᠵᠦ᠂ ᠡᠪᠡᠳᠴᠢᠨ ᠦᠵᠡᠭᠦᠯᠬᠦ | ᠣᠶᠢᠯᠠᠭᠠᠯᠲᠠ ᠪᠠᠨ ᠳᠡᠭᠡᠭᠰᠢᠯᠡᠭᠦᠯᠵᠦ᠂ ᠤᠯᠠᠨ ᠲᠦᠮᠡᠨ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠠᠴᠠ ᠪᠣᠯᠤᠭᠰᠠᠨ ᠲᠦᠭᠦᠮ | ᠨᠥᠬᠦᠴᠡᠯ ᠢ ᠦᠨᠡᠨ ᠬᠦ ᠮᠡᠳᠡᠷᠡᠭᠦᠯᠬᠦ ᠬᠡᠷᠡᠭᠲᠡᠢ᠃ ᠬᠢᠨᠠᠯᠲᠠ ᠲᠠᠯᠪᠢᠵᠤ ᠪᠠᠶᠢᠴᠠᠭᠠᠬᠤ ᠪᠣᠳᠠᠲᠤ ᠦᠷ᠎ᠡ ᠪᠦᠲᠦᠮᠵᠢ ᠶᠢ ᠴᠢᠩᠭᠠᠳᠬᠠᠵᠤ᠂ ᠡᠮᠴᠢ ᠶᠢᠨ ᠮᠣᠷᠠᠯ | ᠰᠤᠷᠲᠠᠯ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠵᠤ᠂ ᠡᠷᠡᠭᠦᠯ ᠡᠩᠬᠡ ᠬᠠᠩᠭᠢᠨ ᠬᠤᠶᠢᠲᠤ ᠬᠤᠰᠢᠭᠤᠨ ᠤ ᠪᠥᠲᠥᠭᠡᠨ ᠪᠠᠶᠢᠭᠤᠯᠤᠯᠲᠠ ᠶᠢᠨ ᠳᠠᠬᠢᠨ ᠰᠢᠨ᠎ᠡ | ᠳᠡᠭᠲᠡᠷ ᠲᠤ ᠭᠠᠷᠬᠤ ᠳᠤ ᠬᠦᠴᠦᠨ ᠨᠡᠮᠡᠷᠢᠯᠡᠵᠦ᠂ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ | ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠪᠥᠬᠦ ᠬᠤᠰᠢᠭᠤᠨ ᠤ ᠪᠦᠬᠦᠯᠢ ᠴᠣᠭᠴᠠ ᠶᠢᠨ ᠡᠷᠡᠭᠦᠯ ᠮᠡᠨᠳᠦ ᠶᠢᠨ ᠬᠢᠷᠢ ᠲᠦᠪᠰᠢᠨ ᠤ ᠲᠣᠭᠲᠠᠭᠤᠨ ᠢᠶᠠᠷ ᠳᠡᠭᠡᠭᠰᠢᠯᠡᠬᠦ ᠶᠢ | ᠠᠬᠢᠭᠤᠯᠬᠤ ᠬᠡᠷᠡᠭᠲᠡᠶ᠃ |