ᠬᠠᠩᠭᠢᠨ ᠬᠤᠶᠢᠲᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠄ ᠡᠷᠡᠯᠬᠡᠭᠯᠡᠨ ᠤᠷᠤᠭᠰᠢᠯᠠᠵᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2024/12/20
      ᠠᠭᠤᠵᠢᠮ ᠰᠠᠷᠠᠭᠤᠯ ᠬᠢᠴᠢᠶᠡᠯ ᠤᠨ ᠭᠡᠷ᠂ ᠲᠡᠷᠢᠭᠦᠨ ᠤ ᠣᠯᠠᠨ ᠵᠠᠭᠤᠴᠢᠯᠠᠭᠤᠷ ᠤᠨ ᠵᠢᠭᠠᠨ ᠰᠤᠷᠭᠠᠯᠲᠠ ᠶᠢᠨ ᠲᠥᠬᠦᠭᠡᠷᠦᠮᠵᠢ᠂ ᠪᠦᠷᠢᠨ ᠴᠢᠳᠠᠮᠵᠢᠲᠤ ᠲᠠᠰᠤᠭ ᠲᠠᠢ᠂ ᠪᠠᠰᠠ ᠬᠥᠯ ᠪᠥᠮᠪᠦᠭᠡ᠂ ᠰᠢᠲᠠᠷ᠎ᠠ᠂ ᠬᠠᠶᠢᠴᠢᠯᠠᠮᠠᠯ᠂ ᠨᠠᠶᠢᠷᠠᠯ ᠳᠠᠭᠤᠤ ᠵᠡᠷᠭᠡ ᠡᠯ᠎ᠡ ᠵᠦᠢᠯ ᠤᠨ ᠨᠡᠶᠢᠭᠡᠮ ᠤᠨ ᠪᠦᠯᠬᠦᠮ ᠤᠨ ᠠᠵᠢᠯᠯᠠᠭ᠎ᠠ ᠁ ᠣᠳᠣᠬᠠᠨ ᠳᠤ᠂ ᠬᠠᠩᠭᠢᠨ ᠬᠤᠶᠢᠲᠤ ᠬᠤᠰᠢᠭᠤᠨ ᠤ ᠨᠢᠭᠡᠨ ᠰᠤᠷᠭᠠᠭᠤᠯᠢ ᠳᠤ ᠣᠷᠣᠵᠤ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠤᠯᠠᠮ ᠠᠴᠠ ᠤᠯᠠᠮ ᠰᠠᠶᠢᠵᠢᠷᠠᠵᠤ᠂ ᠰᠤᠷᠤᠭᠴᠢᠳ ᠤᠨ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠴᠤ ᠤᠯᠠᠮ ᠠᠴᠠ ᠤᠯᠠᠮ ᠪᠠᠶᠠᠯᠢᠭᠵᠢᠪᠠ᠃
1.jpg
      ᠰᠤᠷᠭᠠᠨ ᠬᠥᠮᠦᠵᠢᠯ ᠪᠣᠯ ᠤᠯᠤᠰ ᠤᠨ ᠶᠡᠭᠡ ᠪᠤᠳᠤᠯᠭ᠎ᠠ᠂ ᠨᠠᠮ ᠤᠨ ᠶᠡᠭᠡ ᠪᠤᠳᠤᠯᠭ᠎ᠠ ᠮᠥᠨ᠃ 2024 ᠣᠨ ᠳᠤ᠂ ᠬᠠᠩᠭᠢᠨ ᠬᠤᠶᠢᠲᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠭᠡᠬᠦ ᠡᠨᠡ ᠬᠦ ᠭᠤᠤᠯ ᠬᠠᠷᠠᠯᠲᠠ ᠲᠠᠢ ᠨᠢᠭᠲᠠ ᠤᠶᠠᠯᠳᠤᠭᠤᠯᠤᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠦᠷᠭᠦᠯᠵᠢᠯᠡᠨ ᠳᠤᠲᠠᠭᠤᠳᠠᠯ ᠢᠶᠠᠨ ᠨᠥᠬᠦᠪᠥᠷᠢᠯᠡᠵᠦ᠂ ᠶᠠᠰᠤ ᠴᠢᠨᠠᠷ ᠢ ᠳᠡᠭᠡᠭᠰᠢᠯᠡᠭᠦᠯᠦᠨ᠂ ᠥᠭᠡᠷᠡᠴᠢᠯᠡᠯᠲᠡ ᠶᠢ ᠠᠬᠢᠭᠤᠯᠵᠤ᠂ ᠰᠤᠷᠭᠠᠭᠤᠯᠢ ᠡᠷᠭᠢᠯᠡᠬᠦ ᠨᠥᠬᠦᠴᠡᠯ ᠢ ᠲᠠᠰᠤᠷᠠᠯᠲᠠ ᠥᠬᠡᠶ ᠰᠠᠶᠢᠵᠢᠷᠠᠭᠤᠯᠤᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠵᠤ᠂ ᠪᠠᠭᠰᠢ ᠶᠢᠨ ᠡᠩᠨᠡᠭᠡ ᠶᠢᠨ ᠬᠡᠪ ᠪᠣᠯᠪᠠᠰᠤᠷᠠᠯ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠦᠨ᠂ ᠰᠤᠷᠭᠠᠨ ᠬᠥᠮᠦᠵᠢᠯ ᠤᠨ ᠡᠯ᠎ᠡ ᠵᠦᠢᠯ ᠤᠨ ᠠᠵᠢᠯ ᠤᠨ ᠪᠠᠷᠢᠮᠵᠢᠶ᠎ᠠ ᠶᠢ ᠳᠠᠬᠢᠨ ᠳᠡᠭᠡᠭᠰᠢᠯᠡᠭᠦᠯᠵᠦ᠂ ᠬᠥᠭᠵᠢᠯᠲᠡ ᠶᠢᠨ ᠳᠠᠬᠢᠨ ᠲᠦᠷᠭᠡᠳᠬᠦ᠂ ᠶᠠᠰᠤ ᠴᠢᠨᠠᠷ ᠢ ᠳᠠᠬᠢᠨ ᠳᠡᠭᠡᠭᠰᠢᠯᠡᠭᠦᠯᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠪᠠᠷ ᠴᠢᠷᠮᠠᠶᠢᠨ᠎ᠠ᠃      ᠰᠤᠷᠭᠠᠨ ᠬᠦᠮᠦᠵᠢᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠲᠤᠭ ᠳᠠᠯᠪᠠᠭ᠎ᠠ ᠮᠠᠨᠳᠤᠭᠤᠯᠤᠨ᠎ᠠ      ᠨᠠᠮ ᠤᠨ ᠪᠠᠢᠭᠤᠯᠤᠯᠲᠠ ᠵᠠᠮᠴᠢᠯ ᠠᠭ᠎ᠠ ᠶᠢᠨ ᠵᠢᠭᠠᠨ ᠵᠢᠯᠣᠭᠤᠳᠬᠤ ᠰᠤᠷᠭᠠᠨ ᠬᠥᠮᠦᠵᠢᠯ ᠤᠨ ᠤᠷᠤᠭᠱᠢᠯᠠᠯᠲᠠ ᠶᠢᠨ ᠴᠢᠭᠯᠡᠯ᠃ ᠰᠤᠷᠭᠠᠨ ᠬᠥᠮᠦᠵᠢᠯ ᠤᠨ ᠰᠢᠰᠲ᠋ᠧᠮ ᠤᠨ ︽ᠰᠢᠯᠢᠳᠡᠭ ᠰᠤᠷᠤᠯᠭ᠎ᠠ ᠶᠢᠨ ᠬᠤᠰᠢᠭᠤᠴᠢ︾ ᠶᠢᠨ ᠨᠠᠮ ᠤᠨ ᠪᠠᠶᠢᠭᠤᠯᠤᠯᠲᠠ ᠶᠢᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠲᠥᠰᠦᠯ ᠢ ᠲᠣᠭᠲᠠᠭᠠᠵᠤ᠂ ︽1235︾ ︵︽ᠨᠢᠭᠡ ᠬᠠᠷᠠᠯᠲᠠ︾ ᠶᠢᠨ ᠲᠣᠭᠤᠷᠢᠨ ᠳᠤ ︽ᠬᠤᠶᠠᠷ ᠦᠶ᠋ᠯᠡᠳᠦᠯ︾ ᠢ ᠳᠣᠪᠤᠶᠢᠯᠭᠠᠨ᠂ ︽ᠭᠤᠷᠪᠠᠨ ᠭᠤᠤᠯᠳᠠᠯᠭ᠎ᠠ ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠢᠨᠵᠧᠨᠧᠷᠢᠩ︾ ᠢ ᠬᠡᠷᠡᠭᠵᠢᠭᠦᠯᠵᠡᠶ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠪᠦᠲᠦᠮᠵᠢᠲᠡᠢ ᠳᠡᠭᠡᠭᠰᠢᠯᠡᠭᠦᠯᠪᠡ᠃ ᠪᠠᠲᠤ ᠪᠠᠬᠢ ︽ᠵᠢᠱᠢᠶᠡᠴᠢ︾ ᠶᠢᠨ ᠨᠠᠮ ᠤᠨ ᠡᠭᠦᠷ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠶ ᠠᠬᠢᠭᠤᠯᠵᠤ᠂ ᠱᠠᠮᠪᠠ ᠪᠠᠭ᠎ᠠ ᠰᠤᠷᠭᠠᠭᠤᠯᠢ ᠶᠢᠨ ᠨᠢᠭᠡᠳᠦᠭᠡᠷ ᠨᠠᠮ ᠤᠨ ᠡᠭᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ︾ ᠶᠢᠨ ᠨᠠᠮ ᠤᠨ ᠡᠭᠦᠷ ᠢᠶᠠᠷ ᠦᠨᠡᠯᠡᠭᠳᠡᠪᠡ᠃
2.jpg
      ᠦᠵᠡᠯ ᠰᠠᠨᠠᠭ᠎ᠠ ᠤᠯᠤᠰ ᠲᠦᠷᠦ ᠶᠢᠨ ᠰᠦᠭ ᠰᠦᠨᠡᠰᠦ ᠶᠢ ᠱᠤᠭᠤᠵᠤ᠂ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ᠦᠩ ᠰᠢᠮᠡᠯᠢᠭ ᠬᠥᠷᠥᠰᠥ ᠶᠢ ᠵᠤᠵᠠᠭᠠᠳᠬᠠᠨ᠎ᠠ᠃ ᠶᠣᠰᠣ ᠰᠤᠷᠲᠠᠬᠤᠨ ᠤ ᠬᠥᠮᠦᠵᠢᠯ ᠤᠨ ᠨᠠᠷᠠᠲᠤ ᠪᠠᠭᠰᠢ ᠶᠢᠨ ᠠᠵᠢᠯᠯᠠᠬᠤ ᠲᠠᠰᠤᠭ ᠢ 15 ᠪᠠᠶᠢᠭᠤᠯᠵᠤ᠂ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ᠂ ᠲᠤᠬᠠᠶᠢᠯᠠᠭᠰᠠᠨ ᠠᠵᠢᠯ ᠤᠨ ᠰᠤᠳᠤᠯᠤᠨ ᠰᠤᠷᠤᠯᠴᠠᠬᠤ᠂ ︽ᠪᠢᠴᠢᠯ ᠠᠩᠭᠢ ᠶᠢᠨ ᠬᠤᠷᠠᠯ︾ ᠤᠨ ᠤᠷᠤᠯᠳᠤᠭᠠᠨ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠶᠣᠰᠣ ᠰᠤᠷᠲᠠᠬᠤᠨ ᠤ ᠬᠥᠮᠦᠵᠢᠯ ᠤᠨ ᠡᠩᠨᠡᠭᠡ ᠶᠢᠨ ᠲᠤᠰᠬᠠᠶ ᠮᠡᠷᠭᠡᠵᠢᠯ ᠤᠨ ᠦᠰᠦᠨ ᠪᠤᠶᠢᠵᠢᠯᠲᠠ ᠶᠢ ᠨᠥᠯᠥᠭᠡᠯᠡᠨ ᠳᠠᠶᠢᠴᠢᠯᠠᠨ᠎ᠠ᠃ ︽ᠲᠣᠨᠣᠯᠵᠢᠨ ᠵᠢᠭᠠᠨ ᠰᠤᠷᠭᠠᠯᠲᠠ ᠶᠢᠨ ᠠᠷᠭ᠎ᠠ︾ ᠪᠠ ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠠᠭᠤᠯᠭ᠎ᠠ ᠶᠢ ᠬᠦᠰᠡᠯ ᠵᠡᠭᠦᠳᠦ ᠶᠢᠨ ᠬᠢᠴᠢᠶᠡᠯ ᠤᠨ ᠵᠠᠭᠪᠤᠷ ᠲᠠᠢ ᠬᠤᠯᠪᠣᠬᠤ ᠵᠠᠭᠪᠤᠷ ᠢ ᠦᠷᠭᠦᠯᠵᠢᠯᠡᠨ ᠰᠦᠪᠡᠭᠴᠢᠯᠡᠨ ᠬᠡᠷᠡᠭᠵᠢᠭᠦᠯᠵᠦ᠂ ︽ᠦᠵᠡᠯ ᠰᠠᠨᠠᠭ᠎ᠠ ᠤᠯᠤᠰ ᠲᠥᠷᠥ︾ ᠶᠢᠨ ᠵᠢᠭᠠᠨ ᠰᠤᠷᠭᠠᠯᠲᠠ ᠶᠢᠨ ᠵᠠᠭᠪᠤᠷ ᠢ ᠬᠡᠷᠡᠭᠵᠢᠭᠦᠯᠦᠨ᠂ ᠨᠠᠮ ᠤᠨ ᠰᠢᠨ᠎ᠡ ᠶᠢ ᠡᠭᠦᠳᠬᠦ ᠣᠨᠣᠯ ᠢ ᠵᠢᠭᠠᠬᠤ ᠮᠠᠲ᠋ᠧᠷᠢᠶᠠᠯ ᠳᠤ ᠣᠷᠣᠭᠤᠯᠵᠤ᠂ ᠬᠢᠴᠢᠶᠡᠯ ᠤᠨ ᠲᠠᠩᠬᠢᠮ ᠳᠤ ᠣᠷᠣᠭᠤᠯᠤᠨ᠂ ᠲᠠᠷᠢᠬᠢ ᠲᠣᠯᠣᠭᠠᠶ ᠳᠤ ᠣᠷᠣᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠪᠡ᠃      ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠨᠢ ᠶᠡᠭᠡ ᠡᠭᠦᠷᠭᠡ ᠶᠢ ᠡᠭᠦᠷᠭᠡᠯᠡᠵᠦ ᠳᠡᠶᠢᠯᠬᠦ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠦᠨ᠎ᠡ᠃    ᠦᠨᠳᠦᠰᠦᠲᠡᠨ ᠤ ᠪᠦᠯᠬᠦᠮᠳᠡᠯ ᠲᠠᠢ᠂ ᠦᠨᠳᠦᠰᠦᠲᠡᠨ ᠤ ᠠᠭᠤᠰᠤᠯᠴᠠᠯ ᠰᠡᠳᠬᠢᠯ ᠨᠢᠭᠡᠳᠬᠦ ᠬᠤᠯᠪᠣᠭᠠᠰᠤ ᠶᠢ ᠨᠡᠬᠡᠨ᠎ᠡ᠃ ᠦᠢᠯᠡᠳᠦᠯᠭᠡ ᠶᠢᠨ ᠰᠦᠪᠡᠭᠴᠢᠯᠡᠯᠳᠡ ᠶᠢᠨ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ︽1361︾ ᠠᠵᠢᠯ ᠤᠨ ᠰᠢᠰᠲ᠋ᠧᠮᠵᠢ ᠶᠢ ᠪᠤᠢ ᠪᠣᠯᠭᠠᠪᠠ ︵ᠨᠢᠭᠡ ᠭᠤᠣᠯ ᠰᠢᠵᠢᠮ᠂ ᠭᠤᠷᠪᠠᠨ ᠬᠡᠮᠵᠢᠯᠳᠦ ᠬᠦᠴᠦᠨ ᠢ ᠳᠠᠶᠢᠴᠢᠯᠠᠬᠤ᠂ ᠵᠢᠷᠭᠤᠭᠠᠨ ᠶᠡᠭᠡ ᠠᠷᠭ᠎ᠠ ᠵᠠᠮ ᠢ ᠰᠠᠶᠢᠲᠤᠷ ᠬᠡᠷᠡᠭᠯᠡᠬᠦ᠂ ᠨᠢᠭᠡ ᠬᠠᠷᠠᠯᠲᠠ ᠶᠢ ᠪᠡᠶᠡᠯᠡᠭᠦᠯᠬᠦ︶᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠤᠷᠭᠠᠭᠤᠯᠢ 1᠂ ᠬᠤᠲᠠ ᠶᠢᠨ ᠱᠠᠲᠤᠨ ᠤ ᠵᠢᠱᠢᠶ᠎ᠡ ᠦᠵᠡᠭᠦᠯᠬᠦ ᠰᠤᠷᠭᠠᠭᠤᠯᠢ 3 ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃      ᠪᠦᠵᠢᠭᠤᠯᠬᠤ ᠪᠦᠵᠢᠭᠤᠯᠬᠤ ᠰᠤᠷᠲᠠᠯ ᠢ ᠪᠦᠬᠦ ᠲᠠᠯ᠎ᠠ ᠪᠠᠷ ᠬᠥᠭᠵᠢᠭᠦᠯᠬᠦ ᠱᠠᠲᠤᠯᠵᠢᠨ ᠱᠠᠲᠤ ᠶᠢ ᠪᠠᠢᠭᠤᠯᠤᠶ᠎ᠠ᠃ ᠪᠡᠶ᠎ᠡ ᠶᠢᠨ ᠲᠠᠮᠢᠷ ᠤᠨ ᠬᠦᠰᠡᠯ ᠡᠷᠡᠮᠡᠯᠵᠡᠯ ᠤᠨ ᠬᠢᠴᠢᠶᠡᠯ ᠢ ᠪᠥᠬᠦ ᠲᠠᠯ᠎ᠠ ᠪᠠᠷ ᠣᠷᠣᠭᠤᠯᠤᠨ ᠠᠪᠴᠢᠷᠠᠵᠤ᠂ ᠰᠤᠷᠭᠠᠭᠤᠯᠢ ᠶᠢᠨ ᠰᠢᠢᠳᠪᠦᠷᠢ ᠲᠣᠭᠲᠠᠭᠰᠠᠨ ᠠᠴᠠ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠴᠢᠩᠭᠠᠳᠬᠠᠵᠤ᠂ ᠬᠠᠩᠭᠢᠨ ᠬᠤᠶᠢᠲᠤ ᠬᠤᠰᠢᠭᠤᠨ ᠤ ᠲᠠᠮᠢᠷᠴᠢᠳ ᠲᠣᠭᠤᠷᠢᠭ᠂ ᠬᠤᠲᠠ ᠶᠢᠨ ᠶᠡᠭᠡ ᠤᠷᠤᠯᠳᠤᠭᠠᠨ ᠳᠤ ᠤᠳᠠᠭ᠎ᠠ ᠳᠠᠷᠠᠭᠠᠯᠠᠨ ᠰᠢᠯᠢᠳᠡᠭ ᠬᠢᠷᠢ ᠪᠦᠲᠦᠮᠵᠢ ᠣᠯᠵᠤ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ᠂ ᠬᠥᠯ ᠪᠥᠮᠪᠦᠭᠡ ᠬᠤᠶᠢᠨ᠎ᠠ ᠬᠤᠶᠢᠨ᠎ᠠ ᠠᠴᠠ ᠪᠠᠨ ᠬᠤᠲᠠ ᠶᠢᠨ ᠬᠤᠯᠪᠣᠭᠠᠲᠤ ᠤᠷᠤᠯᠳᠤᠭᠠᠨ ᠤ ᠮᠠᠩᠯᠠᠶ ᠶᠢ ᠣᠯᠵᠤ᠂ ᠳᠤᠮᠳᠠᠳᠤ ᠰᠤᠷᠭᠠᠭᠤᠯᠢ ᠶᠢᠨ ᠡᠮᠡᠭᠲᠡᠶ ᠶᠢᠨ ᠰᠠᠭᠰᠤᠨ ᠪᠥᠮᠪᠦᠭᠡ᠂ ᠡᠷᠡᠭᠲᠡᠶ ᠶᠢᠨ ᠰᠠᠭᠰᠤᠨ ᠪᠥᠮᠪᠦᠭᠡ ᠨᠢ ᠲᠣᠰ ᠲᠣᠰ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠨᠡᠷ᠎ᠡ ᠪᠠ ᠵᠢᠷᠭᠤᠳᠤᠭᠠᠷ ᠨᠡᠷᠡᠰ ᠲᠤ ᠤᠷᠤᠭᠰᠠᠨ ᠰᠢᠯᠢᠳᠡᠭ ᠬᠢᠷᠢ ᠪᠦᠲᠦᠮᠵᠢ ᠶᠢ ᠣᠯᠪᠠ᠃
3.jpg
      ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ      ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ ᠠᠯᠪᠠᠨ ᠤ ᠪᠠ ᠰᠤᠷᠭᠠᠭᠤᠯᠢ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ 8 ᠪᠣᠭᠤᠳᠠᠯᠯᠠᠬᠤ ᠪᠦᠯᠦᠭᠯᠡᠯ ᠢ ᠵᠣᠬᠢᠶᠠᠨ ᠪᠠᠶᠢᠭᠤᠯᠵᠤ᠂ ᠪᠠᠭᠤᠷᠠᠢ ᠬᠡᠦᠬᠡᠳ ᠤᠨ ᠴᠡᠴᠡᠷᠯᠢᠭ ᠤᠨ ᠴᠢᠳᠠᠪᠤᠷᠢ ᠶᠢᠨ ᠳᠡᠭᠡᠭᠰᠢᠯᠡᠯᠲᠡ ᠶᠢ ᠳᠠᠶᠢᠴᠢᠯᠠᠵᠤ᠂ ᠬᠤᠳᠠ ᠶᠢᠨ ᠱᠠᠲᠤᠨ ᠤ ᠵᠢᠱᠢᠶ᠎ᠡ ᠦᠵᠡᠭᠦᠯᠬᠦ ᠴᠡᠴᠡᠷᠯᠢᠭ ᠪᠠ ᠨᠢᠭᠡᠳᠦᠭᠡᠷ ᠳᠡᠰ ᠤᠨ ᠴᠡᠴᠡᠷᠯᠢᠭ ᠲᠣᠰᠪᠣᠷᠢ 1 ᠶᠢ ᠰᠢᠨ᠎ᠡ ᠪᠠᠷ ᠨᠡᠮᠡᠭᠳᠡᠭᠦᠯᠵᠦ᠂ ᠬᠠᠩᠭᠢᠨ ᠬᠤᠶᠢᠲᠤ ᠬᠤᠰᠢᠭᠤᠨ ᠳᠤ ᠣᠳᠣ ᠪᠠᠶᠢᠭ᠎ᠠ ᠣᠷᠣᠨ ᠤ ᠱᠠᠲᠤᠨ ᠤ ᠵᠢᠱᠢᠶ᠎ᠡ ᠦᠵᠡᠭᠦᠯᠬᠦ ᠬᠡᠦᠬᠡᠳ ᠤᠨ ᠴᠡᠴᠡᠷᠯᠢᠭ 1᠂ ᠬᠤᠳᠠ ᠶᠢᠨ ᠱᠠᠲᠤᠨ ᠤ ᠵᠢᠱᠢᠶ᠎ᠡ ᠦᠵᠡᠭᠦᠯᠬᠦ ᠴᠡᠴᠡᠷᠯᠢᠭ 8᠂ ᠨᠢᠭᠡᠳᠦᠭᠡᠷ ᠳᠡᠰ ᠤᠨ ᠴᠡᠴᠡᠷᠯᠢᠭ 12 ᠪᠠᠶᠢᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠦᠬᠦᠯᠢ ᠴᠣᠭᠴᠠ ᠶᠢᠨ ᠶᠠᠰᠤ ᠴᠢᠨᠠᠷ ᠶᠡᠬᠡᠪᠡᠷ ᠳᠡᠭᠡᠭᠰᠢᠯᠡᠪᠡ᠃
4.jpg
       ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠃ ︽ᠵᠢᠭᠠᠨ ᠰᠤᠷᠭᠠᠯᠲᠠ ᠶᠢ ᠬᠠᠮᠢᠶᠠᠷᠴᠤ ᠰᠤᠳᠤᠯᠤᠨ ᠰᠢᠯᠭᠠᠬᠤ᠂ ᠬᠢᠴᠢᠶᠡᠯ ᠵᠢᠭᠠᠬᠤ ᠶᠢ ᠬᠢᠨᠠᠨ ᠵᠥᠪᠰᠢᠶᠡᠷᠡᠬᠦ᠂ ᠬᠠᠪᠰᠤᠷᠤᠮᠵᠢ ᠪᠣᠯᠭᠠᠨ ᠥᠭᠡᠷᠡᠴᠢᠯᠡᠬᠦ︾ ᠪᠦᠬᠦ ᠭᠤᠭᠴᠤᠭ᠎ᠠ ᠶᠢᠨ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠥᠨᠳᠥᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ ᠬᠦᠴᠦᠷᠬᠡᠭ ᠢᠶᠠᠷ ᠬᠦᠭᠵᠢᠵᠦ᠂ 600 ᠬᠤᠪᠢ ᠠᠴᠠ ᠳᠡᠭᠡᠭᠰᠢ 35 ᠬᠥᠮᠦᠨ ᠳᠤ ᠬᠦᠷᠴᠦ᠂ ᠨᠡᠷᠡᠰ ᠤᠨ ᠵᠢᠭᠰᠠᠭᠠᠯᠲᠠ ᠨᠢ ᠪᠦᠬᠦ ᠬᠤᠲᠠ ᠶᠢᠨ ᠭᠤᠷᠪᠠᠳᠤᠭᠠᠷ ᠲᠤ ᠣᠷᠣᠪᠠ᠃ ᠰᠢᠯᠵᠢᠮᠡᠯ ᠬᠤᠯᠪᠤᠭᠠᠨ ᠤ ᠺᠣᠮᠫᠠᠨᠢ ᠶᠢᠨ 180 ᠲᠦᠮᠡᠨ ᠲᠥᠭᠦᠷᠢᠭ ᠤᠨ ᠣᠯᠠᠨ ᠵᠠᠭᠤᠴᠢᠯᠠᠭᠤᠷ ᠤᠨ ᠤᠶᠤᠨᠲᠤ ᠬᠢᠴᠢᠶᠡᠯ ᠤᠨ ᠬᠡᠷ ᠤᠨ ᠲᠥᠬᠦᠭᠡᠷᠦᠮᠵᠢ ᠬᠠᠨᠳᠢᠪᠯᠡᠬᠤ ᠪᠠᠷ ᠴᠢᠷᠮᠠᠶᠢᠵᠤ᠂ ᠪᠠᠷᠠᠭᠤᠨ ᠬᠤᠲᠠ ᠶᠢᠨ ᠪᠠᠭ᠎ᠠ ᠰᠤᠷᠭᠠᠭᠤᠯᠢ ᠶᠢᠨ ᠣᠣ ᠸᠧᠶ ᠶᠠ ᠣᠶᠤᠨᠴᠢ ᠰᠢᠩᠭᠡᠭᠡᠨ ᠨᠡᠪᠲᠡᠷᠡᠭᠦᠯᠬᠦ ᠲᠠᠰᠤᠭ ᠢ ᠰᠢᠨᠡᠳᠬᠡᠵᠦ᠂ ᠮᠡᠳᠡᠭᠡ ᠵᠠᠩᠭᠢᠵᠢᠯᠲᠠ ᠶᠢᠨ ᠮᠡᠷᠭᠡᠵᠢᠯ ᠢ ᠠᠰᠢᠭᠯᠠᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠹᠧᠨ ᠳ᠋ᠧᠦ ᠳᠤᠮᠳᠠᠳᠤ ᠰᠤᠷᠭᠠᠭᠤᠯᠢ ᠶᠢ ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠭᠡ ᠶᠢ ᠭᠦᠨᠵᠡᠭᠡᠢ ᠬᠡᠷᠡᠭᠵᠢᠭᠦᠯᠵᠦ᠂ ᠰᠢᠯᠢᠳᠡᠭ ᠪᠠᠭᠰᠢ ᠶᠢ ᠰᠢᠯᠢᠨ ᠰᠣᠩᠭᠤᠵᠤ ᠴᠢᠩ ᠤᠯᠤᠰ ᠤᠨ ᠤᠮᠠᠷᠠᠲᠤ ᠶᠢᠨ ᠲᠤᠷᠰᠢᠯᠲᠠ ᠶᠢᠨ ᠠᠩᠬᠢ ᠶᠢ ᠵᠣᠬᠢᠶᠠᠨ ᠪᠠᠶᠢᠭᠤᠯᠵᠤ᠂ ᠪᠡᠭᠡᠵᠢᠩ ᠶᠡᠭᠡ ᠰᠤᠷᠭᠠᠭᠤᠯᠢ᠂ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ᠂ ᠶᠢᠨ ᠲᠠᠢ ᠶᠠᠩ ᠰᠤᠷᠭᠠᠨ ᠬᠥᠮᠦᠵᠢᠯ ᠤᠨ ᠪᠦᠯᠦᠭᠯᠡᠯ ᠤᠨ ᠳᠠᠪᠠᠭᠤᠯᠢᠭ ᠡᠬᠢ ᠪᠠᠶᠠᠯᠢᠭ ᠢ ᠪᠠᠳᠠᠷᠠᠭᠤᠯᠵᠤ᠂ ᠰᠢᠯᠢᠳᠡᠭ ᠢ ᠪᠤᠶᠢᠵᠢᠭᠤᠯᠬᠤ ᠣᠷᠦ᠋ᠢᠯᠠᠯ ᠢ ᠴᠢᠩᠭᠠᠳᠬᠠᠬᠤ ᠂ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠤᠨᠢᠨ ᠳᠡᠭᠡᠷ᠎ᠡ ᠨᠢ ᠬᠦᠴᠦᠯᠡᠪᠡ᠃ ᠰᠢᠨ᠎ᠡ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠡᠩ ᠤᠨ ᠬᠠᠮᠢᠶᠠᠷᠤᠯᠲᠠ᠂ ᠵᠢᠭᠠᠨ ᠰᠤᠷᠭᠠᠯᠲᠠ ᠶᠢᠨ ᠵᠢᠭᠠᠨ ᠰᠤᠷᠭᠠᠯᠲᠠ᠂ ᠥᠨᠳᠥᠷ ᠪᠦᠲᠦᠮᠵᠢᠲᠡᠶ ᠬᠢᠴᠢᠶᠡᠯ ᠤᠨ ᠲᠠᠩᠬᠢᠮ ᠤᠨ ᠪᠥᠲᠥᠭᠡᠨ ᠪᠠᠶᠢᠭᠤᠯᠤᠯᠲᠠ ᠵᠡᠷᠭᠡ ᠭᠤᠷᠪᠠᠨ ᠭᠤᠤᠯ ᠭᠤᠭᠴᠤᠭ᠎ᠠ ᠶᠢ ᠲᠠᠰᠤᠷᠠᠯᠲᠠ ᠥᠬᠡᠶ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠵᠢᠩᠬᠢᠨᠢ ᠠᠩᠭᠢ ᠳᠤ ᠤᠷᠤᠭᠰᠠᠨ ᠨᠣᠷᠮ᠎ᠠ 3.98% ᠪᠠᠷ ᠨᠡᠮᠡᠭᠳᠡᠵᠦ᠂ 17 ᠬᠥᠮᠦᠨ ᠬᠤᠤᠰ ᠲᠡᠷᠢᠭᠦᠨ ᠤ ᠳᠡᠭᠡᠳᠦ ᠰᠤᠷᠭᠠᠭᠤᠯᠢ ᠳᠤ ᠡᠯᠰᠡᠭᠳᠡᠵᠦ᠂ ᠲᠠᠪᠤᠨ ᠵᠢᠯ ᠤᠨ ᠲᠤᠷᠰᠢ ᠴᠢᠩ ᠤᠯᠤᠰ ᠤᠨ ᠤᠮᠠᠷᠠᠲᠤ ᠬᠡᠰᠡᠭ ᠲᠤ ᠡᠯᠰᠡᠬᠦ ᠥᠬᠡᠶ ᠪᠠᠶᠢᠬᠤ ᠶᠢ ᠪᠡᠶᠡᠯᠡᠭᠦᠯᠪᠡ᠃
5.jpg
      ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠡᠯᠬᠢᠶ᠎ᠡ ᠶᠢ ᠤᠷᠲᠤᠳᠬᠠᠨ᠎ᠠ᠃ ︽ᠵᠠᠰᠠᠭ ᠰᠤᠷᠭᠠᠭᠤᠯᠢ ᠠᠵᠤ ᠠᠬᠤᠶᠢᠯᠠᠯ ᠬᠤᠷᠰᠢᠬᠤ᠂ ᠳᠤᠮᠳᠠ ᠳᠡᠭᠡᠳᠦ ᠮᠡᠷᠭᠡᠵᠢᠯ ᠬᠠᠮᠲᠤᠷᠠᠨ ᠡᠷᠭᠢᠯᠡᠬᠦ︾ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠪᠠᠶᠠᠨᠨᠠᠭᠤᠷ ᠬᠤᠲᠠ ᠶᠢᠨ ᠬᠡᠷᠡᠭᠯᠡᠭᠡᠨ ᠤ ᠮᠠᠰᠲ᠋ᠧᠷ ᠤᠨ ᠳᠡᠭᠡᠳᠦ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠵᠠᠰᠠᠭ ᠠᠵᠤ ᠠᠬᠤᠶᠢᠯᠠᠯ ᠰᠤᠷᠭᠠᠭᠤᠯᠢ ᠶᠢᠨ ︽ᠭᠤᠷᠪᠠᠨ ᠪᠦᠷᠢᠨ ᠬᠥᠮᠦᠨ ᠢ ᠬᠥᠮᠦᠵᠢᠭᠦᠯᠬᠦ︾ ᠰᠤᠷᠭᠠᠭᠤᠯᠢ ᠡᠷᠭᠢᠯᠡᠬᠦ ᠵᠠᠭᠪᠤᠷ ᠢ ᠪᠥᠬᠦ ᠲᠠᠯ᠎ᠠ ᠪᠠᠷ ᠪᠠᠶᠢᠭᠤᠯᠵᠤ᠂ 60 ᠭᠠᠷᠤᠶ ᠠᠵᠤ ᠠᠬᠤᠶᠢᠯᠠᠯ ᠯᠤᠭ᠎ᠠ ᠬᠠᠮᠲᠤᠷᠠᠯᠴᠠᠨ᠂ 20 ᠪᠣᠳᠠᠲᠠᠶ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ᠂ ᠴᠠᠬᠢᠯᠳᠠᠭ ᠪᠣᠯᠪᠠᠰᠤᠷᠠᠯ ᠤᠨ ᠲᠠᠪᠴᠠᠩ ᠢ ᠥᠷᠭᠡᠨ ᠢᠶᠠᠷ ᠬᠡᠷᠡᠭᠯᠡᠨ ᠪᠣᠯᠪᠠᠰᠤᠷᠠᠭᠤᠯᠤᠯ ᠥᠷᠨᠢᠭᠦᠯᠵᠦ᠂ ᠵᠢᠯ ᠳᠤ 5400 ᠬᠥᠮᠦᠨ ᠤᠳᠠᠭ᠎ᠠ ᠠᠴᠠ ᠳᠡᠭᠡᠭᠰᠢ ᠪᠣᠯᠪᠠᠰᠤᠷᠠᠭᠤᠯᠵᠤ᠂ ᠳᠠᠳᠤᠯᠭ᠎ᠠ ᠬᠢᠬᠦ ᠶᠢ ᠰᠢᠰᠲ᠋ᠧᠮᠵᠢᠭᠦᠯᠦᠭᠰᠡᠨ ᠨᠣᠷᠮ᠎ᠠ 95% ᠳᠤ ᠬᠦᠷᠴᠦ᠂ ᠠᠵᠢᠯ ᠣᠯᠭᠤᠯᠲᠠ ᠶᠢᠨ ᠨᠣᠷᠮ᠎ᠠ 100% ᠳᠤ ᠬᠥᠷᠪᠡ᠃      ᠪᠠᠭᠰᠢ ᠶᠢᠨ ᠡᠩᠨᠡᠭᠡ ᠶᠢ ᠬᠦᠴᠦᠷᠬᠡᠭᠵᠢᠭᠦᠯᠵᠦ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠴᠣᠭᠴᠠᠯᠠᠨ᠎ᠠ      ᠰᠤᠷᠭᠠᠨ ᠬᠥᠮᠦᠵᠢᠯ ᠤᠨ ᠮᠥᠨ ᠴᠢᠨᠠᠷ ᠨᠢ ᠶᠡᠷᠦ ᠠᠴᠠ ᠮᠡᠳᠡᠯᠭᠡ ᠤᠯᠠᠮᠵᠢᠯᠠᠬᠤ᠂ ᠤᠶᠤᠨ ᠤᠬᠠᠭᠠᠨ ᠤ ᠰᠡᠩᠬᠡᠷᠡᠭᠦᠯᠦᠯ ᠪᠣᠯᠬᠤ ᠪᠠᠷ ᠪᠠᠷᠠᠬᠤ ᠦᠭᠡᠢ᠂ ᠨᠡᠩ ᠴᠤ ᠶᠣᠰᠣ ᠰᠤᠷᠲᠠᠬᠤᠨ ᠤ ᠪᠣᠯᠪᠠᠰᠤᠷᠠᠯ᠂ ᠵᠠᠩ ᠰᠤᠷᠲᠠᠯ ᠤᠨ ᠬᠥᠮᠦᠵᠢᠯ ᠪᠣᠯᠤᠨ᠎ᠠ᠃      ᠪᠠᠭᠰᠢ ᠶᠢᠨ ᠠᠵᠢᠯ ᠤᠨ ᠪᠠᠶᠢᠷᠢ ᠶᠢᠨ ᠲᠠᠲᠠᠬᠤ ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ 15 ᠵᠤᠷᠪᠤᠰ ᠢ ᠭᠦᠨᠵᠡᠭᠡᠶ ᠨᠠᠶᠢᠳᠠᠪᠤᠷᠢᠵᠢᠭᠤᠯᠵᠤ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ 10 ᠵᠤᠷᠪᠤᠰ ᠂ ᠠᠵᠢᠯ ᠤᠨ ᠠᠮᠵᠢᠯᠲᠠ ᠪᠦᠲᠦᠮᠵᠢ ᠶᠢᠨ ᠱᠠᠩᠨᠠᠯ 970 ᠭᠠᠷᠤᠶ ᠲᠦᠮᠡᠨ ᠲᠥᠭᠦᠷᠢᠭ ᠲᠠᠷᠬᠠᠭᠠᠵᠤ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠩᠭᠢ ᠶᠢᠨ ᠡᠷᠬᠢᠯᠡᠭᠴᠢ ᠶᠢᠨ ᠨᠡᠮᠡᠭᠦᠷᠢ ᠶᠢ ᠲᠣᠰ ᠲᠣᠰ 800 ᠲᠥᠭᠦᠷᠢᠭ᠂ 1000 ᠲᠥᠭᠦᠷᠢᠭ᠂ 1200 ᠲᠥᠭᠦᠷᠢᠭ ᠪᠣᠯᠭᠠᠨ ᠳᠡᠭᠡᠭᠰᠢᠯᠡᠭᠦᠯᠵᠦ᠂ ᠰᠢᠨ᠎ᠡ ᠪᠠᠷ ᠤᠷᠢᠭᠰᠠᠨ ᠨᠢᠭᠡ ᠳᠡᠪᠲᠡᠷ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠠᠭᠰᠢ ᠳᠤ ᠠᠮᠢᠳᠤᠷᠠᠯ ᠤᠨ ᠨᠥᠬᠦᠪᠥᠷᠢ ᠣᠯᠭᠤᠵᠤ᠂ ᠨᠠᠩ ᠣᠯᠠᠨ ᠰᠢᠯᠢᠳᠡᠭ ᠴᠢᠳᠠᠪᠤᠷᠢᠲᠠᠨ ᠢ ᠲᠠᠲᠠᠵᠤ ᠰᠤᠷᠭᠠᠨ ᠬᠥᠮᠦᠵᠢᠯ ᠤᠨ ᠦᠢᠯᠡᠰ ᠲᠤ ᠣᠷᠣᠯᠴᠠᠭᠤᠯᠪᠠ᠃ ᠥᠨᠳᠥᠷ ᠪᠠᠷᠢᠮᠵᠢᠶ᠎ᠠ᠂ ᠥᠨᠳᠥᠷ ᠪᠠᠷᠢᠮᠵᠢᠶ᠎ᠠ ᠪᠠᠷ ᠪᠠᠭᠰᠢ ᠶᠢᠨ ᠪᠠᠶᠠᠷ ᠤᠨ ᠰᠢᠷᠢᠰ ᠠᠵᠢᠯᠯᠠᠭ᠎ᠠ ᠶᠢ ᠥᠷᠨᠢᠭᠦᠯᠵᠦ᠂ 178 ᠲᠡᠷᠢᠭᠦᠨ ᠤ ᠬᠤᠪᠢ ᠬᠥᠮᠦᠨ ᠪᠠ 22 ᠲᠡᠷᠢᠭᠦᠨ ᠤ ᠬᠠᠮᠲᠤ ᠨᠡᠶᠢᠲᠡ ᠶᠢ ᠰᠢᠯᠭᠠᠷᠠᠭᠤᠯᠤᠨ ᠬᠥᠬᠢᠭᠦᠯᠪᠡ᠃ ᠪᠣᠰᠤᠭ᠎ᠠ ᠴᠣᠭᠴᠠᠲᠤ ᠤᠬᠠᠭᠤᠯᠭ᠎ᠠ ᠶᠢᠨ ᠵᠢᠭᠰᠠᠭᠠᠯ ᠢ ᠪᠥᠬᠦ ᠲᠠᠯ᠎ᠠ ᠪᠠᠷ ᠪᠠᠶᠢᠭᠤᠯᠵᠤ᠂ ᠰᠢᠯᠢᠳᠡᠭ ᠪᠠᠭᠰᠢ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠣᠯᠠᠨ ᠬᠡᠯᠪᠡᠷᠢ ᠪᠠᠷ ᠤᠬᠠᠭᠤᠯᠵᠤ᠂ ᠪᠠᠭᠰᠢ ᠶᠢᠨ ᠵᠢᠭᠠᠨ ᠰᠤᠷᠭᠠᠯᠲᠠ ᠶᠢᠨ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠪᠦᠲᠦᠮᠵᠢᠲᠡᠶ ᠨᠡᠮᠡᠭᠳᠡᠭᠦᠯᠪᠡ᠃
6.jpg
       ︽ᠤᠯᠤᠰ ᠤᠨ ᠪᠣᠯᠪᠠᠰᠤᠷᠠᠭᠤᠯᠤᠯ ᠤᠨ ᠲᠥᠯᠥᠪᠯᠡᠭᠡ︾ ︽ᠪᠡᠭᠡᠵᠢᠩ ᠥᠪᠥᠷ ᠮᠣᠩᠭᠤᠯ ᠤᠨ ᠬᠠᠪᠰᠤᠷᠤᠯᠴᠠᠭ᠎ᠠ︾ ᠵᠡᠷᠭᠡ ᠲᠥᠷᠥᠯ ᠵᠦᠢᠯ ᠤᠨ ᠳᠠᠪᠠᠭᠤᠯᠢᠭ ᠡᠬᠢ ᠪᠠᠶᠠᠯᠢᠭ ᠢ ᠭᠦᠢᠴᠡᠳ ᠠᠰᠢᠭᠯᠠᠨ᠂ ᠰᠤᠷᠭᠠᠭᠤᠯᠢ ᠶᠢᠨ ᠵᠠᠬᠢᠷᠤᠯ ᠤᠨ ᠰᠤᠷᠭᠠᠭᠤᠯᠢ ᠶᠢ ᠵᠠᠰᠠᠵᠤ ᠰᠤᠷᠭᠠᠭᠤᠯᠢ ᠶᠢ ᠵᠠᠰᠠᠬᠤ ᠴᠢᠳᠠᠪᠤᠷᠢ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ 14 ᠨᠠᠷᠠᠲᠤ ᠪᠠᠭᠰᠢ ᠶᠢᠨ ᠠᠵᠢᠯᠯᠠᠬᠤ ᠲᠠᠰᠤᠭ ᠢ ᠵᠣᠬᠢᠶᠠᠨ ᠪᠠᠶᠢᠭᠤᠯᠵᠤ᠂ ᠣᠯᠠᠨ ᠶᠠᠩᠵᠤ ᠶᠢᠨ ᠵᠢᠭᠠᠨ ᠰᠤᠷᠭᠠᠯᠲᠠ ᠶᠢᠨ ᠤᠷᠤᠯᠳᠤᠭᠠᠨ ᠤ ᠠᠵᠢᠯᠯᠠᠭ᠎ᠠ ᠶᠢ ᠡᠷᠭᠢᠯᠡᠵᠦ᠂ ᠪᠠᠭᠰᠢ ᠶᠢᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠰᠢᠷᠢᠰ ᠰᠤᠳᠤᠯᠤᠨ ᠪᠣᠯᠪᠠᠰᠤᠷᠠᠯ ᠢ ᠣᠯᠠᠨ ᠬᠡᠯᠪᠡᠷᠢ ᠪᠠᠷ ᠥᠷᠨᠢᠭᠦᠯᠵᠦ᠂ ᠪᠠᠭᠰᠢ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃      ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠴᠢᠨᠠᠷ ᠰᠠᠶᠢᠲᠠᠶ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ      ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠣᠯ ᠴᠠᠭ ᠦᠶ᠎ᠡ ᠶᠢᠨ ᠬᠥᠭᠵᠢᠯᠲᠡ ᠶᠢᠨ ᠪᠠᠷᠠᠭᠳᠠᠰᠢ ᠦᠭᠡᠢ ᠬᠥᠳᠡᠯᠭᠡᠬᠦ ᠬᠦᠴᠦᠨ ᠮᠥᠨ᠂ ᠪᠠᠰᠠ ᠴᠤ ᠰᠤᠷᠭᠠᠨ ᠬᠥᠮᠦᠵᠢᠯ ᠤᠨ ᠦᠢᠯᠡᠰ ᠤᠨ ᠠᠮᠢᠵᠢᠷᠠᠯ ᠤᠨ ᠬᠦᠴᠦᠨ ᠢ ᠪᠠᠲᠤᠯᠠᠬᠤ ᠡᠬᠢ ᠪᠤᠯᠠᠭ ᠮᠥᠨ᠃      ︽ᠬᠤᠶᠠᠷ ᠢ ᠬᠦᠩᠭᠡᠷᠡᠭᠦᠯᠬᠦ︾ ᠶᠢ ᠨᠠᠶᠢᠳᠠᠪᠤᠷᠢᠵᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠰᠢᠨ᠎ᠡ ᠬᠠᠭᠤᠳᠠᠰᠤ ᠶᠢ ᠨᠡᠭᠡᠭᠡᠨ᠎ᠡ᠃ ᠡᠯ᠎ᠡ ᠰᠤᠷᠭᠠᠭᠤᠯᠢ ︽ᠲᠠᠪᠤᠨ ᠵᠦᠶ᠋ᠯ ᠤᠨ ᠬᠠᠮᠢᠶᠠᠷᠤᠯᠲᠠ︾ ᠶᠢ ᠬᠢᠨᠠᠨ ᠵᠢᠯᠣᠭᠤᠳᠴᠤ ᠪᠠᠶᠢᠴᠠᠭᠠᠬᠤ ᠳᠤ ᠣᠷᠣᠭᠤᠯᠵᠤ᠂ ︽ᠲᠠᠪᠤᠨ ᠵᠦᠶ᠋ᠯ ᠤᠨ ᠬᠠᠮᠢᠶᠠᠷᠤᠯᠲᠠ︾ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠵᠤ᠂ ᠰᠤᠷᠭᠠᠭᠤᠯᠢ ᠡᠷᠭᠢᠯᠡᠬᠦ ᠣᠨᠴᠠᠯᠢᠭ᠂ ᠪᠠᠭᠰᠢ ᠶᠢᠨ ᠬᠢᠷᠢ ᠲᠦᠪᠰᠢᠨ ᠲᠠᠢ ᠤᠶᠠᠯᠳᠤᠭᠤᠯᠤᠨ ᠬᠢᠴᠢᠶᠡᠯ ᠤᠨ ᠳᠠᠷᠠᠭᠠᠬᠢ ᠦᠶ᠋ᠯᠡᠴᠢᠯᠡᠭᠡᠨ ᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠰᠤᠷᠤᠭᠴᠢᠳ ᠲᠤ ᠴᠢᠨᠠᠷ ᠰᠠᠶᠢᠲᠠᠶ ᠬᠢᠴᠢᠶᠡᠯ ᠤᠨ ᠳᠠᠷᠠᠭᠠᠬᠢ ᠰᠤᠷᠤᠯᠴᠠᠯᠭ᠎ᠠ ᠪᠠ ᠦᠰᠦᠨ ᠪᠤᠶᠢᠵᠢᠬᠤ ᠣᠷᠴᠢᠨ ᠨᠥᠬᠦᠴᠡᠯ ᠢ ᠪᠣᠶ ᠪᠣᠯᠭᠠᠵᠤ ᠥᠭᠪᠡ᠃ ᠰᠤᠷᠭᠠᠨ ᠬᠥᠮᠦᠵᠢᠯ ᠤᠨ ᠰᠢᠰᠲ᠋ᠧᠮ ᠤᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠤᠯᠪᠣᠭᠠᠯᠠᠨ ᠰᠤᠭᠤᠴᠢᠨ ᠪᠠᠶᠢᠴᠠᠭᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠥᠷᠭᠡᠨ ᠣᠯᠠᠨ ᠪᠠᠭᠰᠢ ᠰᠤᠷᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠪᠠ᠃
7.jpg
     ᠪᠡᠯᠡ ᠮᠥᠩᠭᠦ ᠣᠷᠣᠭᠤᠯᠤᠨ ᠰᠠᠭᠤᠷᠢ ᠶᠢ ᠪᠠᠲᠤᠳᠬᠠᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠠᠲᠤᠯᠠᠭ᠎ᠠ ᠶᠢᠨ ᠰᠠᠭᠤᠷᠢ ᠶᠢ ᠪᠠᠬᠢᠵᠢᠭᠦᠯᠦᠨ᠎ᠡ᠃ ᠲᠡᠮᠡᠴᠡᠯ ᠤᠨ ᠰᠤᠷᠭᠠᠨ ᠬᠥᠮᠦᠵᠢᠯ ᠤᠨ ᠲᠤᠰᠬᠠᠶ ᠪᠡᠯᠡ ᠮᠥᠩᠭᠦ ᠶᠢ ᠢᠳᠡᠪᠬᠢᠲᠡᠶ ᠪᠠᠷ ᠪᠠᠶᠢᠭᠤᠯᠵᠤ᠂ 280.44 ᠲᠦᠮᠡ ᠭᠠᠷᠤᠶ ᠲᠥᠭᠦᠷᠢᠭ ᠤᠨ ᠨᠡᠶᠢᠭᠡᠮ ᠤᠨ ᠪᠡᠯᠡ ᠮᠥᠩᠭᠦ ᠶᠢ ᠠᠮᠵᠢᠯᠲᠠ ᠲᠠᠢ ᠪᠠᠷ ᠴᠤᠭᠯᠠᠭᠤᠯᠵᠤ᠂ ᠰᠤᠷᠭᠠᠨ ᠬᠥᠮᠦᠵᠢᠯ ᠤᠨ ᠦᠢᠯᠡᠰ ᠤᠨ ᠦᠷᠭᠦᠯᠵᠢᠯᠡᠬᠦ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠨᠡᠮᠡᠷᠢᠯᠡᠪᠡ᠃ ᠵᠣᠭᠤᠰ ᠢᠶᠠᠷ ᠲᠤᠰᠠᠯᠠᠬᠤ ᠪᠠᠯᠠ ᠮᠥᠩᠭᠦ ᠣᠯᠭᠤᠬᠤ ᠠᠵᠢᠯ ᠢ ᠢᠳᠡᠪᠬᠢᠲᠡᠶ ᠨᠠᠶᠢᠳᠠᠪᠤᠷᠢᠵᠢᠭᠤᠯᠵᠤ᠂ ᠲᠤᠰᠠᠯᠠᠮᠵᠢ ᠶᠢᠨ ᠵᠣᠭᠤᠰ ᠤᠨ ᠲᠤᠭ᠎ᠠ ᠨᠡᠶᠢᠲᠡ 935.6 ᠲᠦᠮᠡᠨ ᠲᠥᠭᠦᠷᠢᠭ ᠲᠠᠷᠬᠠᠭᠠᠵᠤ᠂ ᠠᠳᠠᠯᠢ ᠪᠤᠰᠤ ᠱᠠᠲᠤ ᠦᠶ᠎ᠡ ᠶᠢᠨ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ ᠤᠷᠤᠭᠰᠢᠲᠠᠶ ᠰᠤᠷᠭᠠᠭᠤᠯᠢ ᠳᠤ ᠣᠷᠣᠬᠤ ᠶᠢ ᠪᠦᠲᠦᠮᠵᠢᠲᠡᠶ ᠳᠡᠮᠵᠢᠪᠡ᠃    ᠰᠤᠷᠭᠠᠨ ᠬᠥᠮᠦᠵᠢᠯ ᠤᠨ ᠦᠩ ᠰᠢᠮᠡᠯᠢᠭ ᠬᠥᠷᠥᠰᠥ ᠶᠢ ᠵᠤᠵᠠᠭᠠᠳᠬᠠᠵᠤ᠂ ᠬᠥᠮᠦᠨ ᠢ ᠬᠥᠮᠦᠵᠢᠭᠦᠯᠬᠦ ᠰᠢᠨ᠎ᠡ ᠬᠠᠭᠤᠳᠠᠰᠤ ᠶᠢ ᠪᠢᠴᠢᠭᠯᠡᠨ᠎ᠡ᠃ ᠬᠠᠩᠭᠢᠨ ᠬᠤᠶᠢᠲᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠤᠬᠠᠮᠰᠠᠷ ᠠᠴᠠ ᠪᠠᠨ ᠥᠭᠡᠷᠡᠴᠢᠯᠡᠯᠲᠡ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠬᠥᠮᠦᠨ ᠬᠥᠮᠦᠵᠢᠭᠦᠯᠬᠦ ᠠᠷᠭ᠎ᠠ ᠮᠠᠶ᠋ᠢᠭ᠂ ᠰᠤᠷᠭᠠᠭᠤᠯᠢ ᠡᠷᠭᠢᠯᠡᠬᠦ ᠵᠠᠭᠪᠤᠷ᠂ ᠬᠠᠮᠢᠶᠠᠷᠤᠯᠲᠠ ᠶᠢᠨ ᠪᠠᠶᠢᠭᠤᠯᠤᠯ᠂ ᠪᠠᠲᠤᠯᠠᠭ᠎ᠠ ᠶᠢᠨ ᠲᠣᠭᠲᠠᠴᠠ ᠶᠢᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠤᠷᠭᠠᠨ ᠬᠥᠮᠦᠵᠢᠯ ᠤᠨ ᠪᠦᠬᠦᠯᠢ ᠴᠣᠭᠴᠠ ᠶᠢᠨ ᠬᠥᠭᠵᠢᠯᠲᠡ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃       
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ