| ᠰᠢᠨᠬᠤᠸᠠ ᠬᠤᠷᠢᠶ᠎ᠠ ᠶᠢᠨ ᠣᠣᠮᠧᠨ ᠤ 12 ᠰᠠᠷ᠎ᠠ ᠶᠢᠨ 19 ᠤ ᠴᠠᠭᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 19 ᠤ ᠦᠳᠡ ᠶᠢᠨ | ᠬᠤᠶᠢᠨ᠎ᠠ ᠣᠣᠮᠧᠨ ᠤ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠳᠤ ᠣᠷᠤᠯᠴᠠᠬᠤ ᠪᠠᠷ ᠣᠣᠮᠧᠨ ᠳᠤ ᠢᠷᠡᠭᠰᠡᠨ | ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ ᠲᠠᠢ ᠠᠭᠤᠯᠵᠠᠪᠠ᠃ | | | | 19 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠣᠣᠮᠧᠨ ᠤ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠤᠢ ᠶᠢ | ᠪᠡᠯᠭᠡᠯᠡᠬᠦ ᠠᠵᠢᠯᠯᠠᠭ᠎ᠠ ᠳᠤ ᠣᠷᠤᠯᠴᠠᠬᠤ ᠪᠠᠷ ᠣᠣᠮᠧᠨ ᠳᠤ ᠢᠷᠡᠭᠰᠡᠨ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢ | ᠵᠢᠶᠠ ᠴᠤᠤ ᠲᠠᠢ ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ | ᠰᠢ ᠶᠢᠨ ᠫᠢᠩ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠨᠢᠭᠡᠨᠲᠡ ᠰᠢᠨ᠎ᠡ ᠱᠠᠲᠤᠨ ᠳᠤ ᠣᠷᠣᠪᠠ᠃ ᠰᠢᠶᠠᠩᠭᠠᠩ᠂ | ᠣᠣᠮᠧᠨ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠵᠤ᠂ ᠨᠡᠩ ᠰᠠᠶᠢᠨ ᠬᠥᠭᠵᠢᠯᠲᠡ ᠶᠢ ᠪᠡᠶᠡᠯᠡᠭᠦᠯᠪᠡᠯ ᠵᠣᠬᠢᠨ᠎ᠠ᠃ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ | ᠪᠤᠯᠭᠠᠵᠤ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠡᠩ ᠭᠡᠭᠡᠨ ᠰᠠᠷᠠᠭᠤᠯ ᠢᠷᠡᠭᠡᠳᠦᠢ ᠶᠢ ᠨᠡᠭᠡᠭᠡᠬᠦ ᠬᠡᠷᠡᠭᠲᠡᠢ ᠭᠡᠵᠦ ᠢᠯᠡᠳᠬᠡᠪᠡ᠃ | ᠰᠢ ᠶᠢᠨ ᠫᠢᠩ᠂ ᠤᠯᠤᠰ ᠠᠴᠠ ᠰᠢᠶᠠᠩᠭᠠᠩ ᠳᠤ ᠮᠠᠰᠢ ᠥᠨᠳᠥᠷ ᠬᠦᠰᠡᠯ ᠡᠷᠡᠮᠡᠯᠵᠡᠯ ᠲᠠᠯᠪᠢᠵᠤ ᠪᠠᠶᠢᠨ᠎ᠠ᠃ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ | ᠪᠣᠯᠣᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠯᠠᠪᠳᠠᠭᠤᠨ ᠲᠣᠭᠲᠠᠭᠤᠨ ᠢᠶᠠᠷ ᠵᠠᠰᠠᠭ ᠶᠠᠪᠤᠭᠤᠯᠵᠤ᠂ ᠪᠦᠭᠦ ᠬᠦᠴᠦᠨ ᠢᠶᠠᠷ ᠢᠶᠠᠨ ᠠᠵᠤ | ᠠᠬᠤᠢ ᠪᠠᠨ ᠬᠥᠭᠵᠢᠭᠦᠯᠵᠦ᠂ ᠬᠥᠭᠵᠢᠯᠲᠡ ᠪᠠᠨ ᠲᠥᠯᠥᠪᠵᠢᠭᠦᠯᠵᠦ᠂ ᠰᠢᠶᠠᠩᠭᠠᠩ ᠤᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠴᠢᠷᠮᠠᠶᠢᠨ ᠡᠭᠦᠳᠬᠦ ᠶᠢ | ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠯᠢ ᠵᠢᠶᠠ ᠴᠤᠤ ᠲᠡᠷᠢᠭᠦᠯᠡᠭᠴᠢ ᠰᠢ ᠶᠢᠨ ᠫᠢᠩ ᠤᠨ ᠭᠥᠯᠢᠶᠡᠨ ᠠᠪᠴᠤ ᠠᠭᠤᠯᠵᠠᠭᠰᠠᠨ ᠳᠤ ᠲᠠᠯᠠᠷᠬᠠᠵᠤ᠂ ᠰᠢᠶᠠᠩᠭᠠᠩ ᠢ ᠴᠢᠷᠮᠠᠶᠢᠨ ᠳᠠᠭᠠᠭᠤᠯᠵᠤ ᠠᠵᠤ | ᠠᠬᠤᠢ ᠪᠠᠨ ᠬᠥᠭᠵᠢᠭᠦᠯᠵᠦ᠂ ᠬᠥᠭᠵᠢᠯᠲᠡ ᠪᠠᠨ ᠲᠥᠯᠥᠪᠵᠢᠭᠦᠯᠵᠦ᠂ ᠠᠷᠠᠳ ᠤᠨ ᠠᠮᠢᠳᠤᠷᠠᠯ ᠢ ᠦᠨᠡᠨ ᠬᠦ ᠰᠠᠶᠢᠵᠢᠷᠠᠭᠤᠯᠵᠤ᠂ ᠭᠤᠸᠠᠩᠳᠦ᠋ᠩ ᠰᠢᠶᠠᠩᠭᠠᠩ | ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠠᠩ | ᠰᠠᠶᠢᠨ ᠠᠭᠤᠰᠤᠯᠴᠠᠨ᠎ᠠ ᠭᠡᠵᠦ ᠢᠯᠡᠳᠬᠡᠪᠡ᠃ | ᠼᠠᠢ ᠴᠢ᠂ ᠰᠢᠶᠠ ᠪᠦᠦ ᠯᠦᠩ ᠨᠠᠷ ᠠᠭᠤᠯᠵᠠᠯᠲᠠ ᠳᠤ ᠣᠷᠣᠯᠴᠠᠵᠠᠢ᠃ | |