ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠤᠨ ᠲᠣᠪᠴᠢ ﹇2020﹈ 21 ᠳ᠋ᠦᠭᠡᠷ ᠲᠣᠭᠠᠲᠤ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠠᠷᠠᠭᠤᠨ ᠬᠡᠰᠡᠭ ᠤᠨ ᠳᠥᠷᠪᠡᠨ ᠬᠤᠰᠢᠭᠤ ᠰᠢᠶᠠᠨ ᠲᠣᠭᠤᠷᠢᠭ ᠤᠨ | ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶᠢᠳᠡᠭᠦᠯᠦᠨ ᠰᠢᠢᠳᠪᠦᠷᠢᠯᠡᠬᠦ᠂ ᠡᠬᠢ ᠪᠠᠶᠠᠯᠢᠭᠵᠢᠭᠤᠯᠤᠨ ᠰᠢᠢᠳᠪᠦᠷᠢᠯᠡᠬᠦ ᠶᠢ ᠪᠡᠶᠡᠯᠡᠭᠦᠯᠬᠦ ᠶᠢᠨ ᠲᠥᠯᠥᠭᠡ᠂ ᠮᠠᠨ ᠤ | ᠬᠤᠲᠠ ᠰᠧᠴᠤᠸᠠᠨ ᠤ ᠡᠨᠧᠷᠭᠢ ᠶᠢᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠬᠠᠩᠭᠢᠨ ᠬᠤᠶᠢᠲᠤ | ᠬᠤᠰᠢᠭᠤᠨ ᠠᠴᠠ ᠭᠠᠵᠠᠷ ᠰᠣᠩᠭᠤᠬᠤ᠂ ᠲᠥᠷᠥᠯ ᠵᠦᠢᠯ ᠠᠴᠠ ᠡᠭᠦᠰᠦᠭᠰᠡᠨ ᠨᠢᠰᠬᠡᠯ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠢ ᠮᠠᠨ ᠤ ᠬᠤᠰᠢᠭᠤᠨ ᠠᠴᠠ | ᠲᠠᠯᠠᠪᠠᠶ ᠭᠠᠷᠭᠠᠵᠤ ᠰᠢᠢᠳᠪᠦᠷᠢᠯᠡᠨ᠎ᠡ᠂ ᠭᠡᠪᠡᠴᠦ ᠮᠠᠨ ᠤ ᠬᠤᠰᠢᠭᠤᠨ ᠤ ᠬᠤᠭ ᠨᠣᠪᠰᠢ ᠶᠢᠨ ᠲᠠᠯᠠᠪᠠᠶ ᠶᠢᠨ ᠬᠥᠮᠥᠷᠭᠡ ᠶᠢᠨ ᠪᠠᠭᠲᠠᠭᠠᠮᠵᠢ ᠨᠢᠭᠡᠨᠲᠡ ᠳᠦᠭᠦᠷᠴᠦ᠂ | ᠦᠷᠭᠦᠯᠵᠢᠯᠡᠨ ᠪᠤᠯᠠᠬᠤ ᠶᠢᠨ ᠠᠷᠭ᠎ᠠ ᠥᠬᠡᠶ᠂ ᠪᠠᠶᠠᠨᠨᠠᠭᠤᠷ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠲᠥᠷᠥᠯ ᠵᠦᠢᠯ ᠤᠨ | ᠦᠨᠡᠰᠦ ᠶᠢ ᠰᠢᠢᠳᠪᠦᠷᠢᠯᠡᠬᠦ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠤᠭ ᠨᠣᠪᠰᠢ ᠶᠢ ᠰᠢᠢᠳᠪᠦᠷᠢᠯᠡᠬᠦ ᠲᠠᠯᠠᠪᠠᠶ ᠶᠢᠨ ᠪᠠᠭᠲᠠᠭᠠᠮᠵᠢ ᠪᠠᠨ ᠰᠤᠯᠠᠯᠠᠵᠤ | ᠪᠠᠶᠠᠨᠨᠠᠭᠤᠷ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠲᠥᠷᠥᠯ ᠵᠦᠢᠯ ᠠᠴᠠ ᠪᠣᠶ ᠪᠣᠯᠤᠭᠰᠠᠨ ᠲᠣᠭᠲᠠᠮᠠᠯ ᠨᠢᠰᠬᠡᠯ ᠢᠶᠠᠷ | ᠴᠠᠬᠢᠯᠭᠠᠨ ᠭᠠᠷᠭᠠᠬᠤ ᠲᠠᠯᠠᠪᠤᠷ ᠪᠣᠯᠭᠠᠵᠤ᠂ 2023 ᠣᠨ ᠠᠴᠠ ᠡᠬᠢᠯᠡᠨ ᠮᠠᠯᠲᠠᠵᠤ ᠳᠠᠭᠤᠰᠬᠠᠬᠤ ᠶᠢᠨ ᠬᠠᠮᠲᠤ ᠪᠤᠯᠠᠨ᠎ᠠ᠃ | 2023 ᠣᠨ ᠳᠤ ᠲᠠᠬᠢᠨ ᠮᠠᠯᠳᠠᠭᠰᠠᠨ ᠬᠤᠭ ᠨᠣᠪᠰᠢ 11854.5 ᠲᠣᠨ᠂ 2024 ᠣᠨ ᠳᠤ ᠡᠭᠡᠭᠦᠯᠦᠨ ᠮᠠᠯᠲᠠᠭᠰᠠᠨ ᠬᠤᠭ ᠨᠣᠪᠰᠢ 20004.46 | ᠲᠣᠨ᠂ ᠨᠡᠶᠢᠳᠡ 31854.96 ᠲᠣᠨ ᠪᠤᠢ᠃ | ᠣᠨᠴᠠᠭᠠᠶᠢᠯᠠᠨ ᠵᠠᠷᠯᠠᠨ ᠮᠡᠳᠡᠭᠡᠯᠡᠪᠡ | | | | ᠬᠠᠩᠭᠢᠨ ᠬᠤᠶᠢᠲᠤ ᠬᠤᠰᠢᠭᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ | 2024 ᠣᠨ ᠤ 12 ᠰᠠᠷ᠎ᠠ ᠶᠢᠨ 23 ᠤ ᠡᠳᠦᠷ | |