ᠸᠠᠩ ᠵᠢᠢ ᠮᠢᠨ
ᠨᠡᠶᠢᠲᠡᠯᠡᠭᠰᠡᠨ ᠴᠠᠭ᠄
2024/12/25
王集民.jpg
      ᠬᠤᠪᠢᠳᠠᠨ ᠬᠠᠮᠢᠶᠠᠷᠴᠤ ᠪᠠᠶᠢᠭ᠎ᠠ ᠠᠵᠢᠯ᠄      ᠬᠤᠰᠢᠭᠤᠨ ᠳᠠᠷᠤᠭ᠎ᠠ ᠶᠢ ᠬᠠᠪᠰᠤᠷᠤᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ᠂ ᠰᠢᠨᠵᠢᠯᠡᠬᠦ ᠤᠬᠠᠭᠠᠨ ᠮᠡᠷᠭᠡᠵᠢᠯ᠂ ᠤᠰᠤᠨ ᠠᠰᠢᠭᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠩᠭᠠᠨ ᠪᠣᠷᠣᠯᠠᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠲᠥᠪ᠂ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠦᠶ᠋ᠯᠡᠴᠢᠯᠡᠭᠡᠨ ᠤ ᠲᠥᠪ᠂ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠲᠥᠪ᠂ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠤᠰᠤᠨ ᠭᠠᠷᠤᠯᠲᠠ ᠶᠢᠨ ᠦᠶ᠋ᠯᠡᠴᠢᠯᠡᠭᠡᠨ ᠤ ᠲᠥᠪ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠶ᠋ᠯᠡᠴᠢᠯᠡᠭᠡᠨ ᠤ ᠲᠥᠪ︶᠂ ᠤᠰᠤᠨ ᠠᠰᠢᠭᠯᠠᠯᠲᠠ ᠶᠢᠨ ᠲᠣᠪᠴᠢᠶ᠎ᠠ ︵ᠤᠰᠤᠨ ᠠᠰᠢᠭᠯᠠᠯᠲᠠ ᠶᠢᠨ ᠦᠢᠯᠡᠰ ᠤᠨ ᠦᠶ᠋ᠯᠡᠴᠢᠯᠡᠭᠡᠨ ᠤ ᠲᠥᠪ ᠢ ᠪᠠᠭᠲᠠᠭᠠᠨ᠎ᠠ︶᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠬᠠᠩᠭᠢᠨ ᠬᠤᠶᠢᠲᠤ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃      ᠥᠪᠥᠷ ᠮᠣᠩᠭᠤᠯ ᠤᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ ᠲᠥᠪ ᠤᠨ ᠵᠢᠶᠧ ᠹᠠᠩ ᠬᠠᠭᠠᠯᠲᠠ ᠶᠢᠨ ᠬᠤᠪᠢᠶᠠᠷᠢ ᠲᠥᠪ᠂ ᠴᠠᠭ ᠠᠭᠤᠷ ᠤᠨ ᠲᠣᠪᠴᠢᠶ᠎ᠠ᠂ ᠳᠧᠦ ᠳ᠋ᠤᠤ ᠴᠢᠶᠣᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡᠯᠡᠬᠦ ᠬᠥᠮᠥᠷᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠲᠠᠷᠢᠶᠠᠯᠠᠩ ᠳᠤ ᠬᠤᠯᠪᠣᠭᠳᠠᠬᠤ ᠳᠠᠭᠠᠳᠬᠠᠯ ᠤᠨ ᠺᠣᠮᠫᠠᠨᠢ ᠲᠠᠢ ᠬᠠᠷᠢᠯᠴᠠᠨ᠎ᠠ᠃      ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ ᠪᠦᠲᠦᠮᠵᠢᠲᠡᠶ ᠵᠣᠯᠭᠠᠭᠤᠯᠵᠤ᠂ ᠥᠨᠳᠥᠷ ᠪᠦᠲᠦᠮᠵᠢᠲᠡᠶ ᠠᠵᠢᠯᠯᠠᠭᠤᠯᠬᠤ ᠶᠢ ᠪᠠᠲᠤᠯᠠᠬᠤ ᠶᠢᠨ ᠲᠥᠯᠥᠭᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ AB ᠠᠵᠢᠯ ᠤᠨ ᠪᠠᠶᠢᠷᠢ ᠶᠢᠨ ᠠᠵᠢᠯᠯᠠᠬᠤ ᠲᠦᠷᠢᠮ ᠢ ᠬᠡᠷᠡᠭᠵᠢᠭᠦᠯᠵᠦ᠂ ᠯᠢ ᠯᠦᠩ᠂ ᠸᠠᠩ ᠵᠢᠶ ᠮᠢᠨ ᠬᠠᠷᠢᠯᠴᠠᠨ AB ᠠᠵᠢᠯ ᠤᠨ ᠪᠠᠶᠢᠷᠢ ᠪᠣᠯᠤᠨ᠎ᠠ᠃      ᠬᠤᠪᠢ ᠬᠦᠮᠦᠨ ᠤ ᠨᠠᠮᠲᠠᠷ      ᠸᠠᠩ ᠵᠢᠶ ᠮᠢᠨ᠂ ᠡᠷᠡᠭᠲᠡᠶ᠂ ᠬᠢᠲᠠᠳ ᠦᠨᠳᠦᠰᠦᠲᠡᠨ᠂ 1971 ᠣᠨ ᠳᠤ ᠳᠦᠷᠦᠵᠡᠶ᠂ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠱᠤᠸᠠᠩ ᠮᠢᠶᠣᠣ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠲᠠᠢ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ