ᠸᠠᠩ ᠺᠠᠶ ᠵᠢᠶᠦ᠋ᠨ
ᠨᠡᠶᠢᠲᠡᠯᠡᠭᠰᠡᠨ ᠴᠠᠭ᠄
2024/12/26
王开俊.jpg
       ᠬᠤᠪᠢᠳᠠᠨ ᠬᠠᠮᠢᠶᠠᠷᠴᠤ ᠪᠠᠶᠢᠭ᠎ᠠ ᠠᠵᠢᠯ᠄      ᠬᠠᠨ ᡁᠢ ᠶᠧ ᠨᠥᠬᠦᠷ ᠢ ᠬᠠᠪᠰᠤᠷᠤᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠪᠥᠬᠦ ᠲᠠᠯ᠎ᠠ ᠶᠢᠨ ᠠᠵᠢᠯ ᠢ ᠡᠷᠭᠢᠯᠡᠵᠦ ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠶᠢᠨ ᠨᠠᠶᠢᠳᠠᠯᠭ᠎ᠠ ᠪᠠᠷ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠬᠠᠤᠯᠢ ᠪᠠᠷ ᠬᠤᠰᠢᠭᠤ ᠶᠢ ᠵᠠᠰᠠᠬᠤ᠂ ᠲᠠᠷᠢᠶᠠᠯᠠᠩ ᠬᠥᠳᠡᠭᠡ ᠲᠣᠰᠬᠤᠨ᠂ ᠣᠯᠠᠨ ᠲᠦᠮᠡᠨ ᠤ ᠪᠦᠯᠬᠦᠮ᠂ ᠰᠤᠷᠭᠠᠨ ᠬᠥᠮᠦᠵᠢᠯ᠂ ᠴᠡᠷᠢᠭ ᠠᠴᠠ ᠬᠠᠯᠠᠭᠳᠠᠭᠰᠠᠳ ᠵᠡᠷᠭᠡ ᠠᠵᠢᠯ ᠢ ᠬᠠᠷᠢᠭᠤᠴᠠᠨ᠎ᠠ︔ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠢ ᠬᠤᠪᠢᠳᠠᠨ ᠬᠠᠮᠢᠶᠠᠷᠤᠨ᠎ᠠ︔ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠲᠠᠢ ᠬᠠᠷᠢᠯᠴᠠᠨ᠎ᠠ᠃      ᠬᠤᠪᠢ ᠬᠦᠮᠦᠨ ᠤ ᠨᠠᠮᠲᠠᠷ      ᠸᠠᠩ ᠺᠠᠶ ᠵᠢᠶᠦ᠋ᠨ᠂ ᠡᠷᠡᠭᠲᠡᠶ᠂ ᠬᠢᠲᠠᠳ ᠦᠨᠳᠦᠰᠦᠲᠡᠨ᠂ 1971 ᠣᠨ ᠤ 7 ᠰᠠᠷ᠎ᠠ ᠳᠤ ᠳᠦᠷᠦᠵᠡᠶ᠂ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠬᠠᠩᠭᠢᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃
ᠢᠷᠡᠯᠲᠡ᠄ ᠲᠤᠰ ᠰᠦᠯᠵᠢᠶ᠎ᠡ