ᠬᠠᠩᠭᠢᠨ ᠬᠤᠶᠢᠲᠤ ᠬᠤᠰᠢᠭᠤ ᠥᠨᠢ ᠤᠳᠠᠭᠠᠨ ᠲᠡᠦᠬᠡ ᠲᠠᠢ᠃ ᠬᠡᠳᠦᠨ ᠮᠢᠩᠭᠠᠨ ᠵᠢᠯ ᠤᠨ ᠤᠯᠠᠷᠢᠯ ᠬᠤᠪᠢᠷᠠᠯ ᠤᠨ ᠬᠤᠪᠢᠰᠤᠯᠲᠠ ᠨᠢ ᠡᠨᠡᠬᠦ ᠬᠠᠯᠠᠭᠤᠨ | ᠬᠥᠷᠥᠰᠥᠨ ᠳᠤ ᠭᠡᠷᠡᠯ ᠰᠠᠴᠤᠷᠠᠩᠭᠤᠢ ᠨᠡᠭᠦᠳᠡᠯ ᠰᠣᠶᠣᠯ ᠪᠣᠯᠤᠨ ᠲᠠᠷᠢᠶᠠᠯᠠᠬᠤ ᠰᠣᠶᠣᠯ ᠤᠨ ᠬᠢᠯᠠᠰ ᠴᠡᠭ ᠢ ᠬᠤᠷᠠᠮᠳᠤᠭᠤᠯᠵᠤ᠂ ᠮᠠᠰᠢ ᠤᠯᠠᠨ ᠦᠯᠢᠭᠡᠷ ᠭᠠᠷᠴᠤ᠂ | ᠦᠶ᠎ᠡ ᠦᠶ᠎ᠡ ᠶᠢᠨ ᠪᠣᠷᠣᠲᠣᠬᠤᠢ ᠶᠢᠨ ᠬᠥᠮᠦᠰ ᠤᠨ ᠭᠡᠷᠡᠯ ᠰᠠᠴᠤᠷᠠᠩᠭᠤᠢ ᠲᠦᠷᠢ ᠲᠥᠷᠬᠦ ᠶᠢ ᠱᠤᠭᠤᠵᠤ᠂ ᠨᠢᠭᠡ ᠭᠠᠵᠠᠷ ᠣᠷᠣᠨ ᠤ ᠰᠣᠶᠣᠯ ᠢᠷᠭᠡᠨᠰᠢᠯ ᠤᠨ | ᠠᠬᠢᠴᠠ ᠶᠢ ᠠᠬᠢᠭᠤᠯᠵᠠᠢ᠃ | ᠡᠷᠲᠡᠨ ᠤ ᠪᠠᠯᠭᠠᠰᠤ ᠶᠢᠨ ᠱᠠᠨᠪᠠ ᠶᠢᠨ ᠭᠦᠨ ᠵᠤᠵᠠᠭᠠᠨ ᠰᠣᠶᠣᠯ ᠤᠨ ᠠᠭᠤᠯᠬᠤᠨ ᠢ ᠤᠯᠠᠮ ᠨᠢᠭᠡ ᠠᠯᠬᠤᠮ ᠠᠭᠤᠳᠠᠯᠵᠤ᠂ ︽ᠨᠤᠲᠤᠭ ᠤᠨ ᠳᠤᠷᠠᠰᠤᠮᠵᠢ · | ᠱᠠᠮᠪᠠ ᠶᠢᠨ ᠦᠨᠦᠷ ᠠᠮᠲᠠ︾ ᠰᠣᠶᠣᠯ ᠤᠨ ᠨᠠᠷᠠᠲᠤ ᠲᠡᠮᠳᠡᠭ ᠢ ᠡᠭᠦᠳᠬᠦ ᠶᠢᠨ ᠲᠥᠯᠥᠭᠡ᠂ ᠪᠢᠳᠡ ᠲᠡᠦᠬᠡ ᠰᠤᠶᠤᠯ ᠤᠨ ᠶᠢᠨ ᠲᠤᠰᠬᠠᠶ ᠮᠡᠷᠭᠡᠵᠢᠯᠲᠡᠨ ᠬᠤᠸᠠᠩ ᠵᠢᠢ | ᠯᠦ ᠠᠪᠤᠭᠠᠶ ᠶᠢᠨ ︽ᠬᠠᠩᠭᠢᠨ ᠬᠤᠶᠢᠲᠤ ᠬᠤᠰᠢᠭᠤᠨ ᠤ ᠴᠦᠨ ᠴᠢᠦ︾ ᠭᠡᠬᠦ ᠵᠣᠬᠢᠶᠠᠯ ᠠᠴᠠ ᠬᠠᠩᠭᠢᠨ ᠬᠤᠶᠢᠲᠤ ᠬᠤᠰᠢᠭᠤᠨ ᠤ ᠡᠯ᠎ᠡ ᠲᠡᠦᠬᠡᠨ ᠴᠠᠭ ᠦᠶ᠎ᠡ ᠶᠢᠨ | ᠬᠥᠳᠡᠯᠦᠯ ᠪᠠᠶᠢᠳᠠᠯ ᠪᠠ ᠢ ᠡᠮᠬᠢᠳᠬᠡᠨ ᠲᠡᠮᠳᠡᠭᠯᠡᠵᠦ᠂ ᠬᠠᠩᠭᠢᠨ ᠬᠤᠶᠢᠲᠤ ᠬᠤᠰᠢᠭᠤᠨ ᠤ ᠲᠡᠦᠬᠡ ᠰᠣᠶᠣᠯ ᠢᠷᠭᠡᠨᠰᠢᠯ ᠤᠨ ᠡᠬᠢ ᠰᠤᠷᠪᠤᠯᠵᠢ ᠶᠢ ᠣᠯᠠᠨ ᠲᠠᠢ | ᠬᠤᠪᠢᠶᠠᠯᠴᠠᠵᠤ᠂ ᠲᠡᠦᠬᠡ ᠪᠠᠨ ᠳᠠᠬᠢᠨ ᠡᠷᠭᠢᠴᠡᠭᠦᠯᠵᠦ᠂ ᠰᠣᠩᠭᠤᠳᠠᠭ ᠰᠣᠶᠣᠯ ᠳᠤ ᠲᠡᠰᠪᠦᠷᠢ ᠬᠠᠲᠠᠭᠤᠵᠢᠯᠲᠠᠶ ᠲᠡᠮᠡᠴᠡᠵᠦ᠂ ᠡᠷᠡᠯᠬᠡᠭᠯᠡᠨ ᠤᠷᠤᠭᠰᠢᠯᠠᠬᠤ | ᠦᠨᠳᠦᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠩᠭᠢᠨ ᠬᠤᠶᠢᠲᠤ ᠬᠤᠰᠢᠭᠤᠨ ᠤ ᠠᠵᠤ ᠠᠬᠤᠶ ᠨᠡᠶᠢᠭᠡᠮ ᠤᠨ ᠲᠦᠷᠭᠡᠨ ᠬᠥᠭᠵᠢᠯᠲᠡ ᠶᠢ ᠪᠡᠶᠡᠯᠡᠭᠦᠯᠵᠦ᠂ | ︽ᠪᠣᠬᠢᠷᠲᠤᠯ ᠥᠬᠡᠶ ᠬᠥᠭᠵᠢᠨ ᠮᠠᠨᠳᠤᠬᠤ᠂ ᠵᠢᠶᠠᠩᠨᠠᠨ ᠢ ᠲᠤᠭᠤᠯᠬᠤ︾ ᠠᠤᠭ᠎ᠠ ᠬᠠᠷᠠᠯᠲᠠ ᠶᠢ ᠪᠡᠶᠡᠯᠡᠭᠦᠯᠬᠦ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ | | | | ᠪᠠᠶᠢᠯᠳᠤᠭᠠᠨᠳᠤ ᠤᠯᠤᠰ ᠤᠨ ᠤᠷᠢᠳᠠ ᠴᠢᠨ ᠤᠯᠤᠰ ᠤᠮᠠᠷᠠᠳᠤ ᠤᠷᠤᠨ ᠤ ᠨᠡᠬᠦᠳᠡᠯᠴᠢᠨ ᠦᠨᠳᠦᠰᠦᠳᠡᠨ ᠳᠤ ᠤᠯᠠᠨ ᠤᠳᠠᠭ᠎ᠠ ᠡᠵᠡᠯᠡᠭᠳᠡᠪᠡ | | | | ᠡᠷᠲᠡ ᠤᠷᠢᠳᠤ ᠶᠢᠨ ᠦᠶ᠎ᠡ ᠳᠤ᠂ ᠪᠠᠶᠠᠨᠨᠠᠭᠤᠷ ᠬᠤᠲᠠ ᠶᠢᠨ ᠶᠡᠬᠡᠩᠬᠡᠢ ᠬᠡᠰᠡᠭ ᠭᠠᠵᠠᠷ ᠨᠢ ᠨᠠᠭᠤᠷ ᠭᠤᠣᠯ ᠢᠶᠠᠷ ᠭᠤᠣᠯᠯᠠᠵᠤ ᠪᠠᠶᠢᠪᠠ᠃ ︽ᠰᠤᠳᠤᠷ | ᠲᠡᠮᠳᠡᠭᠯᠡᠯ · ᠲᠠᠪᠤᠨ ᠬᠠᠭᠠᠨ ᠤ ᠰᠤᠳᠤᠷ ᠲᠡᠮᠳᠡᠭᠯᠡᠯ ᠳᠤ᠄ ︽ᠢᠦᠢ ᠫᠢᠩ ᠤᠰᠤ ᠬᠥᠷᠥᠰᠥ ᠱᠢᠷᠣᠢ ᠶᠢ ᠵᠠᠰᠠᠵᠤ ᠵᠢᠦ ᠵᠧᠦ︾ ᠵᠢᠦ ᠵᠧᠦ ᠪᠣᠯ ᠵᠠᠢ᠂ ᠶᠠᠨ᠂ ᠴᠢᠩ᠂ | ᠰᠢᠦᠢ᠂ ᠶᠠᠩ᠂ ᠵᠢᠩ᠂ ᠢᠦᠢ᠂ ᠯᠢᠶᠠᠩ᠂ ᠶᠦᠩ ᠵᠡᠷᠭᠡ ᠭᠠᠵᠠᠷ ᠪᠣᠯᠣᠨ᠎ᠠ᠃ ᠪᠠᠶᠠᠨᠨᠠᠭᠤᠷ ᠠᠶᠢᠮᠠᠭ ᠤᠨ ᠬᠢᠯᠢ ᠵᠠᠭᠠᠭ ᠨᠢ ᠶᠦᠩ ᠵᠢᠦ ᠶᠢᠨ ᠬᠢᠯᠢ ᠳᠣᠲᠣᠷ᠎ᠠ | ᠪᠠᠶᠢᠳᠠᠭ᠃ ︽ᠨᠡᠪᠲᠡᠷᠬᠡᠢ ᠲᠣᠯᠢ︾ ᠶᠢᠨ ᠬᠠᠨ ᠦ᠋ ᠳ᠋ᠢ ᠱᠦᠸᠧ ᠹᠠᠩ ᠵᠢᠶᠦ᠋ᠨ ︵ᠥᠨᠥ ᠶᠢᠨ ᠪᠠᠶᠠᠨᠨᠠᠭᠤᠷ ᠣᠷᠣᠨ ᠪᠠ ᠣᠷᠳᠣᠰ ᠭᠠᠵᠠᠷ ᠣᠷᠣᠨ︶ ᠳᠤ ᠰᠤᠪᠠᠭ | ᠨᠡᠩᠵᠢᠬᠦ ᠰᠢᠶᠠᠨ ᠪᠠᠶᠢᠭᠤᠯᠪᠠ᠃ ᠬᠠᠩᠭᠢᠨ ᠬᠤᠶᠢᠲᠤ ᠬᠤᠰᠢᠭᠤᠨ ᠤ ᠬᠤᠶᠢᠲᠤ ᠤᠷᠤᠨ ᠶᠠᠭ ᠰᠤᠪᠳᠠᠭ ᠤᠨ ᠰᠢᠶᠠᠨ ᠤ ᠬᠢᠯᠢ ᠳᠤᠲᠤᠷ᠎ᠠ ᠪᠠᠶᠢᠷᠢᠯᠠᠵᠤ᠂ ᠲᠤᠬᠠᠶ ᠶᠢᠨ | ᠦᠶ᠎ᠡ ᠳᠤ ᠂ ᠬᠠᠩᠭᠢᠨ ᠬᠤᠶᠢᠲᠤ ᠬᠤᠰᠢᠭᠤ ᠪᠣᠯ ᠮᠠᠨ ᠤ ᠤᠯᠤᠰ ᠤᠨ ᠤᠮᠠᠷᠠᠲᠤ ᠣᠷᠣᠨ ᠤ ᠨᠡᠭᠦᠳᠡᠯᠴᠢᠨ ᠦᠨᠳᠦᠰᠦᠲᠡᠨ ᠤ ᠨᠤᠲᠤᠭ ᠪᠤᠯᠤᠨ᠎ᠠ᠃ | ᠣᠨ ᠲᠣᠭᠠᠯᠠᠯ ᠠᠴᠠ ᠡᠮᠦᠨ᠎ᠡ 475 ᠣᠨ ᠠᠴᠠ ᠬᠤᠶᠢᠰᠢ ᠪᠠᠶᠢᠯᠳᠤᠭᠰᠠᠨ ᠪᠠᠶᠢᠯᠳᠤᠭᠠᠨᠲᠤ ᠤᠯᠤᠰ ᠤᠨ ᠦᠶ᠎ᠡ ᠶᠢᠨ ᠬᠤᠭᠤᠴᠠᠭᠠᠨ ᠳᠤ᠂ ᠬᠠᠩᠭᠢᠨ | ᠬᠤᠶᠢᠲᠤ ᠬᠤᠰᠢᠭᠤᠨ ᠤ ᠬᠤᠶᠢᠲᠤ ᠬᠡᠰᠡᠭ ᠪᠣᠯ ᠨᠡᠭᠦᠳᠡᠯᠴᠢᠨ ᠠᠶᠢᠮᠠᠭ ᠤᠨ ᠯᠢᠨᠾᠦ ᠶᠢᠨ ᠨᠤᠲᠤᠭ ᠶᠤᠮ᠃ ᠯᠢᠨ ᠬᠤ᠋ ᠶᠢᠨ ᠵᠡᠭᠦᠨ ᠡᠮᠦᠨ᠎ᠡ ᠪᠣᠯ ᠪᠠᠰᠠ ᠨᠢᠭᠡᠨ | ᠨᠡᠭᠦᠳᠡᠯ ᠮᠠᠯᠵᠢᠯ ᠤᠨ ᠠᠶᠢᠮᠠᠭ ᠪᠣᠯᠤᠨ᠎ᠠ᠂ ᠡᠮᠦᠨ᠎ᠡ ᠬᠡᠰᠡᠭ ᠨᠢ ᠪᠠᠶᠢᠯᠳᠤᠭᠠᠨᠳᠤ ᠤᠯᠤᠰ ᠤᠨ ᠦᠶ᠎ᠡ ᠶᠢᠨ ︽ᠲᠤᠯᠤᠭᠠᠨ ᠬᠦᠴᠦᠷᠬᠡᠭ︾ ᠤᠨ ᠨᠢᠭᠡ ᠪᠣᠯᠬᠤ ᠵᠤᠤ | ᠭᠦᠸᠧ ᠪᠣᠯᠤᠨ᠎ᠠ᠃ ᠨᠡᠶᠢᠳᠡ ᠶᠢᠨ ᠤᠨ ᠲᠤᠭᠠᠯᠠᠯ ᠠᠴᠠ ᠡᠮᠦᠨ᠎ᠡ 300 ᠤᠨ ᠳᠤ᠂ ᠵᠤᠤ ᠤᠯᠤᠰ ᠯᠢᠨ ᠬᠤ᠋ ᠪᠤᠯᠤᠨ ᠯᠸᠤ ᠹᠠᠨ ᠢ ᠢᠯᠠᠵᠦ᠂ ᠤᠮᠠᠷᠠᠰᠢ ᠬᠢᠯᠢ | ᠬᠢᠵᠠᠭᠠᠷ ᠤᠷᠤᠨ ᠢᠶᠠᠨ ᠦᠷᠬᠡᠳᠬᠡᠵᠦ᠂ ᠮᠤᠨᠢ ᠠᠭᠤᠯᠠ ᠬᠦᠷᠳᠡᠯ᠎ᠡ ᠪᠠᠶᠠᠨᠨᠠᠭᠤᠷ ᠤᠨ ᠭᠠᠵᠠᠷ ᠤᠷᠤᠨ ᠳᠤ ᠵᠢᠦ ᠶᠤᠸᠠᠨ ᠵᠢᠶᠦ᠋ᠨ ᠢ ᠪᠠᠶᠢᠭᠤᠯᠪᠠ᠃ ᠬᠠᠩᠭᠢᠨ | ᠬᠤᠶᠢᠲᠤ ᠬᠤᠰᠢᠭᠤ ᠶᠢᠨ ᠬᠤᠶᠢᠲᠤ ᠬᠡᠰᠡᠭ ᠲᠤ ᠲᠤᠬᠠᠢ ᠶᠢᠨ ᠦᠶ᠎ᠡ ᠳᠤ ᠵᠢᠥ ᠶᠤᠸᠠᠨ ᠵᠢᠶᠦ᠋ᠨ ᠤ ᠪᠠᠷᠠᠭᠤᠨ ᠬᠡᠰᠡᠭ ᠤᠨ ᠬᠠᠷᠢᠶ᠎ᠠ ᠭᠠᠵᠠᠷ ᠪᠠᠶᠢᠵᠠᠢ᠃ | ᠨᠡᠶᠢᠳᠡ ᠶᠢᠨ ᠤᠨ ᠲᠤᠭᠠᠯᠠᠯ ᠠᠴᠠ ᠡᠮᠦᠨ᠎ᠡ 221 ᠤᠨ ᠳᠤ᠂ ᠴᠢᠨ ᠱᠢ ᠬᠤᠸᠠᠩ ᠲᠤᠮᠳᠠᠳᠤ ᠤᠯᠤᠰ ᠢ ᠨᠢᠭᠡᠳᠬᠡᠭᠰᠡᠨ ᠤ ᠲᠠᠷᠠᠭ᠎ᠠ᠂ ᠪᠦᠬᠦ ᠤᠯᠤᠰ ᠲᠤ | ᠭᠤᠴᠢᠨ ᠵᠢᠷᠭᠤᠭᠠᠨ ᠵᠢᠶᠦ᠋ᠨ ᠢ ᠪᠠᠶᠢᠭᠤᠯᠵᠤ᠂ ᠵᠢᠦ ᠶᠤᠸᠠᠨ ᠵᠢᠶᠦ᠋ᠨ ᠪᠤᠯ ᠲᠠᠷᠤᠢ ᠲᠡᠬᠦᠨ ᠤ ᠲᠤᠳᠤᠷᠠᠬᠢ ᠨᠢᠬᠡ ᠪᠤᠯᠤᠨ᠎ᠠ᠃ ᠬᠠᠩᠭᠢᠨ ᠬᠤᠶᠢᠲᠤ ᠬᠤᠰᠢᠭᠤᠨ ᠤ | ᠬᠤᠶᠢᠲᠤ ᠬᠡᠰᠡᠭ ᠤᠨ ᠭᠠᠵᠠᠷ ᠣᠷᠣᠨ ᠨᠢ ᠮᠥᠨ ᠯᠡ ᠵᠢᠥ ᠶᠤᠸᠠᠨ ᠵᠢᠶᠦ᠋ᠨ ᠤ ᠪᠠᠷᠠᠭᠤᠨ ᠬᠡᠰᠡᠭ ᠤᠨ ᠬᠠᠷᠢᠶ᠎ᠠ ᠭᠠᠵᠠᠷ ᠲᠤ ᠬᠠᠷᠢᠶᠠᠯᠠᠭᠳᠠᠳᠠᠭ᠃ ᠡᠭᠦᠨ ᠤ ᠳᠠᠷᠠᠭ᠎ᠠ | ᠴᠢᠨ ᠱᠢ ᠬᠤᠸᠠᠩ ᠮᠧᠩ ᠲᠢᠶᠠᠨ ᠢᠶᠠᠷ 30 ᠲᠦᠮᠡᠨ ᠴᠡᠷᠢᠭ ᠳᠠᠭᠠᠭᠤᠯᠤᠨ ᠤᠮᠠᠷᠠᠰᠢ ᠪᠠᠷᠠᠭᠠᠯᠠᠭᠤᠯᠵᠤ᠂ ︽ᠡᠾᠦ᠋ᠢᠨᠠᠨ ᠤ ᠭᠠᠵᠠᠷ ᠢ ᠭᠤᠤᠯ ᠤᠨ ᠡᠮᠦᠨ᠎ᠡ ᠭᠠᠵᠠᠷ | ᠭᠡᠵᠦ ᠨᠡᠷᠡᠶᠢᠳᠪᠡ︾ ︵ᠲᠤᠬᠠᠶ ᠶᠢᠨ ᠦᠶ᠎ᠡ ᠳᠤ ᠪᠣᠷᠣᠲᠣᠬᠤᠶ ᠶᠢᠨ ᠭᠠᠵᠠᠷ ᠢ ᠬᠤᠨᠠᠨ ᠭᠠᠵᠠᠷ ᠭᠡᠵᠦ ᠨᠡᠷᠡᠶᠢᠳᠪᠡ︶᠃ ᠨᠡᠭᠦᠳᠡᠯ ᠠᠷᠠᠳ ᠤᠨ ᠬᠢᠯᠢ ᠬᠢᠵᠠᠭᠠᠷ ᠢ | ᠪᠠᠲᠤᠳᠬᠠᠬᠤ᠂ ᠲᠠᠷᠢᠶᠠᠯᠠᠩ ᠢ ᠨᠡᠭᠡᠭᠡᠨ ᠬᠥᠭᠵᠢᠭᠦᠯᠬᠦ᠂ ᠪᠣᠷᠣᠳᠣᠬᠤᠢ ᠶᠢᠨ ᠭᠠᠵᠠᠷ ᠣᠷᠣᠨ ᠤ ᠬᠥᠳᠡᠭᠡ ᠠᠵᠤ ᠠᠬᠤᠢ ᠬᠥᠭᠵᠢᠨ ᠪᠠᠳᠠᠷᠠᠵᠤ᠂ ᠠᠵᠤ ᠠᠬᠤᠢ | ᠬᠥᠭᠵᠢᠭᠰᠡᠨ ᠪᠣᠯ ︽ᠰᠢᠨ᠎ᠡ ᠴᠢᠨ ᠤ ᠳᠤᠮᠳᠠᠳᠤ ᠣᠷᠣᠨ︾ ᠭᠡᠳᠡᠭ᠂ ᠡᠨᠡ ᠨᠢ ᠪᠣᠷᠣᠳᠣᠬᠤᠢ ᠣᠷᠣᠨ ᠨᠢ ᠴᠢᠨ ᠤᠯᠤᠰ ᠤᠷᠳᠤ ᠬᠤᠭᠤᠴᠠᠭ᠎ᠠ ᠪᠠᠷ ᠰᠠᠭᠤᠷᠢᠰᠢᠵᠤ | ᠪᠠᠶᠢᠭᠰᠠᠨ ᠬᠥᠳᠡᠭᠡ ᠠᠵᠤ ᠠᠬᠤᠢ ᠬᠥᠭᠵᠢᠭᠰᠡᠨ ᠭᠤᠣᠯᠯᠠᠬᠤ ᠭᠠᠵᠠᠷ ᠣᠷᠣᠨ ᠪᠠᠶᠢᠵᠠᠢ᠃ | ᠴᠢᠨ ᠤᠯᠤᠰ ᠤᠨ II ᠳ᠋ᠤᠭᠠᠷ ᠵᠠᠭᠤᠨ ᠤ ᠳᠠᠷᠠᠭ᠎ᠠ᠂ ᠪᠣᠭᠤᠮᠲᠠ ᠶᠢᠨ ᠭᠠᠳᠠᠨᠠᠬᠢ ᠡᠯ᠎ᠡ ᠵᠢᠶᠦ᠋ᠨ ᠳᠤ ᠰᠢᠨ᠎ᠡ ᠴᠢᠨ ᠤ ᠳᠤᠮᠳᠠ ᠣᠷᠣᠨ ᠴᠥᠮ ᠬᠥᠭᠵᠢᠨ | ᠮᠠᠨᠳᠤᠵᠤ ᠪᠠᠶᠢᠭ᠎ᠠ ᠾᠦᠩᠨᠦ ᠶᠢᠨ ᠮᠣᠳᠣᠨ ᠴᠠᠨ ᠽᠢ ᠳᠤ ᠳᠠᠬᠢᠨ ᠡᠭᠦᠷᠯᠡᠭᠳᠡᠪᠡ᠃ ᠨᠢᠭᠡᠨᠲᠡ ᠨᠡᠭᠡᠭᠡᠨ ᠬᠥᠭᠵᠢᠭᠦᠯᠦᠭᠰᠡᠨ ᠪᠣᠷᠣᠲᠣᠬᠤᠶ ᠶᠢᠨ ᠭᠠᠵᠠᠷ ᠰᠢᠷᠣᠶ ᠨᠢ | ᠲᠠᠷᠢᠶᠠᠯᠠᠬᠤ ᠪᠠᠨ ᠵᠣᠭᠰᠣᠵᠤ᠂ ᠲᠠᠷᠢᠶ᠎ᠠ ᠦᠭᠡᠢ ᠳᠠᠵᠢᠷ ᠬᠥᠳᠡᠭᠡ ᠪᠤᠯᠵᠤ᠂ ᠾᠦᠩᠨᠦ ᠶᠢᠨ ᠮᠠᠯᠵᠢᠯ ᠤᠨ ᠲᠠᠯᠠᠪᠠᠢ ᠪᠣᠯᠬᠤ ᠦᠶ᠎ᠡ ᠳᠤ᠂ ᠬᠠᠩᠭᠢᠨ ᠬᠤᠶᠢᠲᠤ | ᠬᠤᠰᠢᠭᠤ ᠪᠣᠯ ᠾᠦᠩᠨᠤ ᠶᠢᠨ ᠪᠠᠷᠠᠭᠤᠨ ᠮᠡᠷᠭᠡᠨ ᠸᠠᠩ ᠤᠨ ᠬᠠᠷᠢᠶᠠᠲᠤ ᠭᠠᠵᠠᠷ ᠪᠣᠯᠤᠨ᠎ᠠ᠃ | |