ᠬᠠᠨ ᡁᠢ ᠶᠧ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/12/30
      12 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠨ ᡁᠢ ᠶᠧ ᠨᠡᠷᠡᠨ ᠰᠦᠮ᠎ᠡ ᠶᠢᠨ ᠲᠠᠷᠢᠶᠠᠯᠠᠩ ᠤᠨ ᠲᠠᠯᠠᠪᠠᠶ ᠪᠠ ᠱᠤᠸᠠᠩ ᠮᠢᠶᠣᠣ ᠪᠠᠯᠭᠠᠰᠤᠨ ᠳᠤ ᠭᠦᠨᠵᠡᠭᠡᠶᠢᠷᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠪᠠ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃
1.png
      ᠪᠠᠶᠠᠨᠨᠠᠭᠤᠷ ᠬᠤᠲᠠ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠤᠭᠴᠠᠵᠢᠭᠤᠯᠬᠤ ᠢᠨᠵᠧᠨᠧᠷᠢᠩ ᠤᠨ ᠬᠠᠩᠭᠢᠨ ᠬᠤᠶᠢᠲᠤ ᠬᠤᠰᠢᠭᠤᠨ ᠤ 30 ᠲᠦᠮᠡᠨ ᠺᠢᠯᠣᠸᠠᠲ ᠤᠨ ᠬᠡᠷᠡᠯ ᠴᠡᠨᠡᠭ ᠤᠨ ᠲᠥᠷᠥᠯ ᠵᠦᠢᠯ ᠤᠨ ᠲᠣᠭᠤᠷᠢᠭ ᠲᠤ᠂ ᠬᠠᠨ ᡁᠢ ᠶᠧ ᠲᠤᠬᠠᠶ ᠶᠢᠨ ᠲᠠᠯᠠᠪᠠᠶ ᠶᠢ ᠦᠵᠡᠵᠦ᠂ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠷᠥᠯ ᠵᠦᠢᠯ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ᠂ ᠪᠥᠲᠥᠭᠡᠨ ᠪᠠᠶᠢᠭᠤᠯᠤᠯᠲᠠ ᠶᠢᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠬᠠᠨ ᡁᠢ ᠶᠧ ᠵᠢᠭᠠᠵᠤ ᠭᠠᠷᠭᠠᠭᠰᠠᠨ ᠨᠢ᠂ ᠲᠦᠷᠦ ᠶᠢᠨ ᠪᠤᠳᠤᠯᠭ᠎ᠠ ᠶᠢᠨ ᠪᠠᠶᠢᠳᠠᠯ ᠢ ᠨᠢᠭᠲᠠ ᠠᠩᠬᠠᠷᠴᠤ᠂ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠣᠨᠣᠪᠴᠢᠲᠠᠢ ᠡᠵᠡᠮᠳᠡᠵᠦ᠂ ᠰᠦᠯᠵᠢᠶᠡᠨ ᠳᠤ ᠣᠷᠣᠬᠤ ᠭᠦᠢᠴᠡᠳᠬᠡᠯ ᠲᠤᠭ᠎ᠠ ᠶᠢ ᠰᠠᠶᠢᠲᠤᠷ ᠠᠰᠢᠭᠯᠠᠵᠤ᠂ ᠲᠦᠷᠦᠯ ᠵᠦᠢᠯ ᠤᠨ ᠲᠣᠭᠤᠷᠢᠭ ᠤᠨ ᠬᠡᠪᠴᠢᠶ᠎ᠡ ᠶᠢ ᠵᠣᠬᠢᠰᠲᠠᠢ ᠥᠷᠭᠡᠳᠬᠡᠵᠦ᠂ ᠬᠠᠪᠲᠠᠰᠤᠨ ᠳᠡᠭᠡᠷ᠎ᠡ ᠨᠣᠭᠤᠭᠠᠨ ᠴᠠᠬᠢᠯᠭᠠᠨ ᠤᠷᠭᠤᠬᠤ᠂ ᠬᠠᠪᠲᠠᠰᠤᠨ ᠳᠡᠭᠡᠷ᠎ᠡ ᠨᠣᠭᠤᠭᠠᠨ ᠡᠪᠡᠰᠦ ᠤᠷᠭᠤᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠪᠠᠷᠢᠯᠭ᠎ᠠ ᠶᠢᠨ ᠶᠠᠰᠤ ᠴᠢᠨᠠᠷ ᠢ ᠥᠨᠳᠥᠷ ᠪᠠᠷᠢᠮᠵᠢᠶ᠎ᠠ ᠪᠠᠷ᠂ ᠴᠢᠩᠭ᠎ᠠ ᠱᠠᠭᠠᠷᠳᠠᠯᠭ᠎ᠠ ᠪᠠᠷ ᠡᠵᠡᠮᠳᠡᠵᠦ᠂ ᠲᠦᠭᠦᠬᠡᠢ ᠮᠠᠲ᠋ᠧᠷᠢᠶᠠᠯ ᠢ ᠬᠤᠳᠠᠯᠳᠤᠨ ᠠᠪᠬᠤ ᠠᠴᠠ ᠪᠠᠷᠢᠯᠭ᠎ᠠ ᠶᠢᠨ ᠤᠷ᠎ᠠ ᠮᠡᠷᠭᠡᠰᠢᠯ ᠳᠤ ᠬᠦᠷᠭᠡᠵᠦ᠂ ᠭᠤᠭᠴᠤᠭ᠎ᠠ ᠨᠢᠭᠡᠪᠦᠷᠢ ᠶᠢ ᠴᠢᠩᠭ᠎ᠠ ᠡᠵᠡᠮᠳᠡᠵᠦ᠂ ᠪᠠᠷᠢᠯᠭ᠎ᠠ ᠶᠢᠨ ᠶᠠᠰᠤ ᠴᠢᠨᠠᠷ ᠨᠢ ᠴᠠᠭ ᠤᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠠᠮᠤᠷ ᠲᠦᠪᠰᠢᠨ ᠤ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠡᠪᠦᠯ ᠤᠨ ᠤᠯᠠᠷᠢᠯ ᠤᠨ ᠪᠠᠷᠢᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠲᠤᠬᠠᠶ ᠶᠢᠨ ᠭᠠᠵᠠᠷ ᠤᠨ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠡᠯ᠎ᠡ ᠵᠦᠢᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃      ᠱᠤᠸᠠᠩ ᠮᠢᠶᠣᠣ ᠪᠠᠯᠭᠠᠰᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠣᠭᠤᠷᠢᠭ ᠪᠠ ᠪᠡᠯᠡᠳᠭᠡᠮᠵᠢᠳᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠲᠤ᠂ ᠬᠠᠨ ᡁᠢ ᠶᠧ ᠨᠢᠭᠡᠳᠦᠯᠲᠡᠶ ᠳᠠᠷᠢᠵᠤ ᠬᠠᠮᠲᠤ ᠪᠠᠷ ᠪᠠᠶᠠᠵᠢᠭᠤᠯᠬᠤ ᠲᠥᠷᠥᠯ ᠵᠦᠢᠯ ᠪᠠ ᠪᠡᠯᠡᠳᠭᠡᠮᠵᠢᠳᠤ ᠲᠠᠷᠢᠶᠠᠯᠠᠩ ᠤᠨ ᠲᠥᠷᠥᠯ ᠵᠦᠢᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠶ ᠣᠶᠢᠯᠠᠭᠠᠪᠠ᠃ ᠲᠡᠷᠡ᠂ ᠲᠤᠰ ᠭᠠᠵᠠᠷ ᠤᠨ ᠤᠨᠴᠠᠯᠢᠬᠳᠤ ᠳᠠᠪᠠᠭᠤᠯᠢᠭ ᠡᠬᠢ ᠪᠠᠶᠠᠯᠢᠭ ᠤᠨ ᠲᠣᠭᠤᠷᠢᠨ ᠳᠤ᠂ ᠨᠠᠮ ᠤᠨ ᠡᠭᠦᠷ ᠠᠴᠠ ᠬᠤᠷᠰᠢᠶ᠎ᠠ ᠶᠢ ᠳᠠᠭᠠᠭᠤᠯᠤᠨ ︽ᠨᠢᠭᠡᠳᠦᠯᠲᠡᠢ ᠲᠠᠷᠢᠵᠤ ᠬᠠᠮᠲᠤ ᠪᠠᠷ ᠪᠠᠶᠠᠵᠢᠬᠤ︾᠂ ︽ᠨᠢᠭᠡᠳᠦᠯᠲᠡᠢ ᠲᠡᠵᠢᠭᠡᠵᠦ ᠬᠠᠮᠲᠤ ᠪᠠᠷ ᠪᠠᠶᠠᠵᠢᠬᠤ︾ ᠵᠡᠷᠭᠡ ᠲᠦᠷᠦᠯ ᠵᠦᠢᠯ ᠢ ᠡᠷᠬᠢᠯᠡᠬᠦ ᠪᠠᠷ ᠭᠠᠷᠳᠠᠴᠠ ᠪᠣᠯᠭᠠᠵᠤ᠂ ᠵᠠᠯᠭᠠᠮᠵᠢ ᠢᠵᠢ ᠪᠦᠷᠢᠳᠦᠭᠦᠯᠬᠦ ᠠᠵᠤ ᠦᠢᠯᠡᠰ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠶᠡᠬᠡᠪᠡᠷ ᠬᠥᠭᠵᠢᠭᠦᠯᠬᠦ ᠬᠡᠷᠡᠭᠲᠡᠢ᠃ ᠠᠵᠤ ᠠᠬᠤᠶᠢᠯᠠᠯ ᠤᠨ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠳᠤᠮᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠢ ᠬᠠᠪᠰᠤᠷᠤᠨ ᠠᠵᠤ ᠦᠢᠯᠡᠰ ᠢ ᠬᠥᠭᠵᠢᠭᠦᠯᠵᠦ᠂ ᠠᠵᠢᠯ ᠣᠯᠭᠤᠯᠲᠠ ᠶᠢ ᠥᠷᠭᠡᠳᠬᠡᠵᠦ᠂ ᠦᠢᠯᠡᠰ ᠪᠤᠰᠬᠠᠬᠤ ᠶᠢ ᠳᠡᠮᠵᠢᠵᠦ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠬᠦ ᠬᠡᠷᠡᠭᠲᠡᠢ᠃ ᠪᠡᠯᠡᠳᠭᠡᠮᠵᠢᠳᠤ ᠲᠠᠷᠢᠶᠠᠯᠠᠩ ᠢᠶᠠᠷ ᠬᠦᠴᠦᠯᠡᠬᠦ ᠴᠡᠭ ᠪᠣᠯᠭᠠᠵᠤ᠂ ᠠᠵᠤ ᠦᠢᠯᠡᠰ ᠤᠨ ᠰᠠᠭᠤᠷᠢ ᠨᠥᠬᠦᠴᠡᠯ᠂ ᠦᠢᠯᠡᠳᠬᠦᠨ ᠤ ᠵᠠᠬ᠎ᠠ ᠳᠡᠯᠭᠡᠭᠦᠷ ᠤᠨ ᠬᠡᠷᠡᠭᠴᠡᠭᠡ ᠶᠢᠨ ᠲᠠᠰ ᠳᠠᠪᠬᠤᠷᠭ᠎ᠠ ᠳᠤ ᠰᠠᠭᠤᠷᠢᠯᠠᠨ᠂ ᠠᠵᠤ ᠦᠢᠯᠡᠰ ᠤᠨ ᠤᠨᠴᠠᠯᠢᠭᠳᠤ ᠳᠠᠪᠠᠭᠤᠯᠢᠭ ᠢᠶᠠᠨ ᠭᠦᠨᠵᠡᠭᠡᠶ ᠬᠢᠵᠦ᠂ ᠨᠠᠷᠢᠯᠢᠭ ᠬᠢᠵᠦ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠳᠠᠪᠠᠭᠤᠯᠢᠭ ᠪᠠ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠦᠨᠡᠨ ᠬᠦ ᠴᠢᠩᠭᠠᠳᠬᠠᠵᠤ᠂ ᠣᠲᠣ ᠦᠶ᠎ᠡ ᠶᠢᠨ ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃      ᠬᠤᠰᠢᠭᠤᠨ ᠤ ᠤᠳᠤᠷᠢᠳᠤᠯᠭ᠎ᠠ ᠬᠤᠤ ᠶᠠᠨ ᠢᠦᠶ᠂ ᠯᠢ ᠯᠦᠩ ᠣᠷᠣᠯᠴᠠᠵᠠᠶ᠃   
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ