ᠣᠶᠢᠯᠠᠭᠠᠭᠰᠠᠨ ᠢᠶᠠᠷ᠂ ᠰᠤᠷᠭᠠᠨ ᠬᠥᠮᠦᠵᠢᠯ ᠤᠨ ᠶᠠᠮᠤᠨ ᠪᠠᠭᠰᠢ ᠶᠢ ᠬᠦᠨᠳᠦᠳᠬᠡᠨ ᠪᠠᠭᠰᠢ ᠳᠤ ᠬᠠᠷᠠᠭᠠᠯᠵᠠᠯ ᠦᠵᠡᠭᠦᠯᠬᠦ ᠠᠯᠢ ᠣᠯᠠᠨ ᠠᠷᠭ᠎ᠠ ᠬᠡᠮᠵᠢᠶ᠎ᠡ | ᠨᠦᠭᠦᠳ ᠢ ᠭᠠᠷᠭᠠᠵᠤ᠂ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠪᠠᠳᠠᠷᠠᠭᠤᠯᠤᠨ ᠰᠢᠨ᠎ᠡ ᠴᠠᠭ ᠦᠶ᠎ᠡ ᠶᠢᠨ ᠥᠨᠳᠥᠷ ᠬᠡᠪ ᠪᠣᠯᠪᠠᠰᠤᠷᠠᠯ ᠲᠠᠢ | ᠲᠤᠰᠬᠠᠶᠢᠵᠢᠭᠰᠠᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ | ᠨᠡᠶᠢᠲᠡᠯᠡᠬᠦ ᠶᠢ ᠠᠬᠢᠭᠤᠯᠵᠤ᠂ ᠪᠥᠬᠦ ᠤᠯᠤᠰ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠦᠨ ᠢ ᠬᠥᠬᠢᠭᠦᠯᠦᠨ | ᠱᠠᠩᠨᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠪᠠᠶᠢᠨ᠎ᠠ᠃ ᠰᠤᠷᠭᠠᠨ ᠬᠥᠮᠦᠵᠢᠯ ᠤᠨ ᠶᠠᠮᠤᠨ ᠪᠠᠰᠠ ᠮᠡᠳᠡᠭᠳᠡᠯ ᠳᠠᠷᠤᠮᠠᠯᠯᠠᠨ ᠲᠠᠷᠬᠠᠭᠠᠵᠤ᠂ ᠡᠯ᠎ᠡ | ᠭᠠᠵᠠᠷ ᠤᠨ ᠡᠯ᠎ᠡ ᠰᠤᠷᠭᠠᠭᠤᠯᠢ ᠨᠢ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠥᠲᠥᠭᠡᠨ | ᠪᠠᠶᠢᠭᠤᠯᠬᠤ ᠶᠢᠨ ᠬᠠᠮᠤᠭ ᠤᠨ ᠴᠢᠬᠤᠯᠠ ᠰᠠᠭᠤᠷᠢ ᠠᠵᠢᠯ ᠪᠣᠯᠭᠠᠵᠤ᠂ ᠰᠤᠷᠭᠠᠨ ᠬᠥᠮᠦᠵᠢᠯᠲᠡᠨ ᠤ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠪᠠᠭᠰᠢ ᠶᠢ | ᠬᠦᠴᠦᠷᠬᠡᠭᠵᠢᠭᠦᠯᠵᠦ ᠪᠠᠭᠰᠢ ᠶᠢ ᠬᠠᠷᠠᠭᠠᠯᠵᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠰᠢᠯᠢᠳᠡᠭᠵᠢᠭᠦᠯᠬᠦ ᠬᠡᠷᠡᠭᠲᠡᠶ᠃ ︽ᠤᠯᠤᠰ ᠤᠨ | ᠰᠢᠯᠢᠳᠡᠭ ᠲᠥᠯᠥᠪᠯᠡᠭᠡ︾ ᠶᠢ ᠬᠡᠷᠡᠭᠵᠢᠭᠦᠯᠬᠦ ᠶᠢ ᠥᠷᠭᠡᠳᠬᠡᠵᠦ᠂ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠰᠤᠷᠭᠠᠨ ᠬᠥᠮᠦᠵᠢᠯ᠂ | ᠪᠠᠭᠰᠢ ᠶᠢᠨ ᠮᠡᠷᠭᠡᠵᠢᠯ ᠤᠨ ᠰᠤᠷᠭᠠᠨ ᠬᠥᠮᠥᠵᠢᠯ ᠤᠨ ᠬᠠᠮᠵᠢᠯᠴᠠᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠲᠥᠯᠥᠪᠯᠡᠭᠡ᠂ ᠪᠠᠭᠰᠢ ᠶᠢ ᠬᠦᠴᠦᠷᠬᠡᠭᠵᠢᠭᠦᠯᠬᠦ ᠲᠥᠯᠥᠪᠯᠡᠭᠡ᠂ | ᠰᠢᠯᠢᠳᠡᠭ ᠪᠠᠭᠰᠢ ᠶᠢᠨ ᠲᠥᠯᠥᠪᠯᠡᠭᠡ᠂ ᠤᠯᠤᠰ ᠠᠴᠠ ᠬᠦᠮᠦᠵᠢᠬᠦᠯᠬᠦ ᠲᠥᠯᠥᠪᠯᠡᠭᠡ᠂ ᠣᠨᠴᠠᠭᠠᠢ ᠠᠵᠢᠯ ᠤᠨ ᠪᠠᠶᠢᠷᠢ ᠶᠢᠨ ᠲᠥᠯᠥᠪᠯᠡᠭᠡ᠂ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠶᠢᠨ ᠪᠠᠭᠰᠢ ᠶᠢᠨ ᠬᠡᠪ ᠴᠢᠨᠠᠷ ᠢ ᠳᠡᠭᠡᠭᠰᠢᠯᠡᠭᠦᠯᠬᠦ ᠲᠥᠯᠥᠪᠯᠡᠭᠡ᠂ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠪᠠᠭᠰᠢ ᠶᠢᠨ ᠵᠢᠭᠠᠨ | ᠰᠤᠷᠭᠠᠯᠲᠠ ᠶᠢᠨ ᠰᠢᠨ᠎ᠡ ᠶᠢ ᠡᠭᠦᠳᠬᠦ ᠪᠦᠯᠬᠦᠮ ᠨᠡᠶᠢᠲᠡ ᠶᠢᠨ ᠪᠠᠶᠢᠭᠤᠯᠤᠯᠲᠠ᠂ ︽ᠪᠦᠯᠬᠦᠮ ᠪᠠᠶᠢᠭᠤᠯᠬᠤ ᠮᠠᠶ᠋ᠢᠭ︾ ᠤᠨ ᠰᠤᠷᠭᠠᠨ ᠬᠥᠮᠥᠵᠢᠯ ᠤᠨ | ᠴᠢᠳᠠᠪᠤᠷᠢᠲᠠᠨ ᠢᠶᠠᠷ ᠬᠠᠪᠰᠤᠷᠤᠨ ᠲᠡᠳᠬᠦᠬᠦ ᠵᠡᠷᠭᠡ ᠠᠯᠢ ᠤᠯᠠᠨ ᠴᠢᠳᠠᠪᠤᠷᠢᠲᠠᠨ ᠢᠶᠠᠷ ᠰᠤᠷᠭᠠᠨ ᠬᠥᠮᠥᠵᠢᠯ ᠢ ᠳᠡᠮᠵᠢᠬᠦ᠂ ᠤᠯᠤᠰ ᠤᠨ ᠦᠳᠡᠯᠦᠭᠡ ᠨᠠᠰᠤᠨ ᠤ ᠪᠠᠭᠰᠢ | ᠨᠠᠷ ᠤᠨ ᠠᠵᠢᠯᠯᠠᠭᠠᠨ ᠤ ᠲᠥᠯᠥᠪᠯᠡᠭᠡ ᠵᠡᠷᠭᠡ ᠠᠵᠢᠯ ᠢ ᠯᠠᠪᠳᠠᠭᠤᠨ ᠪᠠᠳᠤ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠡᠯ᠎ᠡ ᠭᠠᠵᠠᠷ ᠨᠢ ᠪᠠᠭᠰᠢ ᠶᠢᠨ | ᠣᠯᠭᠤᠮᠵᠢ ᠶᠢ ᠦᠨᠠᠨ ᠬᠦ ᠪᠠᠲᠤᠯᠠᠵᠤ᠂ ᠵᠠᠷᠤᠳᠠᠯ ᠢ ᠮᠤᠵᠢ ᠶᠢᠨ ᠱᠠᠲᠤᠨ ᠠᠴᠠ ᠨᠢᠭᠡᠳᠦᠯᠲᠡᠶ ᠲᠥᠯᠥᠪᠯᠡᠬᠦ ᠡᠷᠴᠢᠮ ᠢ ᠴᠢᠩᠭᠠᠷᠠᠭᠤᠯᠵᠤ᠂ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠪᠠᠭᠰᠢ ᠶᠢᠨ ᠳᠤᠮᠳᠠᠴᠢ ᠴᠠᠯᠢᠩ ᠤᠨ ᠣᠷᠣᠯᠭ᠎ᠠ ᠶᠢᠨ ᠲᠦᠪᠰᠢᠨ ᠢ ᠲᠤᠬᠠᠶ ᠶᠢᠨ ᠭᠠᠵᠠᠷ ᠤᠨ ᠠᠯᠪᠠᠲᠠᠨ ᠤ ᠳᠤᠮᠳᠠᠴᠢ ᠴᠠᠯᠢᠩ ᠤᠨ | ᠣᠷᠣᠯᠭ᠎ᠠ ᠶᠢᠨ ᠲᠦᠪᠰᠢᠨ ᠠᠴᠠ ᠳᠣᠤᠷ᠎ᠠ ᠦᠯᠦ ᠪᠠᠶᠢᠯᠭᠠᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠥᠳᠡᠭᠡ ᠲᠣᠰᠬᠤᠨ ᠤ ᠪᠠᠭᠰᠢ ᠶᠢᠨ ᠣᠷᠣᠨ | ᠰᠠᠭᠤᠴᠠ ᠵᠡᠷᠭᠡ ᠣᠯᠭᠤᠮᠵᠢ ᠶᠢᠨ ᠪᠠᠲᠤᠯᠠᠭ᠎ᠠ ᠶᠢ ᠴᠢᠩᠭᠠᠳᠬᠠᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ | ᠦᠨᠡᠨ ᠬᠦ ᠪᠠᠲᠤᠯᠠᠬᠤ ᠬᠡᠷᠡᠭᠲᠡᠶ᠃ ᠪᠠᠭᠰᠢ ᠶᠢᠨ ᠡᠷᠡᠭᠦᠯ ᠮᠡᠨᠳᠦ ᠶᠢ ᠬᠠᠯᠠᠮᠵᠢᠯᠠᠵᠤ᠂ ᠪᠠᠭᠰᠢ ᠶᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ ᠠᠮᠠᠷᠠᠭᠤᠯᠬᠤ | ᠬᠠᠤᠯᠢ ᠴᠠᠭᠠᠵᠠ ᠶᠢᠨ ᠲᠣᠭᠲᠠᠭᠠᠯ ᠢ ᠨᠠᠶᠢᠳᠠᠪᠤᠷᠢᠵᠢᠭᠤᠯᠵᠤ᠂ ᠪᠠᠭᠰᠢ ᠶᠢᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠪᠠᠲᠤᠯᠠᠬᠤ ᠬᠡᠷᠡᠭᠲᠡᠶ᠃ ᠪᠠᠭᠰᠢ ᠳᠤ ᠴᠤᠤᠷᠬᠠᠯ | ᠲᠠᠯᠪᠢᠬᠤ ᠪᠠ ᠪᠠᠭᠰᠢ ᠶᠢᠨ ᠨᠡᠷ᠎ᠡ ᠨᠢᠭᠤᠷ ᠢ ᠭᠤᠳᠤᠭᠠᠬᠤ ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠪᠠᠭᠰᠢ ᠶᠢᠨ ᠡᠷᠬᠡ ᠠᠰᠢᠭ ᠢ ᠬᠠᠤᠯᠢ ᠶᠣᠰᠣᠭᠠᠷ | ᠬᠠᠮᠠᠭᠠᠯᠠᠬᠤ ᠬᠡᠷᠡᠭᠲᠡᠶ᠃ ᠪᠠᠭᠰᠢ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠭᠰᠢ ᠶᠢᠨ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠯᠡᠨ ᠰᠢᠯᠢᠳᠡᠭᠵᠢᠭᠦᠯᠵᠦ᠂ ᠪᠠᠭᠰᠢ ᠶᠢᠨ ᠳᠠᠷᠤᠭᠠᠰᠤ ᠶᠢ ᠪᠦᠬᠦ ᠲᠠᠯ᠎ᠠ ᠪᠠᠷ ᠬᠥᠩᠭᠡᠷᠡᠭᠦᠯᠵᠦ᠂ ᠪᠠᠭᠰᠢ ᠶᠢᠨ ᠤᠯᠤᠰ | ᠲᠥᠷᠥ ᠶᠢᠨ ᠪᠠᠶᠢᠷᠢ ᠰᠠᠭᠤᠷᠢ᠂ ᠨᠡᠶᠢᠭᠡᠮ ᠤᠨ ᠪᠠᠶᠢᠷᠢ ᠰᠠᠭᠤᠷᠢ᠂ ᠡᠷᠬᠢᠯᠡᠭᠰᠡᠨ ᠠᠵᠢᠯ ᠤᠨ ᠪᠠᠶᠢᠷᠢ ᠰᠠᠭᠤᠷᠢ ᠶᠢ ᠳᠡᠭᠡᠭᠰᠢᠯᠡᠭᠦᠯᠵᠦ᠂ ᠨᠡᠩ ᠣᠯᠠᠨ ᠰᠢᠯᠢᠳᠡᠭ | ᠴᠢᠳᠠᠪᠤᠷᠢᠲᠠᠨ ᠢ ᠤᠷᠮᠠᠰᠢᠭᠤᠯᠤᠨ ᠲᠠᠲᠠᠵᠤ ᠲᠡᠳᠡᠨ ᠢ ᠬᠠᠯᠠᠭᠤᠨ ᠰᠡᠳᠬᠢᠯ ᠢᠶᠠᠷ ᠪᠠᠭᠰᠢᠯᠠᠭᠤᠯᠵᠤ᠂ ᠨᠠᠷᠢᠨ ᠨᠢᠮᠪᠠᠢ ᠪᠠᠭᠰᠢᠯᠠᠭᠤᠯᠵᠤ᠂ ᠤᠷᠲᠤ ᠬᠤᠭᠤᠴᠠᠭ᠎ᠠ ᠪᠠᠷ | ᠪᠠᠭᠰᠢᠯᠠᠭᠤᠯᠵᠤ᠂ ᠨᠠᠰᠤᠨ ᠲᠤᠷᠰᠢᠳᠠ ᠪᠠᠭᠰᠢᠯᠠᠭᠤᠯᠬᠤ ᠬᠡᠷᠡᠭᠲᠡᠶ ᠭᠡᠪᠡ᠃ |