ᠯᠢ ᠴᠠᠩ ᠴᠦᠨ
ᠨᠡᠶᠢᠲᠡᠯᠡᠭᠰᠡᠨ ᠴᠠᠭ᠄
2024/12/30
李长春.jpg
      ᠬᠤᠪᠢᠳᠠᠨ ᠬᠠᠮᠢᠶᠠᠷᠴᠤ ᠪᠠᠶᠢᠭ᠎ᠠ ᠠᠵᠢᠯ᠄      ᠲᠡᠷᠢᠭᠦᠯᠡᠭᠴᠢ ᠶᠢᠨ ᠠᠵᠢᠯ ᠢ ᠬᠠᠪᠰᠤᠷᠴᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠵᠤ ᠠᠬᠤᠶ ᠡᠬᠢ ᠪᠠᠶᠠᠯᠢᠭ ᠣᠷᠴᠢᠨ ᠲᠣᠭᠤᠷᠢᠨ ᠤ ᠵᠥᠪᠯᠡᠯ ᠤᠨ ᠠᠵᠢᠯ ᠢ ᠬᠤᠪᠢᠳᠠᠨ ᠬᠠᠮᠢᠶᠠᠷᠤᠨ᠎ᠠ᠃      ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠬᠡᠷ ᠪᠠᠶᠢᠰᠢᠩ ᠲᠠᠲᠠᠪᠤᠷᠢᠯᠠᠬᠤ ᠦᠢᠯᠡᠴᠢᠯᠡᠭᠡᠨ ᠤ ᠲᠥᠪ᠂ ᠬᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ᠂ ᠬᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ᠂ ᠬᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ᠂ ᠪᠣᠷᠣᠲᠣᠬᠤᠶ ᠠᠷᠢᠬᠢᠨ ᠤ ᠦᠢᠯᠡᠰ᠂ ᠵᠢᠨᠴᠧᠩ ᠤᠯᠤᠰ ᠤᠨ ᠡᠵᠡᠮᠳᠡᠯ ᠤᠨ ᠪᠠᠯᠠ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠢ ᠶᠤᠸᠠᠨ ᠤᠰᠤᠨ ᠤ ᠶᠠᠪᠤᠳᠠᠯ ᠤᠨ ᠺᠣᠮᠫᠠᠨᠢ᠂ ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ᠂ ᠴᠢᠯᠠᠭᠤᠨ ᠲᠣᠰᠣᠨ ᠤ ᠺᠣᠮᠫᠠᠨᠢ᠂ ᠳᠠᠪᠤᠰᠤᠨ ᠤ ᠦᠢᠯᠡᠰ ᠤᠨ ᠺᠣᠮᠫᠠᠨᠢ᠂ ᠠᠷᠠᠳ ᠤᠨ ᠪᠠᠩᠬᠢ ᠵᠡᠷᠭᠡ ᠮᠥᠩᠭᠦᠨ ᠭᠦᠢᠯᠭᠡᠭᠡᠨ ᠤ ᠠᠵᠤ ᠠᠬᠤᠶᠢᠯᠠᠯ᠂ ᠰᠢᠯᠵᠢᠮᠡᠯ ᠮᠡᠳᠡᠭᠡ ᠬᠤᠯᠪᠣᠭᠠᠨ ᠤ ᠬᠠᠮᠲᠤᠷᠠᠭᠰᠠᠨ ᠴᠠᠬᠢᠯᠭᠠᠨ ᠬᠤᠯᠪᠣᠭ᠎ᠠ ᠵᠡᠷᠭᠡ ᠴᠢᠮᠡᠭᠡ ᠬᠤᠯᠪᠣᠭᠠᠨ ᠤ ᠠᠵᠤ ᠠᠬᠤᠶᠢᠯᠠᠯ ᠲᠠᠢ ᠵᠣᠬᠢᠴᠠᠭᠤᠯᠤᠨ ᠬᠠᠷᠢᠯᠴᠠᠨ᠎ᠠ᠃      ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠤᠷᠪᠠᠳᠤᠭᠠᠷ ᠭᠡᠰᠢᠭᠦᠳ ᠤᠨ ᠳᠤᠭᠤᠶᠢᠯᠠᠩ ᠲᠠᠢ ᠬᠠᠷᠢᠯᠴᠠᠬᠤ ᠠᠵᠢᠯᠯᠠᠭ᠎ᠠ᠃      ᠬᠤᠪᠢ ᠬᠦᠮᠦᠨ ᠤ ᠨᠠᠮᠲᠠᠷ      ᠯᠢ ᠴᠠᠩ ᠴᠦᠨ᠂ ᠡᠷᠡᠭᠲᠡᠶ᠂ ᠬᠢᠲᠠᠳ ᠦᠨᠳᠦᠰᠦᠲᠡᠨ᠂ 1977 ᠣᠨ ᠤ 2 ᠰᠠᠷ᠎ᠠ ᠳᠤ ᠲᠦᠷᠦᠵᠠᠢ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠂ ᠨᠠᠮ ᠪᠦᠯᠦᠭ ᠤᠨ ᠪᠤᠰᠤ ᠬᠥᠮᠦᠨ᠂ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠤᠳᠠ ᠶᠢᠨ ᠬᠠᠩᠭᠢᠨ ᠬᠤᠶᠢᠲᠤ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃
ᠢᠷᠡᠯᠲᠡ᠄ ᠲᠤᠰ ᠰᠦᠯᠵᠢᠶ᠎ᠡ