ᠬᠠᠩᠬᠢᠨ ᠬᠤᠶᠢᠳᠤ ᠬᠤᠰᠢᠭᠤ᠄ « ᠱᠠᠮᠪᠠ ᠶᠢᠨ ᠠᠮᠳᠠ » ᠶᠢᠨ ᠠᠩᠬᠢᠯᠤᠮ᠎ᠠ ᠦᠨᠤᠷ ᠬᠠᠩᠬᠤᠯᠤᠯ᠎ᠠ
ᠨᠡᠶᠢᠲᠡᠯᠡᠭᠰᠡᠨ ᠴᠠᠭ᠄
2024/12/30
      12 ᠰᠠᠷ᠎ᠠ ᠶᠢᠨ 26 ᠤ ᠡᠳᠦᠷ᠂ ᠬᠠᠩᠭᠢᠨ ᠬᠤᠶᠢᠲᠤ ᠬᠤᠰᠢᠭᠤᠨ ᠤ ︽ᠱᠠᠮᠪᠠ ᠶᠢᠨ ᠦᠨᠦᠷ ᠶᠢᠨ ᠠᠮᠲᠠ︾ ᠶᠢ ᠰᠢᠯᠭᠠᠨ ᠦᠨᠡᠯᠡᠬᠦ ᠳᠡᠯᠭᠡᠭᠦᠷ ᠲᠤ᠂ᠪᠢᠲᠡᠭᠦᠦ ᠰᠠᠪᠠᠯᠠᠭᠰᠠᠨ ᠱᠠᠮᠪᠠ ᠭᠤᠯᠢᠷ ᠤᠨ ᠣᠬᠢ ᠂  ᠵᠦᠭᠡᠯᠡᠨ ᠮᠥᠷᠲᠡᠭᠡᠨ ᠠᠮᠲᠠᠲᠠᠢ ᠰᠢᠬᠢᠷᠯᠢᠭ ᠬᠠᠷ᠎ᠠ ᠰᠢᠬᠢᠷᠡᠨ ᠪᠤᠤᠪᠤ᠂ ᠪᠣᠷᠣᠲᠣᠬᠤᠶ ᠶᠢᠨ ᠨᠠᠷᠡᠲᠦ ᠳᠦᠷᠪᠡᠨ ᠬᠤᠭᠤᠯᠠᠨ ᠤ ᠪᠡᠯᠡᠭ ᠤᠨ ᠬᠠᠶᠢᠷᠴᠠᠭ᠂ ᠶᠠᠭ ᠰᠦᠯᠵᠢᠶᠡᠨ ᠭᠠᠳᠠᠨᠠᠬᠢ ᠬᠤᠳᠠᠯᠳᠤᠭᠠᠨ ᠤ ᠬᠡᠲᠦ ᠳᠡᠯᠭᠡᠭᠦᠷ᠂ ᠰᠦᠯᠵᠢᠶᠡᠨ ᠳᠡᠭᠡᠷᠡᠬᠢ ᠬᠤᠳᠠᠯᠳᠤᠭᠠᠨ ᠤ ᠬᠤᠲᠠ᠂ ᠰᠢᠭᠤᠳ ᠨᠡᠪᠲᠡᠷᠡᠭᠦᠯᠭᠡ ᠶᠢᠨ ᠲᠠᠪᠴᠠᠩ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠪᠥᠬᠦ ᠤᠯᠤᠰ ᠲᠤ ᠬᠦᠷᠭᠡᠵᠦ ᠪᠠᠶᠢᠨ᠎ᠠ᠃
1.png
      ᠱᠠᠮᠪᠠ ᠪᠠᠯᠭᠠᠰᠤ ᠪᠣᠯ ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠮᠥᠨ᠂ ᠡᠨᠡ ᠬᠦ ᠨᠤᠲᠤᠭ ᠳᠡᠪᠢᠰᠬᠡᠷ ᠳᠡᠭᠡᠷ᠎ᠡ ᠠᠮᠢᠳᠤᠷᠠᠵᠤ ᠪᠠᠶᠢᠭ᠎ᠠ ᠠᠷᠠᠳ ᠢᠷᠭᠡᠳ ᠮᠥᠨ᠂ ᠡᠯᠪᠡᠭ ᠪᠠᠶᠠᠯᠢᠭ ᠡᠳ᠋ ᠪᠠᠷᠠᠭ᠎ᠠ ᠳᠤ ᠲᠦᠰᠢᠭᠯᠡᠨ᠂ ᠨᠠᠷᠢᠯᠢᠭ ᠳᠠᠷᠢᠵᠤ ᠨᠢᠮᠪᠠᠶ ᠪᠠᠵᠠᠭᠠᠵᠤ᠂ ᠠᠵᠢᠯᠴᠢ ᠬᠥᠳᠡᠯᠮᠦᠷᠢ ᠪᠠ ᠣᠶᠤᠨ ᠤᠬᠠᠭᠠᠨ ᠢᠶᠠᠷ ᠬᠡᠪ ᠨᠠᠮᠪᠠ ᠨᠢ ᠣᠯᠠᠨ ᠶᠠᠩᠵᠤ ᠶᠢᠨ᠂ ᠦᠨᠦᠷ ᠠᠮᠲᠠ ᠨᠢ ᠭᠤᠶᠣ ᠰᠠᠶᠢᠬᠠᠨ ᠢᠳᠡᠭᠡᠨ ᠤᠮᠳᠠᠭᠠᠨ ᠤ ᠦᠨᠦᠷ ᠠᠮᠲᠠ ᠶᠢ ᠡᠭᠦᠳᠴᠦ᠂ ᠥᠪᠡᠷᠮᠢᠴᠡ ︽ᠱᠠᠮᠪᠠ ᠶᠢᠨ ᠦᠨᠦᠷ ᠠᠮᠲᠠ︾ ᠶᠢ ᠪᠦᠲᠦᠭᠡᠭᠰᠡᠨ ᠪᠠᠶᠢᠨ᠎ᠠ᠃
2.png
      ᠣᠶᠢᠷ᠎ᠠ ᠶᠢᠨ ᠵᠢᠯ ᠳᠤ᠂ ᠬᠠᠩᠭᠢᠨ ᠬᠤᠶᠢᠲᠤ ᠬᠤᠰᠢᠭᠤ ᠬᠦᠴᠦ ᠪᠠᠨ ᠲᠥᠪᠯᠡᠷᠡᠭᠦᠯᠦᠨ ︽ᠱᠠᠮᠪᠠ ᠶᠢᠨ ᠠᠮᠲᠠ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢ ᠪᠣᠶ ᠪᠣᠯᠭᠠᠪᠠ᠃ ᠣᠲᠣ ᠪᠣᠯᠲᠠᠯ᠎ᠠ᠂ ᠭᠤᠯᠢᠷ ᠤᠨ ᠣᠬᠢ᠂  ᠮᠢᠬ᠎ᠠ ᠬᠠᠪᠴᠢᠭᠤᠯᠤᠭᠰᠠᠨ ᠬᠠᠭᠰᠠᠭᠠᠮᠠᠯ ᠪᠤᠤᠪᠤ᠂  ᠬᠠᠷ᠎ᠠ ᠰᠢᠬᠢᠷᠡᠨ ᠪᠤᠤᠪᠤ᠂  ᠠᠮᠲᠠᠲᠤ ᠳᠦᠷᠪᠡᠨ ᠢᠳᠡᠭᠡᠨ ᠵᠡᠷᠭᠡ 7 ᠲᠥᠷᠥᠯ ᠤᠨ ︽ᠱᠠᠮᠪᠠ ᠶᠢᠨ ᠦᠨᠦᠷ ᠶᠢᠨ ᠠᠮᠲᠠ︾ ᠶᠢᠨ ᠬᠠᠮᠲᠤ ᠨᠡᠶᠢᠲᠡ ᠶᠢᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠨᠡᠶᠢᠲᠡ 29 ᠢᠳᠡᠭᠡᠨ ᠤ ᠡᠵᠡᠩᠨᠡᠯᠲᠡ ᠶᠢᠨ ᠨᠢᠭᠡᠴᠡ᠂ 49 ᠦᠢᠯᠡᠳᠬᠦᠨ ᠳᠤ ᠡᠷᠬᠡ ᠣᠯᠭᠤᠪᠠ᠃
3.png
      ᠴᠢᠶᠣᠣ ᠰᠢᠶᠠ ᠤ ᠭᠤᠯᠢᠷ ᠤᠨ ᠢᠳᠡᠭᠡᠨ ᠤ ᠦᠢᠯᠡᠳᠪᠦᠷᠢ ᠨᠢ ︽ᠱᠠᠮᠪᠠ ᠶᠢᠨ ᠦᠨᠦᠷ ᠶᠢᠨ ᠠᠮᠲᠠ︾ ᠶᠢᠨ ᠬᠠᠮᠲᠤ ᠶᠢᠨ ᠲᠠᠸᠠᠷ ᠤᠨ ᠲᠡᠮᠳᠡᠭ ᠢ ᠬᠡᠷᠡᠭᠯᠡᠬᠦ ᠡᠷᠬᠡ ᠣᠯᠣᠭᠰᠠᠨ ᠠᠴᠠ ᠨᠠᠰᠢ᠂ ᠡᠯ᠎ᠡ ᠲᠥᠷᠥᠯ ᠤᠨ ᠪᠠᠶᠠᠷ ᠤᠨ ᠡᠳᠦᠷ᠂ ᠦᠵᠡᠰᠬᠦᠯᠡᠩ ᠤᠨ ᠴᠤᠭᠯᠠᠭᠠᠨ ᠳᠤ ᠢᠳᠡᠪᠬᠢᠲᠡᠢ ᠣᠷᠣᠯᠴᠠᠵᠤ᠂ ᠨᠠᠷᠠᠲᠤ ᠲᠡᠮᠳᠡᠭᠲᠦ ᠶᠢᠨ ᠠᠯᠳᠠᠷᠰᠢᠯ ᠢᠶᠠᠨ ᠢᠯᠡᠳᠲᠡ ᠳᠡᠭᠡᠭᠰᠢᠯᠡᠭᠦᠯᠵᠦ᠂ ᠣᠳᠣᠬᠠᠨ ᠳᠤ ᠮᠠᠨ ᠤ  ᠭᠤᠯᠢᠷ ᠤᠨ ᠪᠦᠲᠦᠭᠡᠭᠳᠡᠬᠦᠨ ᠰᠦᠯᠵᠢᠶᠡᠨ ᠭᠠᠳᠠᠨ᠎ᠠ᠂ ᠰᠦᠯᠵᠢᠶᠡᠨ ᠳᠡᠭᠡᠷ᠎ᠡ ᠪᠣᠷᠣᠯᠠᠭᠤᠯᠤᠭᠰᠠᠨ ᠬᠡᠮᠵᠢᠶ᠎ᠡ ᠰᠠᠷ᠎ᠠ ᠪᠦᠷᠢ 5 ᠲᠦᠮᠡᠨ ᠲᠥᠭᠦᠷᠢᠭ ᠢ ᠳᠠᠪᠠᠭᠰᠠᠨ ᠪᠠᠶᠢᠨ᠎ᠠ᠃
4.png
      ︽ᠱᠠᠮᠪᠡ ᠶᠢᠨ ᠦᠨᠦᠷ ᠠᠮᠲᠠ︾ ᠶᠢ ᠭᠠᠳᠠᠭᠰᠢ ᠭᠠᠷᠭᠠᠨ ᠪᠣᠷᠣᠯᠠᠭᠤᠯᠤᠯᠲᠠ ᠶᠢ ᠰᠠᠶᠢᠵᠢᠷᠠᠭᠤᠯᠤᠨ᠂ ᠵᠢᠵᠢᠭ ᠬᠡᠯᠪᠡᠷᠢ ᠶᠢᠨ ᠲᠠᠷᠢᠶᠠᠯᠠᠩ ᠤᠨ ᠪᠦᠲᠦᠭᠡᠭᠳᠡᠬᠦᠨ ᠢ ᠭᠦᠨ ᠡᠳ᠋ᠰᠢᠭᠦᠯᠬᠦ ᠦᠢᠯᠡᠰ ᠤᠨ ᠲᠠᠷᠢᠶᠠᠴᠢᠨ ᠡᠷᠦᠬᠡ ᠶᠢ ᠳᠠᠭᠠᠭᠤᠯᠤᠨ ᠪᠠᠶᠠᠵᠢᠭᠤᠯᠬᠤ ᠴᠢᠳᠠᠪᠤᠷᠢ ᠶᠢ ᠨᠡᠮᠡᠭᠳᠡᠭᠦᠯᠬᠦ ᠶᠢᠨ ᠲᠥᠯᠥᠭᠡ᠂ ᠬᠠᠩᠭᠢᠨ ᠬᠤᠶᠢᠲᠤ ᠬᠤᠰᠢᠭᠤᠨ ᠤ ᠬᠢᠨ ᠶᠡᠷᠦᠩᠬᠡᠶ ᠪᠠᠯᠠ ᠣᠷᠣᠭᠤᠯᠤᠯᠲᠠ ᠨᠢ 15 ᠳ᠋ᠦᠩᠰᠢᠭᠤᠷ ᠲᠥᠭᠦᠷᠢᠭ ᠢ ᠥᠪᠥᠷ ᠮᠣᠩᠭᠤᠯ ᠤᠨ ︽ᠱᠠᠮᠪᠠ ᠶᠢᠨ ᠦᠨᠦᠷ ᠶᠢᠨ ᠠᠮᠲᠠ︾ ᠢᠳᠡᠭᠡᠨ ᠤ ᠠᠵᠤ ᠦᠢᠯᠡᠰ ᠤᠨ ᠬᠦᠷᠢᠶᠡᠯᠡᠩ ᠢ ᠪᠥᠲᠥᠭᠡᠨ ᠪᠠᠶᠢᠭᠤᠯᠬᠤ ᠪᠠᠷ ᠲᠥᠯᠥᠪᠯᠡᠵᠦ᠂ ᠤᠯᠠᠮᠵᠢᠯᠠᠯᠲᠤ ᠤᠨᠴᠠᠯᠢᠭᠳᠤ ᠠᠮᠲᠠᠲᠤ ᠢᠳᠡᠭᠡᠨ ᠤ ᠠᠵᠢᠯ ᠲᠥᠷᠥᠯ ᠤᠨ ᠪᠠᠷᠢᠮᠵᠢᠶ᠎ᠠ ᠶᠢ ᠰᠦᠪᠡᠭᠴᠢᠯᠡᠨ ᠪᠠᠶᠢᠭᠤᠯᠵᠤ᠂ ︽ᠱᠠᠮᠪᠠ ᠶᠢᠨ ᠦᠨᠦᠷ ᠠᠮᠲᠠ︾ ᠶᠢ ᠭᠤᠣᠯ ᠬᠦᠴᠦᠨ ᠢᠶᠠᠨ ᠪᠣᠯᠭᠠᠵᠤ᠂ ᠪᠥᠬᠦ ᠤᠯᠤᠰ ᠲᠤ ᠬᠠᠨᠳᠤᠭᠤᠯᠬᠤ ᠪᠠᠷ ᠪᠠᠶᠢᠨ᠎ᠠ᠃      ︽ᠥᠪᠥᠷ ᠮᠣᠩᠭᠤᠯ ᠤᠨ ︿ᠱᠠᠮᠪᠡ ᠶᠢᠨ ᠦᠨᠦᠷ ᠠᠮᠲᠠ﹀ ᠶᠢᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠬᠤᠶᠠᠷ ᠬᠤᠭᠤᠴᠠᠭ᠎ᠠ ᠬᠤᠪᠢᠶᠠᠨ ᠪᠠᠶᠢᠭᠤᠯᠵᠤ ᠳᠠᠭᠤᠰᠬᠠᠪᠠ᠃ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠳᠤ 8.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠣᠳᠣᠬᠠᠨ ᠳᠤ ᠨᠢᠭᠡᠨᠲᠡ ᠰᠢᠤᠢ ᠢ ᠰᠦ ᠶᠢᠨ ᠦᠢᠯᠡᠰ᠂ ᠶᠠᠨ ᠶᠢᠩ ᠰᠠᠭᠠᠭ᠂ ᠵᠢᠵᠢᠭ ᠠᠮᠲᠠᠲᠤ ᠢᠳᠡᠭᠡᠨ ᠤ ᠵᠦᠢᠯ ᠵᠡᠷᠭᠡ 6 ᠠᠵᠤ ᠠᠬᠤᠶᠢᠯᠠᠯ ᠳᠤ ᠣᠷᠣᠵᠤ ᠰᠠᠭᠤᠪᠠ᠃ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠳᠤ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢ 6.8 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠬᠤ ᠪᠠᠷ ᠲᠥᠯᠥᠪᠯᠡᠵᠦ ᠪᠣᠶ︾ ᠭᠡᠵᠦ ᠬᠡᠯᠡᠪᠡ᠃ ᠬᠠᠩᠭᠢᠨ ᠬᠤᠶᠢᠲᠤ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠡᠳ᠋ ᠡᠷᠬᠢᠯᠡᠭᠴᠢ ᠬᠠᠨ ᠶᠠᠨ ᠯᠢᠩ ᠲᠠᠨᠢᠯᠴᠠᠭᠤᠯᠵᠠᠢ᠃      ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠶᠡᠭᠡ ᠬᠡᠮᠵᠢᠶᠡᠨ ᠤ ᠲᠤᠰ ᠭᠠᠵᠠᠷ ᠣᠷᠣᠨ ᠵᠢᠴᠢ ᠡᠷᠬᠢᠨ ᠲᠣᠭᠤᠷᠢᠨ ᠤ ᠭᠠᠵᠠᠷ ᠣᠷᠣᠨ ᠠᠴᠠ ᠭᠠᠷᠭᠠᠭᠰᠠᠨ ᠦᠷ᠎ᠡ ᠶᠢᠨ ᠲᠥᠷᠥᠯ᠂ ᠲᠥᠪᠡᠳ ᠬᠠᠰᠢ᠂ ᠯᠠᠵᠤᠤ᠂ ᠪᠤᠭᠤᠳᠠᠢ᠂ ᠦᠨᠢᠶᠡᠨ ᠰᠦ ᠵᠢᠴᠢ ᠦᠬᠡᠷ᠂ ᠬᠤᠨᠢ᠂ ᠭᠠᠭ᠋ᠠᠶ᠂ ᠲᠠᠬᠢᠶ᠎ᠠ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠰᠢᠩᠭᠡᠭᠡᠨ ᠠᠪᠴᠤ᠂ ᠲᠠᠷᠢᠶᠠᠯᠠᠩ ᠤᠨ ᠲᠤᠰᠠᠯᠠᠬᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠪᠦᠲᠦᠭᠡᠭᠳᠡᠬᠦᠨ ᠤ ᠨᠡᠮᠡᠯᠲᠡ ᠦᠷᠳᠡᠭ ᠢ ᠳᠡᠭᠡᠭᠰᠢᠯᠡᠭᠦᠯᠵᠦ᠂ ᠲᠠᠷᠢᠶᠠᠴᠢᠨ ᠡᠷᠦᠬᠡ ᠶᠢᠨ ᠣᠷᠣᠯᠭ᠎ᠠ ᠶᠢ 10%~20% ᠪᠠᠷ ᠨᠡᠮᠡᠭᠳᠡᠭᠦᠯᠪᠡ᠃      2023 ᠣᠨ ᠳᠤ᠂ ᠠᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠨᠠᠷᠠᠲᠤ ᠲᠥᠷᠥᠯ ᠲᠡᠮᠳᠡᠭᠲᠦ ᠶᠢᠨ ᠶᠡᠭᠡ ᠬᠤᠷᠠᠯ ᠳᠡᠭᠡᠷ᠎ᠡ᠂ ︽ᠱᠠᠮᠪᠠ ᠶᠢᠨ ᠠᠮᠲᠠ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠷᠠᠲᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ︾ ᠳᠤ ᠵᠢᠭᠰᠠᠭᠠᠭᠳᠠᠵᠤ᠂ 2023 ᠲᠥᠷᠥᠯ ᠲᠡᠮᠳᠡᠭᠲᠦ ᠶᠢᠨ ᠦᠨ᠎ᠡ ᠥᠷᠲᠡᠭ ᠨᠢ 19.71 ᠳ᠋ᠦᠩᠰᠢᠭᠤᠷ ᠲᠥᠭᠦᠷᠢᠭ ᠲᠤ ᠬᠦᠷᠴᠡᠶ᠃ ᠲᠠᠷᠠᠭᠠᠴᠢ ᠶᠢᠨ ᠠᠯᠬᠤᠮ ᠳᠤ᠂ ᠬᠠᠩᠭᠢᠨ ᠬᠤᠶᠢᠲᠤ ᠬᠤᠰᠢᠭᠤᠨ ᠤ ᠬᠢᠨ ᠬᠤᠰᠢᠭᠤᠨ ᠤ ᠳᠣᠲᠣᠷ᠎ᠠ ᠭᠠᠳᠠᠨᠠᠬᠢ ᠢᠳᠡᠭᠡᠨ ᠤ ᠠᠵᠤ ᠠᠬᠤᠶᠢᠯᠠᠯ ᠢ ᠲᠡᠳᠡᠨ ᠬᠦᠷᠢᠶᠡᠯᠡᠩ ᠲᠣᠭᠤᠷᠢᠭ ᠲᠤ ᠣᠷᠣᠭᠤᠯᠵᠤ᠂ ᠲᠥᠪᠯᠡᠷᠡᠭᠦᠯᠦᠨ ᠬᠥᠭᠵᠢᠭᠦᠯᠵᠦ᠂ ᠥᠪᠥᠷ ᠮᠣᠩᠭᠤᠯ ᠤᠨ ᠪᠠᠷᠠᠭᠤᠨ ᠣᠷᠣᠨ ᠤ ᠨᠥᠯᠥᠭᠡᠯᠡᠬᠦ ᠬᠦᠴᠦᠨ ᠲᠠᠢ ᠤᠨᠴᠠᠯᠢᠬᠳᠤ ᠠᠮᠲᠠᠲᠤ ᠢᠳᠡᠭᠡᠨ ᠤ ᠠᠵᠤ ᠦᠢᠯᠡᠰ ᠤᠨ ᠰᠦᠷᠦᠭᠵᠢᠯ ᠢ ᠴᠢᠷᠮᠠᠶᠢᠨ ᠪᠣᠶ ᠪᠣᠯᠭᠠᠨ᠎ᠠ᠃   
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ