ᠳᠧᠦ ᠳ᠋ᠤᠤ ᠴᠢᠶᠣᠤ ᠳᠡᠭᠡᠳᠦ ᠬᠤᠷᠳᠤᠴᠠᠲᠤ ᠵᠠᠰᠠᠮᠠᠯ ᠵᠠᠮ ᠤᠨ ᠰᠦᠢᠳᠬᠡᠯ ᠬᠤᠷᠢᠶᠠᠬᠤ ᠭᠠᠵᠠᠷ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/31
      ᠰᠢᠨ᠎ᠡ ᠵᠢᠯ ᠪᠣᠯᠤᠨ ᠴᠠᠭᠠᠨ ᠰᠠᠷ᠎ᠠ ᠣᠶᠢᠷᠠᠲᠤᠬᠤ ᠶᠢ ᠳᠠᠭᠠᠯᠳᠤᠨ᠂ ᠰᠢᠨ᠎ᠡ ᠵᠢᠯ ᠤᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠰᠦᠢᠳᠬᠡᠯ ᠬᠤᠷᠢᠶᠠᠬᠤ ᠭᠠᠵᠠᠷ ᠤᠨ ᠠᠶᠤᠯᠭᠦᠶ ᠦᠢᠯᠡᠳᠪᠦᠷᠢᠯᠡᠯ ᠤᠨ ᠠᠵᠢᠯᠯᠠᠭᠠᠨ ᠢ ᠪᠠᠲᠤᠯᠠᠬᠤ ᠶᠢᠨ ᠲᠥᠯᠥᠭᠡ᠂ ᠳᠧᠦ ᠳ᠋ᠤᠤ ᠴᠢᠶᠣᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠦᠢᠳᠬᠡᠯ ᠬᠤᠷᠢᠶᠠᠬᠤ ᠭᠠᠵᠠᠷ ᠵᠢᠯ ᠤᠨ ᠡᠴᠦᠰ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠥᠷᠨᠢᠭᠦᠯᠵᠦ᠂ ᠰᠦᠢᠳᠬᠡᠯ ᠬᠤᠷᠢᠶᠠᠬᠤ ᠭᠠᠵᠠᠷ ᠤᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠨ ᠳᠠᠭᠠᠬᠤ ᠶᠢ ᠴᠢᠩᠭᠠᠳᠬᠠᠵᠤ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠤᠨ ᠲᠣᠭᠲᠠᠭᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠪᠠ᠃      ᠨᠢᠭᠡ ᠳᠤ᠂ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠪᠡᠯᠡᠳᠬᠡᠮᠵᠢ ᠲᠥᠬᠦᠭᠡᠷᠦᠮᠵᠢ ᠶᠢᠨ ᠠᠶᠤᠯ ᠦᠭᠡᠶ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠡᠷᠴᠢᠮ ᠢᠶᠠᠨ ᠨᠡᠮᠡᠭᠳᠡᠭᠦᠯᠵᠦ᠂ ᠰᠦᠢᠳᠬᠡᠯ ᠬᠤᠷᠢᠶᠠᠬᠤ ᠲᠠᠯᠠᠪᠠᠶ᠂ ᠰᠦᠢᠳᠬᠡᠯ ᠬᠤᠷᠢᠶᠠᠬᠤ ᠲᠡᠷᠭᠡᠨ ᠵᠠᠮ᠂ ᠴᠠᠬᠢᠯᠭᠠᠨ ᠲᠦᠭᠡᠭᠡᠬᠦ ᠲᠠᠰᠤᠭ᠂ ᠴᠠᠬᠢᠯᠭᠠᠨ ᠭᠠᠷᠭᠠᠬᠤ ᠮᠠᠰᠢᠨ ᠤ ᠭᠡᠷ ᠵᠡᠷᠭᠡ ᠬᠡᠰᠡᠭ ᠲᠤ ᠭᠤᠤᠯᠳᠠᠯᠭ᠎ᠠ ᠲᠠᠢ ᠪᠠᠶᠢᠴᠠᠭᠠᠯᠲᠠ ᠬᠢᠵᠦ᠂ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤᠨᠢ ᠣᠯᠵᠤ ᠮᠡᠳᠡᠬᠦ ᠪᠠ ᠠᠷᠢᠯᠭᠠᠬᠤ ᠬᠡᠷᠡᠭᠲᠡᠶ᠃ ᠬᠤᠪᠢᠶᠠᠷᠢ ᠺᠣᠮᠫᠠᠨᠢ ᠶᠢᠨ ᠠᠶᠤᠯ ᠦᠭᠡᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠪᠡᠯᠡᠳᠬᠡᠮᠵᠢ ᠲᠥᠬᠦᠭᠡᠷᠦᠮᠵᠢ ᠶᠢ ᠮᠠᠭᠤ ᠴᠠᠭ ᠠᠭᠤᠷ ᠤᠨ ᠳᠣᠤᠷ᠎ᠠ ᠬᠡᠪ ᠤᠨ ᠶᠣᠰᠣᠭᠠᠷ ᠠᠵᠢᠯᠯᠠᠭᠤᠯᠵᠤ ᠳᠡᠶᠢᠯᠬᠦ ᠶᠢ ᠦᠨᠡᠨᠬᠦ ᠪᠠᠲᠤᠯᠠᠨ᠎ᠠ᠃ ᠡᠭᠦᠨ ᠤ ᠬᠠᠮᠲᠤ᠂ ᠠᠵᠢᠯᠲᠠᠨ ᠠᠵᠢᠯᠴᠢᠨ ᠤ ᠪᠠᠶᠢᠷᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠭᠠᠯ ᠢ ᠰᠡᠷᠭᠡᠶᠢᠯᠡᠬᠦ᠂ ᠬᠤᠯᠠᠭᠠᠶᠢᠯᠠᠬᠤ ᠶᠢ ᠰᠡᠷᠭᠡᠶᠢᠯᠡᠬᠦ᠂ ᠴᠠᠬᠢᠯᠭᠠᠨ ᠳᠤ ᠴᠣᠬᠢᠭᠳᠠᠬᠤ ᠶᠢ ᠰᠡᠷᠭᠡᠶᠢᠯᠡᠬᠦ ᠵᠡᠷᠭᠡ ᠠᠵᠢᠯ ᠢ ᠰᠠᠶᠢᠲᠤᠷ ᠬᠢᠵᠦ᠂ ᠠᠵᠢᠯᠲᠠᠳ ᠲᠤ ᠠᠮᠤᠷ ᠲᠦᠪᠰᠢᠨ ᠲᠠᠭᠠᠯᠠᠮᠵᠢᠲᠠᠶ ᠠᠵᠢᠯ ᠪᠠ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠶ᠃ ᠬᠤᠶᠠᠷ ᠲᠤ᠂ ᠡᠳ᠋ ᠪᠣᠳᠠᠰ ᠤᠨ ᠨᠥᠭᠡᠴᠡ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠴᠢᠩᠭᠠᠳᠬᠠᠨ᠎ᠠ᠃ ᠮᠠᠭᠤ ᠴᠠᠭ ᠠᠭᠤᠷ ᠲᠤ ᠴᠢᠭᠯᠡᠭᠦᠯᠦᠨ᠂ ᠴᠠᠰᠤ ᠶᠢ ᠰᠡᠷᠭᠡᠶᠢᠯᠡᠬᠦ ᠪᠠᠭᠠᠵᠢ᠂ ᠮᠥᠰᠥ ᠠᠷᠢᠯᠭᠠᠬᠤ ᠪᠠᠭᠠᠵᠢ᠂ ᠪᠠᠴᠢᠮ ᠪᠠᠶᠢᠳᠠᠯ ᠢ ᠠᠷᠭᠠᠴᠠᠭᠠᠬᠤ ᠭᠡᠷᠡᠯᠲᠦᠭᠦᠯᠭᠡ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠤᠷᠢᠳᠴᠢᠯᠠᠨ ᠪᠡᠯᠡᠳᠬᠡᠵᠦ᠂ ᠵᠠᠮ ᠤᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠮᠡᠳᠡᠭᠡ ᠵᠠᠩᠭᠢ ᠶᠢᠨ ᠨᠡᠪᠲᠡᠷᠡᠯᠴᠡᠭᠡ ᠶᠢ ᠴᠢᠩᠭᠠᠳᠬᠠᠨ᠎ᠠ᠃ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠬᠠᠲᠠᠭᠤ ᠴᠠᠭ ᠠᠭᠤᠷ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠡᠵᠡᠮᠰᠢᠬᠦ ᠶᠢᠨ ᠬᠠᠮᠲᠤ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠤᠨ ᠲᠠᠪᠴᠠᠩ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠵᠠᠮ ᠤᠨ ᠪᠠᠶᠢᠳᠠᠯ ᠤᠨ ᠮᠡᠳᠡᠭᠡ ᠵᠠᠩᠭᠢ᠂ ᠴᠠᠭ ᠠᠭᠤᠷ ᠤᠨ ᠰᠡᠷᠡᠮᠵᠢᠯᠡᠭᠦᠯᠦᠯ ᠵᠢᠴᠢ ᠠᠮᠤᠷ ᠲᠦᠪᠰᠢᠨ ᠤ ᠰᠠᠨᠠᠭᠤᠯᠤᠮᠵᠢ ᠶᠢ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠶ᠃ ᠡᠭᠦᠨ ᠤ ᠬᠠᠮᠲᠤ᠂ ᠳᠡᠭᠡᠳᠦ ᠬᠤᠷᠳᠤ ᠶᠢᠨ ᠵᠠᠮ ᠤᠨ ᠵᠠᠮ ᠬᠠᠷᠢᠯᠴᠠᠭᠠᠨ ᠤ ᠴᠠᠭᠳᠠᠭ᠎ᠠ᠂ ᠵᠠᠮ ᠤᠨ ᠶᠠᠪᠤᠳᠠᠯ᠂ ᠠᠷᠠᠴᠢᠯᠠᠨ ᠬᠠᠮᠠᠭᠠᠯᠠᠬᠤ ᠵᠡᠷᠭᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠤᠨ᠂ ᠵᠠᠮ ᠨᠡᠪᠲᠡᠷᠡᠯᠭᠡ ᠶᠢᠨ ᠪᠠᠶᠢᠳᠠᠯ ᠢ ᠴᠠᠭ ᠲᠤᠬᠠᠶ ᠳᠤᠨᠢ ᠣᠶᠢᠯᠠᠭᠠᠵᠤ᠂ ᠵᠠᠮ ᠬᠠᠷᠢᠯᠴᠠᠭ᠎ᠠ ᠶᠢ ᠰᠢᠯᠤᠭᠤᠳᠬᠠᠬᠤ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠶ᠃ ᠲᠦᠷᠪᠡ ᠳᠤ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠪᠠ᠃ ᠠᠷᠠᠳ ᠲᠤ ᠳᠥᠭᠦᠮ ᠦᠵᠡᠭᠦᠯᠬᠦ ᠣᠯᠠᠨ ᠵᠦᠢᠯ ᠤᠨ ᠦᠢᠯᠡᠴᠢᠯᠡᠭᠡ ᠬᠠᠩᠭᠠᠵᠤ᠂ ᠮᠠᠭᠤ ᠠᠭᠤᠷ ᠠᠮᠢᠰᠬᠤᠯ ᠤᠨ ᠬᠤᠭᠤᠴᠠᠭᠠᠨ ᠳᠤ᠂ ᠨᠠᠰᠢ ᠴᠠᠰᠢ ᠥᠩᠭᠡᠷᠡᠬᠦ ᠵᠢᠯᠣᠭᠤᠴᠢ ᠪᠠ ᠠᠶᠠᠨᠴᠢᠳ ᠲᠤ ᠬᠠᠯᠠᠭᠤᠨ ᠤᠰᠤ᠂ ᠵᠠᠮ ᠤᠨ ᠪᠠᠶᠢᠳᠠᠯ ᠤᠨ ᠯᠠᠪᠯᠠᠯᠭ᠎ᠠ ᠵᠢᠴᠢ ᠪᠠᠶᠢᠩᠭᠤ ᠬᠡᠷᠡᠭᠯᠡᠬᠦ ᠡᠮ ᠤᠨ ᠵᠦᠢᠯ ᠵᠡᠷᠭᠡ ᠠᠷᠠᠳ ᠲᠤ ᠠᠰᠢᠭᠲᠠᠶ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠬᠠᠩᠭᠠᠵᠤ᠂ ᠵᠢᠯᠣᠭᠤᠴᠢ ᠦᠢᠯᠡᠴᠢᠯᠡᠭᠴᠢ ᠶᠢᠨ ᠬᠠᠨᠤᠮᠵᠢ ᠶᠢᠨ ᠬᠡᠮᠵᠢᠶ᠎ᠡ ᠪᠠ ᠢᠲᠡᠭᠡᠮᠵᠢ ᠶᠢᠨ ᠬᠡᠮᠵᠢᠶ᠎ᠡ ᠶᠢ ᠨᠡᠮᠡᠭᠳᠡᠭᠦᠯᠪᠡ᠃
1.png
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ