ᠰᠢ ᠶᠢᠨ ᠫᠢᠩ ᠺᠠᠮᠪᠤᠵᠠ ᠶᠢᠨ ᠠᠷᠠᠳ ᠤᠨ ᠨᠠᠮ ᠤᠨ ᠲᠡᠷᠢᠭᠦᠯᠡᠭᠴᠢ ᠳᠡᠭᠡᠳᠦ ᠵᠥᠪᠯᠡᠯᠭᠡᠨ ᠤ ᠲᠡᠷᠢᠭᠦᠯᠡᠭᠴᠢ ᠬᠤᠩᠰᠧᠨ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2024/12/4
      ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 3 ᠤ ᠴᠠᠬᠢᠯᠭᠠᠨ ᠮᠡᠳᠡᠭᠡ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠮᠠ ᠵᠦᠸᠧ ᠶᠠᠨ︶ 12 ᠰᠠᠷ᠎ᠠ ᠶᠢᠨ 3 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠲᠥᠷᠥ ᠶᠢᠨ ᠵᠣᠴᠢᠳ ᠤᠨ ᠪᠠᠭᠤᠳᠠᠯ ᠳᠤ ᠺᠠᠮᠪᠤᠵᠠ ᠶᠢᠨ ᠠᠷᠠᠳ ᠤᠨ ᠨᠠᠮ ᠤᠨ ᠲᠡᠷᠢᠭᠦᠯᠡᠭᠴᠢ᠂ ᠳᠡᠭᠡᠳᠦ ᠵᠥᠪᠯᠡᠯᠭᠡᠨ ᠤ ᠲᠡᠷᠢᠭᠦᠯᠡᠭᠴᠢ ᠬᠤᠩᠰᠧᠨ ᠲᠠᠢ ᠬᠡᠯᠡᠯᠴᠡᠭᠡ ᠬᠢᠪᠡ᠃
1.jpg
      12 ᠰᠠᠷ᠎ᠠ ᠶᠢᠨ 3 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠲᠥᠷᠥ ᠶᠢᠨ ᠵᠣᠴᠢᠳ ᠤᠨ ᠪᠠᠭᠤᠳᠠᠯ ᠳᠤ ᠺᠠᠮᠪᠤᠵᠠ ᠶᠢᠨ ᠠᠷᠠᠳ ᠤᠨ ᠨᠠᠮ ᠤᠨ ᠲᠡᠷᠢᠭᠦᠯᠡᠭᠴᠢ᠂ ᠳᠡᠭᠡᠳᠦ ᠵᠥᠪᠯᠡᠯᠭᠡᠨ ᠤ ᠲᠡᠷᠢᠭᠦᠯᠡᠭᠴᠢ ᠬᠤᠩᠰᠧᠨ ᠲᠠᠢ ᠬᠡᠯᠡᠯᠴᠡᠭᠡ ᠬᠢᠪᠡ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠰᠢᠶᠧ ᠬᠤᠸᠠᠨ ᡂᠢ ᠰᠡᠭᠦᠳᠡᠷᠯᠡᠪᠡ      ᠰᠢ ᠶᠢᠨ ᠫᠢᠩ᠂ ᠳᠤᠮᠳᠠᠳᠤ ᠺᠠᠮᠪᠤᠵᠠ ᠶᠢᠨ ᠬᠠᠲᠠᠨ ᠪᠠᠲᠤ ᠨᠥᠬᠦᠷᠯᠡᠯ ᠲᠡᠭᠦᠯᠳᠡᠷ ᠰᠠᠶᠢᠬᠠᠨ ᠪᠠᠶᠢᠨ᠎ᠠ᠂ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠠᠰᠢᠭ ᠲᠤᠰᠠ ᠳᠤ ᠪᠦᠷᠢᠮᠦᠰᠦᠨ ᠨᠡᠶᠢᠴᠡᠨ᠎ᠡ᠃ ᠳᠤᠮᠳᠠᠳᠤ ᠤᠯᠤᠰ ᠢᠮᠠᠭᠲᠠ ᠺᠠᠮᠪᠤᠵᠠ ᠶᠢ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠪᠠᠨ ᠭᠤᠣᠯᠳᠠᠯᠭ᠎ᠠ ᠲᠠᠢ ᠴᠢᠭᠯᠡᠯ ᠪᠣᠯᠭᠠᠵᠤ᠂ ᠳᠤᠷᠠᠲᠠᠶ᠎ᠠ ᠺᠠᠮᠪᠤᠵᠠ ᠯᠤᠭ᠎ᠠ ᠭᠠᠷ ᠬᠤᠯᠪᠣᠨ ᠴᠢᠨᠠᠷ ᠰᠠᠶᠢᠲᠠᠢ᠂ ᠥᠨᠳᠥᠷ ᠲᠦᠪᠰᠢᠨ ᠲᠠᠢ᠂ ᠥᠨᠳᠥᠷ ᠪᠠᠷᠢᠮᠵᠢᠶ᠎ᠠ ᠲᠠᠢ ᠰᠢᠨ᠎ᠡ ᠴᠠᠭ ᠦᠶ᠎ᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ᠃ ᠬᠤᠶᠠᠷ ᠲᠠᠯ᠎ᠠ ᠪᠠᠷ ᠢᠶᠠᠨ ᠨᠢᠭᠡ ᠳᠤ᠂ ᠬᠠᠷᠢᠯᠴᠠᠨ ᠳᠡᠮᠵᠢᠯᠴᠡᠵᠦ᠂ ᠬᠠᠲᠠᠨ ᠪᠠᠲᠤ ᠨᠥᠬᠦᠷᠯᠡᠯ ᠢᠶᠠᠨ ᠪᠠᠬᠢᠵᠢᠭᠦᠯᠦᠶ᠎ᠡ᠃ ᠳᠤᠮᠳᠠᠳᠤ ᠤᠯᠤᠰ ᠺᠠᠮᠪᠤᠵᠠ ᠶᠢᠨ ᠬᠢᠨ ᠤ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠬᠤ ᠶᠢ ᠡᠷᠡᠰ ᠳᠡᠮᠵᠢᠨ᠎ᠡ᠃ ᠬᠤᠶᠠᠷ ᠲᠤ᠂ ᠰᠣᠯᠢᠯᠴᠠᠭ᠎ᠠ ᠲᠣᠯᠢᠳᠠᠯ ᠢᠶᠠᠨ ᠭᠦᠨᠵᠡᠭᠡᠶᠢᠷᠡᠭᠦᠯᠵᠦ᠂ ᠬᠥᠭᠵᠢᠯᠲᠡ ᠮᠠᠨᠳᠤᠯᠲᠠ ᠶᠢ ᠬᠠᠮᠲᠤ ᠪᠠᠷ ᠡᠷᠢᠯᠬᠢᠯᠡᠶ᠎ᠡ᠃ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠺᠠᠮᠪᠤᠵᠠ ᠶᠢᠨ ᠠᠷᠠᠳ ᠤᠨ ᠨᠠᠮ ᠯᠤᠭ᠎ᠠ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠣᠯᠣᠨ ᠺᠠᠳ᠋ᠷ ᠤᠨ ᠪᠣᠯᠪᠠᠰᠤᠷᠠᠯ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠺᠠᠮᠪᠤᠵᠠ ᠶᠢᠨ ᠲᠣᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢ ᠰᠦᠪᠡᠭᠴᠢᠯᠡᠬᠦ ᠳᠤ ᠬᠦᠴᠦᠨ ᠨᠡᠮᠡᠷᠢᠯᠡᠨ᠎ᠡ᠃ ᠭᠤᠷᠪᠠ ᠳᠤ᠂ ᠬᠠᠮᠲᠤᠷᠠᠯᠴᠠᠭᠠᠨ ᠤ ᠠᠵᠠ ᠲᠣᠬᠢᠶᠠᠯ ᠢ ᠡᠵᠡᠮᠳᠡᠵᠦ᠂ ᠬᠠᠮᠲᠤ ᠪᠠᠷ ᠠᠰᠢᠭ ᠬᠦᠷᠲᠡᠬᠦ ᠰᠢᠨ᠎ᠡ ᠪᠠᠶᠢᠳᠠᠯ ᠢ ᠨᠡᠭᠡᠭᠡᠶ᠎ᠡ᠃ ᠳᠤᠮᠳᠠᠳᠤ ᠤᠯᠤᠰ ᠳᠤᠷᠠᠲᠠᠶ᠎ᠠ ᠺᠠᠮᠪᠤᠵᠠ ᠯᠤᠭ᠎ᠠ ᠰᠢᠨ᠎ᠡ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠠᠵᠢᠯᠯᠠᠭᠠᠨ ᠤ ᠲᠥᠯᠥᠪᠯᠡᠭᠡ ᠶᠢ ᠨᠠᠶᠢᠳᠠᠪᠤᠷᠢᠵᠢᠭᠤᠯᠬᠤ ᠪᠠᠷ ᠭᠤᠣᠯ ᠰᠢᠵᠢᠮ ᠪᠣᠯᠭᠠᠵᠤ᠂ ︽ᠠᠯᠮᠠᠰ ᠵᠢᠷᠭᠤᠭᠠᠨ ᠲᠠᠯ᠎ᠠ︾ ᠶᠢᠨ ᠬᠠᠮᠲᠤᠷᠠᠯᠴᠠᠭᠠᠨ ᠤ ᠪᠦᠲᠦᠴᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ︽ᠠᠵᠤ ᠦᠢᠯᠡᠳᠪᠦᠷᠢ ᠶᠢᠨ ᠬᠥᠭᠵᠢᠯᠲᠡ ᠶᠢᠨ ᠬᠤᠩᠭᠢᠯ︾ ᠪᠣᠯᠣᠨ ︽ᠠᠮᠤ ᠪᠤᠳᠠᠭ᠎ᠠ ᠵᠢᠭᠠᠰᠤᠨ ᠤ ᠦᠢᠯᠡᠰ ᠤᠨ ᠬᠤᠩᠭᠢᠯ︾ ᠤᠨ ᠬᠠᠮᠲᠤᠷᠠᠯᠴᠠᠭᠠᠨ ᠤ ᠲᠥᠯᠥᠪᠵᠢᠭᠦᠯᠭᠡ ᠶᠢ ᠲᠣᠭᠲᠠᠭᠠᠵᠤ᠂ ᠭᠤᠣᠯᠳᠠᠯᠭ᠎ᠠ ᠲᠠᠢ ᠬᠠᠮᠲᠤᠷᠠᠯᠴᠠᠭᠠᠨ ᠤ ᠲᠥᠷᠥᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠪᠣᠯᠣᠨ ᠺᠠᠮᠪᠤᠵᠠ ᠶᠢᠨ ︽ᠲᠠᠪᠤᠨ ᠥᠨᠴᠥᠭᠲᠦ ᠪᠠᠶᠢᠯᠳᠤᠬᠤ ᠪᠣᠳᠣᠯᠭ᠎ᠠ︾ ᠶᠢᠨ ᠴᠢᠨᠠᠷ ᠰᠠᠶᠢᠲᠠᠢ ᠵᠣᠯᠭᠠᠯᠴᠠᠭ᠎ᠠ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃      ᠰᠢ ᠶᠢᠨ ᠫᠢᠩ᠂ ᠣᠳᠣᠬᠠᠨ ᠳᠤ ᠳᠡᠯᠡᠬᠡᠢ ᠶᠢᠨ ᠪᠠᠶᠢᠳᠠᠯ ᠤᠷᠪᠠᠭᠠᠨ ᠬᠥᠷᠪᠡᠭᠡᠨ ᠲᠠᠢ ᠪᠣᠯᠵᠤ᠂ ᠪᠥᠬᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠲᠠᠰᠤᠷᠠᠯᠲᠠ ᠦᠭᠡᠢ ᠭᠠᠷᠴᠤ᠂ ᠡᠯ᠎ᠡ ᠤᠯᠤᠰ ᠤᠨ ᠠᠷᠭᠠᠴᠠᠭᠠᠯᠲᠠ ᠪᠠ ᠰᠣᠩᠭᠤᠯᠲᠠ ᠶᠢ ᠰᠢᠯᠭᠠᠵᠤ ᠪᠠᠶᠢᠨ᠎ᠠ᠃ ᠳᠤᠮᠳᠠᠳᠤ ᠺᠠᠮᠪᠤᠵᠠ ᠬᠤᠶᠠᠷ ᠤᠯᠤᠰ ᠪᠦᠷ ᠳᠡᠯᠡᠬᠡᠢ ᠶᠢᠨ ᠡᠩᠬᠡ ᠲᠠᠶᠢᠪᠤᠩ ᠤᠨ ᠬᠦᠴᠦᠨ᠂ ᠬᠥᠭᠵᠢᠯᠲᠡ ᠶᠢᠨ ᠬᠦᠴᠦᠨ᠂ ᠳᠠᠪᠰᠢᠯᠲᠠ ᠶᠢᠨ ᠬᠦᠴᠦᠨ ᠪᠣᠯᠬᠤ ᠪᠠᠷ ᠴᠢᠷᠮᠠᠶᠢᠵᠤ ᠪᠠᠶᠢᠨ᠎ᠠ᠃ ᠳᠤᠮᠳᠠᠳᠤ ᠤᠯᠤᠰ ᠺᠠᠮᠪᠤᠵᠠ ᠶᠢᠨ ᠬᠢᠨ ᠤ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠤᠮᠳᠠ ᠨᠡᠩ ᠶᠡᠭᠡ ᠦᠢᠯᠡᠳᠦᠯ ᠦᠵᠡᠭᠦᠯᠬᠦ ᠶᠢ ᠦᠷᠭᠦᠯᠵᠢᠯᠡᠨ ᠳᠡᠮᠵᠢᠵᠦ᠂ ︽ᠪᠥᠬᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ︾ ᠤᠨ ᠬᠦᠴᠦᠨ ᠢ ᠪᠤᠵᠠᠭᠠᠶᠢᠷᠠᠭᠤᠯᠵᠤ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠪᠠᠶᠢᠯᠳᠤᠬᠤ ᠪᠣᠳᠣᠯᠭ᠎ᠠ ᠶᠢᠨ ᠪᠡᠶ᠎ᠡ ᠪᠠᠨ ᠳᠠᠭᠠᠭᠠᠬᠤ ᠶᠢ ᠪᠠᠷᠢᠮᠲᠠᠯᠠᠵᠤ᠂ ᠭᠤᠣᠯ ᠪᠣᠯᠬᠤ ᠪᠠᠶᠢᠷᠢ ᠰᠠᠭᠤᠷᠢ ᠪᠠᠨ ᠬᠠᠮᠠᠭᠠᠯᠠᠬᠤ ᠶᠢ ᠳᠡᠮᠵᠢᠵᠦ᠂ ᠭᠠᠳᠠᠭᠠᠳᠤ ᠶᠢᠨ ᠬᠦᠴᠦᠨ ᠤ ᠬᠦᠢᠲᠡᠨ ᠳᠠᠶᠢᠨ ᠤ ᠰᠡᠳᠬᠢᠬᠦᠢ ᠶᠢ ᠲᠣᠰ ᠭᠠᠵᠠᠷ ᠣᠷᠣᠨ ᠳᠤ ᠣᠷᠣᠭᠤᠯᠬᠤ ᠶᠢ ᠡᠷᠡᠰ ᠡᠰᠡᠷᠭᠦᠴᠡᠵᠦ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠨᠢᠭᠡ ᠴᠣᠭᠴᠠᠵᠢᠯᠲᠠ ᠪᠣᠯᠣᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠠᠬᠢᠭᠤᠯᠤᠨ᠎ᠠ᠃ ᠳᠤᠮᠳᠠᠳᠤ ᠤᠯᠤᠰ ᠳᠤᠷᠠᠲᠠᠶ᠎ᠠ ᠺᠠᠮᠪᠤᠵᠠ ᠶᠢᠨ ᠬᠢᠨ ᠲᠠᠢ ᠵᠠᠮ ᠢᠶᠠᠨ ᠦᠯᠦ ᠬᠤᠪᠢᠷᠠᠭᠤᠯᠬᠤ᠂ ᠵᠣᠷᠢᠭ ᠢᠶᠠᠨ ᠦᠯᠦ ᠬᠤᠪᠢᠷᠠᠭᠤᠯᠬᠤ ᠬᠦᠰᠡᠯ ᠪᠣᠳᠣᠯ ᠢᠶᠠᠨ ᠪᠠᠲᠤᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠬᠠᠮᠵᠢᠯᠴᠠᠭ᠎ᠠ ᠪᠠ ᠵᠣᠬᠢᠴᠠᠭᠤᠯᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ ᠠᠶᠤᠯ ᠲᠦᠭᠰᠢᠭᠦᠷᠢ ᠶᠢ ᠬᠠᠮᠲᠤ ᠪᠠᠷ ᠠᠷᠭᠠᠴᠠᠭᠠᠨ᠎ᠠ ᠭᠡᠵᠦ ᠵᠢᠭᠠᠵᠤ ᠭᠠᠷᠭᠠᠪᠠ᠃
2.jpg
      12 ᠰᠠᠷ᠎ᠠ ᠶᠢᠨ 3 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠲᠥᠷᠥ ᠶᠢᠨ ᠵᠣᠴᠢᠳ ᠤᠨ ᠪᠠᠭᠤᠳᠠᠯ ᠳᠤ ᠺᠠᠮᠪᠤᠵᠠ ᠶᠢᠨ ᠠᠷᠠᠳ ᠤᠨ ᠨᠠᠮ ᠤᠨ ᠲᠡᠷᠢᠭᠦᠯᠡᠭᠴᠢ᠂ ᠳᠡᠭᠡᠳᠦ ᠵᠥᠪᠯᠡᠯᠭᠡᠨ ᠤ ᠲᠡᠷᠢᠭᠦᠯᠡᠭᠴᠢ ᠬᠤᠩᠰᠧᠨ ᠲᠠᠢ ᠬᠡᠯᠡᠯᠴᠡᠭᠡ ᠬᠢᠪᠡ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠶᠣᠣ ᠳ᠋ᠠ ᠸᠧᠢ ᠰᠡᠭᠦᠳᠡᠷᠯᠡᠪᠡ      ᠬᠤᠩᠰᠧᠨ᠂ ᠺᠠᠮᠪᠤᠵᠠ ᠳᠤᠮᠳᠠᠳᠤ ᠶᠢᠨ ᠨᠥᠬᠦᠷᠯᠡᠯ ᠢ ᠬᠤᠶᠠᠷ ᠲᠠᠯ᠎ᠠ ᠶᠢᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ ᠬᠠᠮᠲᠤ ᠪᠠᠷ ᠲᠣᠭᠲᠠᠭᠠᠵᠤ᠂ ᠲᠡᠦᠬᠡ ᠪᠠ ᠴᠠᠭ ᠬᠤᠭᠤᠴᠠᠭᠠᠨ ᠤ ᠰᠢᠯᠭᠠᠯᠲᠠ ᠶᠢ ᠳᠠᠭᠠᠭᠠᠵᠤ᠂ ᠺᠠᠮᠪᠤᠵᠠ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠬᠤᠶᠠᠷ ᠲᠠᠯ᠎ᠠ ᠶᠢᠨ ᠬᠠᠮᠲᠤ ᠶᠢᠨ ᠠᠰᠢᠭ ᠲᠤᠰᠠ ᠳᠤ ᠨᠡᠶᠢᠴᠡᠵᠦ ᠪᠠᠶᠢᠨ᠎ᠠ᠃ ᠳᠤᠮᠳᠠᠳᠤ ᠤᠯᠤᠰ ᠤᠨ ᠤᠷᠳᠤ ᠬᠤᠭᠤᠴᠠᠭᠠᠨ ᠤ ᠲᠤᠷᠰᠢ ᠺᠠᠮᠪᠤᠵᠠ ᠶᠢᠨ ᠤᠯᠤᠰ ᠲᠦᠷᠦ ᠠᠵᠤ ᠠᠬᠤᠢ ᠨᠡᠶᠢᠭᠡᠮ ᠤᠨ ᠬᠥᠭᠵᠢᠯᠲᠡ ᠳᠤ ᠡᠷᠬᠢᠮ ᠨᠠᠨᠳᠢᠨ ᠳᠡᠮᠵᠢᠯᠭᠡ ᠪᠠ ᠬᠠᠪᠰᠤᠷᠤᠯᠭ᠎ᠠ ᠦᠵᠡᠭᠦᠯᠦᠭᠰᠡᠨ ᠳᠤ ᠺᠠᠮᠪᠤᠵᠠ ᠶᠢᠨ ᠬᠢᠨ ᠲᠠᠯᠠᠷᠬᠠᠵᠤ ᠪᠠᠶᠢᠨ᠎ᠠ᠂ ᠳᠤᠮᠳᠠᠳᠤ ᠤᠯᠤᠰ ᠪᠣᠯ ᠺᠠᠮᠪᠤᠵᠠ ᠶᠢᠨ ᠬᠠᠮᠤᠭ ᠤᠨ ᠢᠲᠡᠭᠡᠮᠵᠢᠲᠡᠢ ᠨᠠᠶᠢᠵᠠ ᠮᠥᠨ᠃ ᠳᠤᠮᠳᠠᠳᠤ ᠤᠯᠤᠰ ᠯᠤᠭ᠎ᠠ ᠨᠦᠭᠦᠷᠰᠡᠭ ᠪᠠᠶᠢᠬᠤ ᠪᠣᠯ ᠺᠠᠮᠪᠤᠵᠠ ᠶᠢᠨ ᠠᠷᠠᠳ ᠤᠨ ᠨᠠᠮ ᠤᠨ ᠪᠠᠲᠤ ᠴᠢᠩᠭ᠎ᠠ ᠤᠯᠤᠰ ᠲᠦᠷᠦ ᠶᠢᠨ ᠬᠠᠮᠲᠤ ᠶᠢᠨ ᠲᠠᠨᠢᠯᠲᠠ ᠪᠣᠯᠣᠨ᠎ᠠ᠂ ᠺᠠᠮᠪᠤᠵᠠ ᠶᠢᠨ ᠤᠳᠤᠷᠢᠳᠬᠤ ᠳᠠᠪᠬᠤᠷᠭ᠎ᠠ ᠶᠢᠨ ᠦᠶ᠎ᠡ ᠰᠣᠯᠢᠭᠳᠠᠬᠤ ᠠᠴᠠ ᠪᠣᠯᠵᠤ ᠬᠤᠪᠢᠷᠠᠯᠲᠠ ᠭᠠᠷᠬᠤ ᠦᠭᠡᠢ ᠶᠤᠮ᠃ ᠺᠠᠮᠪᠤᠵᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠦᠷᠭᠦᠯᠵᠢᠯᠡᠨ ᠡᠷᠡᠰ ᠪᠠᠷᠢᠮᠲᠠᠯᠠᠵᠤ᠂ ᠳᠤᠮᠳᠠᠳᠤ ᠤᠯᠤᠰ ᠤᠨ ᠭᠤᠣᠯᠯᠠᠭᠴᠢ ᠠᠰᠢᠭ ᠲᠤᠰᠠ ᠪᠠᠨ ᠬᠠᠮᠠᠭᠠᠯᠠᠬᠤ ᠶᠢ ᠲᠡᠮᠵᠢᠵᠥ᠂ ᠳᠤᠷᠠᠲᠠᠶ᠎ᠠ ᠳᠤᠮᠳᠠᠳᠤ ᠤᠯᠤᠰ ᠯᠤᠭ᠎ᠠ ᠨᠠᠮ ᠤᠨ ᠬᠤᠭᠤᠷᠣᠨᠳᠣᠭᠢ ᠶᠠᠪᠤᠯᠴᠠᠭ᠎ᠠ ᠪᠠᠨ ᠪᠦᠭᠦ ᠲᠠᠯ᠎ᠠ ᠪᠠᠷ ᠴᠢᠩᠭᠠᠳᠬᠠᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠠᠬᠢᠭᠤᠯᠵᠤ᠂ ᠵᠠᠯᠠᠭᠤᠴᠤᠳ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ᠃ ᠺᠠᠮᠪᠤᠵᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠤᠨ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠨ᠎ᠠ ᠭᠡᠵᠦ ᠢᠯᠡᠳᠬᠡᠪᠡ᠃      ᠼᠠᠢ ᠴᠢ᠂ ᠸᠠᠩ ᠢ ᠬᠡᠯᠡᠯᠴᠡᠭᠡ ᠳᠤ ᠣᠷᠣᠯᠴᠠᠪᠠ᠃   
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠮᠥᠩᠭᠤᠯ ᠰᠦᠯᠵᠢᠶ᠎ᠡ