ᠬᠠᠩᠭᠢᠨ ᠬᠤᠶᠢᠲᠤ ᠬᠤᠰᠢᠭᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/5
      ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠰᠢᠮᠳᠠᠭᠤᠯᠵᠤ ᠪᠠᠶᠢᠭᠠᠳ ᠪᠣᠳᠠᠲᠠᠶ ᠠᠷᠭ᠎ᠠ ᠬᠡᠮᠵᠢᠶ᠎ᠡ ᠠᠪᠴᠤ ᠪᠣᠳᠠᠲᠤ ᠦᠷ᠎ᠡ ᠪᠦᠲᠦᠮᠵᠢ ᠣᠯᠵᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ᠂ ᠠᠳᠠᠯᠢᠳᠬᠠᠨ ᠰᠤᠷᠤᠯᠴᠠᠵᠤ ᠳᠠᠪᠠᠵᠤ ᠭᠠᠷᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ ᠶᠤᠮ᠃ 11 ᠰᠠᠷ᠎ᠠ ᠶᠢᠨ 29 ᠤ ᠡᠳᠦᠷ᠂ ᠬᠠᠩᠭᠢᠨ ᠬᠤᠶᠢᠲᠤ ᠬᠤᠰᠢᠭᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠤᠬᠠᠶ ᠶᠢᠨ ᠲᠠᠯᠠᠪᠤᠷ ᠤᠨ ᠬᠤᠷᠠᠯ ᠬᠤᠷᠠᠯᠳᠤᠭᠤᠯᠪᠠ᠃
1.jpg
       ᠬᠤᠰᠢᠭᠤᠨ ᠤ ᠤᠳᠤᠷᠢᠳᠤᠯᠭ᠎ᠠ ᠰᠦᠨ ᡁᠢ ᠭᠠᠩ᠂ ᠵᠠᠩ ᠱᠦᠨ ᠴᠠᠩ᠂ ᠵᠠᠩ ᠸᠧᠨ ᠮᠢᠨ᠂ ᠸᠠᠩ ᠺᠠᠶ ᠵᠢᠶᠦ᠋ᠨ᠂ ᠬᠤᠤ ᠶᠠᠨ ᠢᠦᠶ᠂ ᠸᠠᠩ ᠵᠢᠶ ᠮᠢᠨ᠂ ᠰᠢᠶᠧ ᠽᠦᠩ ᠶᠤᠸᠠᠨ ᠣᠷᠣᠯᠴᠠᠵᠠᠶ᠃      ᠰᠦᠨ ᡁᠢ ᠭᠠᠩ ᠨᠠᠷ ᠤᠷᠢᠳ ᠬᠤᠵᠢᠳ ᠱᠠᠮᠪᠠ ᠪᠠᠯᠭᠠᠰᠤᠨ ᠤ ᠵᠦᠩ ᠱᠧᠩ ᠲᠣᠰᠬᠤᠨ ᠤ ᠠᠷᠠᠳ ᠤᠨ ᠵᠥᠪᠯᠡᠯ᠂ ᠬᠤᠳᠠ ᠶᠢᠨ ᠪᠠᠷᠠᠭᠤᠨᠳᠡᠬᠢ ᠠᠶᠠᠨᠴᠢᠳ ᠤᠨ ᠲᠡᠭᠡᠭᠡᠪᠦᠷᠢ ᠶᠢᠨ ᠦᠷᠳᠡᠭᠡ ᠠᠴᠠ ᠪᠠᠷᠠᠭᠤᠨᠰᠢ ᠲᠠᠲᠠᠪᠤᠷᠢᠯᠠᠨ ᠨᠤᠷᠠᠭᠠᠬᠤ ᠭᠠᠵᠠᠷ᠂ ᠲᠠᠮᠢᠯ ᠴᠠᠬᠢᠯᠭᠠᠨ ᠦᠢᠯᠡᠳᠪᠦᠷᠢ ᠶᠢᠨ ᠪᠠᠷᠠᠭᠤᠨᠰᠢ ᠲᠠᠲᠠᠪᠤᠷᠢᠯᠠᠨ ᠨᠤᠷᠠᠭᠠᠬᠤ ᠭᠠᠵᠠᠷ᠂ ᠱᠠᠮᠪᠠ ᠪᠠᠯᠭᠠᠰᠤᠨ ᠤ ᠤᠯᠠᠭᠠᠨᠬᠠᠳᠠ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠣᠭᠤᠷᠢᠭ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠲᠤᠬᠠᠢ ᠶᠢᠨ ᠲᠠᠯᠠᠪᠠᠢ ᠳᠤ ᠯᠠᠪᠯᠠᠨ ᠠᠰᠠᠭᠤᠬᠤ᠂ ᠲᠤᠷᠰᠢᠯᠭ᠎ᠠ ᠠᠷᠭ᠎ᠠ ᠬᠢᠳᠡᠯ ᠢᠶᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠤᠢᠢᠷ᠎ᠠ ᠶᠢᠨ ᠬᠤᠭᠤᠴᠠᠭᠠᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠢᠴᠢ ᠬᠤᠳᠠ ᠶᠢᠨ ᠲᠣᠭᠤᠷᠢᠭ ᠤᠨ ᠪᠠᠷᠢᠯᠭ᠎ᠠ ᠶᠢᠨ ᠬᠤᠭ ᠨᠣᠪᠰᠢ ᠶᠢ ᠴᠡᠭᠴᠡᠯᠡᠨ ᠵᠠᠰᠠᠭᠰᠠᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠲᠤᠬᠠᠢ ᠶᠢᠨ ᠲᠠᠯᠠᠪᠠᠢ ᠳᠤ ᠲᠤᠷᠰᠢᠯᠭ᠎ᠠ ᠪᠠᠨ ᠳ᠋ᠦᠩᠨᠡᠵᠦ᠂ ᠠᠰᠠᠭᠤᠳᠠᠯ ᠢ ᠵᠠᠳᠠᠯᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃
2.jpg
      ᠳᠠᠷᠠᠭ᠎ᠠ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠱᠠᠮᠪᠠ ᠪᠠᠯᠭᠠᠰᠤᠨ ᠤ ᠬᠠᠷᠢᠭᠤᠴᠠᠯᠭᠠᠲᠠᠨ ᠨᠡᠶᠢᠲᠡᠯᠢᠭ ᠲᠤᠷᠰᠢᠯᠭ᠎ᠠ ᠪᠠᠨ ᠬᠤᠪᠢᠶᠠᠯᠴᠠᠵᠤ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠷᠢᠭᠤᠴᠠᠯᠭᠠᠲᠠᠨ ᠬᠤᠲᠠ ᠶᠢᠨ ᠲᠣᠭᠤᠷᠢᠭ ᠤᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠪᠠ ᠬᠤᠲᠠ ᠶᠢᠨ ᠲᠣᠭᠤᠷᠢᠭ ᠤᠨ ᠡᠮᠬᠢ ᠳᠢᠭᠯᠢᠮ ᠢ ᠴᠡᠭᠴᠡᠯᠡᠨ ᠵᠠᠰᠠᠬᠤ ᠶᠢᠨ ᠲᠣᠭᠤᠷᠢᠨ ᠳᠤ ᠶᠠᠷᠢᠶ᠎ᠠ ᠲᠠᠯᠪᠢᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠲᠠ ᠬᠥᠳᠡᠭᠡ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠳᠦᠷᠰᠦ ᠪᠠᠶᠢᠳᠠᠯ ᠢ ᠰᠠᠶᠢᠵᠢᠷᠠᠭᠤᠯᠬᠤ ᠲᠤᠬᠠᠶ ᠶᠠᠷᠢᠶ᠎ᠠ ᠲᠠᠯᠪᠢᠵᠤ᠂ ᠴᠤᠸᠠᠨ ᠨᠧᠩ ᠺᠣᠮᠫᠠᠨᠢ ᠶᠢᠨ ᠬᠠᠷᠢᠭᠤᠴᠠᠯᠭᠠᠲᠠᠨ ᠴᠡᠴᠡᠷᠯᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠨᠢᠭᠡ ᠴᠤᠭᠴᠠᠵᠢᠭᠤᠯᠬᠤ ᠠᠵᠢᠯ ᠤᠨ ᠲᠣᠭᠤᠷᠢᠨ ᠳᠤ ᠣᠪᠣᠷ ᠢᠶᠠᠨ ᠢᠯᠡᠳᠬᠡᠵᠦ᠂ ᠸᠠᠩ ᠵᠢᠶ ᠮᠢᠨ᠂ ᠰᠢᠶᠧ ᠽᠦᠩ ᠶᠤᠸᠠᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ       ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠪᠠᠯᠭᠠᠰᠤ ︵ᠲᠠᠷᠢᠶᠠᠯᠠᠩ ᠤᠨ ᠲᠠᠯᠠᠪᠠᠶ︶ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠷᠢᠮᠲᠠᠯᠠᠨ᠂ ᠲᠤᠤᠷᠵᠢᠯ ᠤᠨ ᠬᠠᠮᠢᠶᠠᠷᠤᠯᠲᠠ ᠶᠢᠨ ᠰᠢᠰᠲ᠋ᠧᠮ ᠢ ᠨᠠᠷᠢᠯᠢᠬᠵᠢᠭᠤᠯᠤᠨ ᠰᠠᠶᠢᠲᠤᠷ ᠨᠠᠶᠢᠳᠠᠪᠤᠷᠢᠵᠢᠭᠤᠯᠵᠤ᠂ ︽ᠲᠠᠪᠤᠨ ᠰᠠᠶᠢᠨᠲᠠᠶ ᠬᠤᠶᠠᠷ ᠲᠣᠬᠢᠷᠠᠮᠵᠢᠲᠠᠶ︾ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠲᠣᠭᠲᠠᠴᠠ ᠶᠣᠰᠣᠭᠠᠷ᠂ ᠲᠥᠪᠯᠡᠷᠡᠭᠦᠯᠦᠨ ᠴᠡᠭᠴᠡᠯᠡᠨ ᠵᠠᠰᠠᠬᠤ ᠪᠠ ᠪᠠᠶᠢᠩᠭᠤᠵᠢᠭᠤᠯᠤᠭᠰᠠᠨ ᠬᠠᠮᠢᠶᠠᠷᠤᠯᠲᠠ ᠶᠢ ᠣᠷᠭᠠᠨᠢᠭ ᠢᠶᠠᠷ ᠤᠶᠠᠯᠳᠤᠭᠤᠯᠬᠤ ᠬᠡᠷᠡᠭᠲᠡᠶ᠃ ᠥᠷᠭᠡᠨ ᠤᠯᠠᠨ ᠺᠠᠳ᠋ᠷ ᠤᠨ ᠡᠩᠨᠡᠭᠡᠨ ᠤ ᠨᠢᠭᠲᠠᠷᠠᠯ ᠤᠨ ᠬᠦᠴᠦᠨ᠂ ᠪᠦᠲᠦᠭᠡᠯᠴᠢ ᠬᠦᠴᠦᠨ᠂ ᠬᠡᠷᠡᠭᠵᠢᠭᠦᠯᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠺᠠᠳ᠋ᠷᠴᠤᠳ ᠤᠨ ᠦᠢᠯᠡᠴᠢᠯᠡᠭᠡᠨ ᠤ ᠤᠬᠠᠮᠰᠠᠷ ᠢ ᠴᠢᠩᠭᠠᠳᠬᠠᠵᠤ᠂ ᠠᠷᠠᠳ ᠲᠦᠮᠡᠨ ᠳᠤ ᠦᠢᠯᠡᠴᠢᠯᠡᠬᠦ ︽ᠵᠢᠩᠬᠢᠨᠢ ᠴᠢᠳᠠᠪᠤᠷᠢ︾ ᠪᠠᠨ ᠴᠢᠩᠭᠠᠳᠬᠠᠵᠤ᠂ ᠵᠣᠷᠢᠭᠲᠠᠢ ᠪᠠᠷ ᠬᠦᠴᠢᠷᠳᠡᠯ ᠳᠤ ᠰᠢᠭᠤᠳ ᠬᠠᠨᠳᠤᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠵᠢᠩᠬᠢᠨᠢ ︽ᠲᠦᠷᠪᠡᠨ ᠤᠯᠠᠷᠢᠯ ᠤᠨ ᠰᠤᠷᠲᠠᠯ︾ ᠪᠣᠯᠭᠠᠨ ᠬᠤᠪᠢᠷᠠᠭᠤᠯᠬᠤ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠥᠷᠭᠡᠨ ᠢᠶᠠᠷ ᠤᠬᠠᠭᠤᠯᠵᠤ᠂ ᠣᠯᠠᠨ ᠲᠦᠮᠡᠨ ᠢ ᠳᠠᠶᠢᠴᠢᠯᠠᠨ ᠣᠷᠣᠯᠴᠠᠭᠤᠯᠵᠤ᠂ ᠤᠬᠠᠮᠰᠠᠷ ᠠᠴᠠ ᠪᠠᠨ ᠴᠡᠪᠡᠷᠯᠡᠨ ᠠᠷᠢᠯᠭᠠᠬᠤ᠂ ᠪᠠᠲᠤᠯᠠᠬᠤ ᠳᠠᠳᠬᠠᠯ ᠢ ᠪᠣᠶ ᠪᠣᠯᠭᠠᠬᠤ ᠬᠡᠷᠡᠭᠲᠡᠶ᠃ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠷᠢᠮᠵᠢᠶ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠣᠳᠣᠬᠠᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠦᠴᠢᠷ ᠠᠰᠠᠭᠤᠳᠠᠯ ᠳᠤ ᠲᠠᠰᠤᠷᠠᠯᠲᠠ ᠥᠬᠡᠶ ᠠᠩᠬᠠᠷᠤᠯ ᠢᠶᠠᠨ ᠲᠥᠪᠯᠡᠷᠡᠭᠦᠯᠵᠦ᠂ ᠨᠠᠩ ᠥᠨᠳᠥᠷ ᠵᠣᠭᠰᠣᠴᠠ᠂ ᠨᠠᠩ ᠴᠢᠩᠭ᠎ᠠ ᠪᠠᠷᠢᠮᠵᠢᠶ᠎ᠠ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠵᠤ᠂ ᠥᠷᠭᠡᠨ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ