ᠰᠢ ᠶᠢᠨ ᠫᠢᠩ ᠨᠠᠮᠢᠪᠢᠶ᠎ᠠ ᠶᠢᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠧᠨᠳᠠᠶᠢᠳ᠋ᠸᠧᠠ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠠᠢ
ᠨᠡᠶᠢᠲᠡᠯᠡᠭᠰᠡᠨ ᠴᠠᠭ᠄
2024/12/6
      ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 5 ᠤ ᠴᠠᠬᠢᠯᠭᠠᠨ ᠮᠡᠳᠡᠭᠡ 12 ᠰᠠᠷ᠎ᠠ ᠶᠢᠨ 5 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠨᠧᠶᠢᠲ᠋ᠦ᠋ᠩᠪᠦᠸᠧ · ᠨᠠᠨᠳᠢ — ᠧᠨᠳᠠᠶᠢᠳ᠋ᠸᠧᠠ ᠳᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠭᠦᠳᠡ ᠨᠠᠶᠢᠷᠠᠮᠳᠠᠬᠤ ᠨᠠᠮᠢᠪᠢᠶ᠎ᠠ ᠤᠯᠤᠰ ᠤᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠪᠡ᠃      ᠰᠢ ᠶᠢᠨ ᠫᠢᠩ᠂ ᠳᠤᠮᠳᠠᠳᠤ ᠤᠯᠤᠰ ᠨᠠᠮᠢᠪᠢᠶ᠎ᠠ ᠲᠠᠢ ᠤᠯᠠᠮᠵᠢᠯᠠᠯᠲᠤ ᠨᠥᠬᠦᠷᠯᠡᠯ ᠲᠠᠢ ᠶᠤᠮ᠃ ᠣᠶᠢᠷ᠎ᠠ ᠶᠢᠨ ᠵᠢᠯ ᠠᠴᠠ᠂ ᠬᠤᠶᠠᠷ ᠤᠯᠤᠰ ᠤᠨ ᠤᠯᠤᠰ ᠲᠥᠷᠥ ᠶᠢᠨ ᠢᠲᠡᠭᠡᠯᠴᠡᠭᠡ ᠨᠡᠩ ᠪᠠᠬᠢᠵᠢᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ ᠲᠣᠰ ᠲᠣᠰ ᠤᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠳᠡᠭᠡᠷ᠎ᠡ ᠬᠠᠷᠢᠯᠴᠠᠨ ᠳᠡᠮᠵᠢᠪᠡ᠃ ᠪᠢ ᠳᠤᠮᠳᠠᠳᠤ ᠨᠠᠮᠢᠪᠢᠶ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠶᠢᠯᠡᠭᠴᠢ ᠧᠨᠳᠠᠶᠢᠳ᠋ᠸᠧᠠ ᠲᠠᠢ ᠬᠠᠮᠲᠤ ᠪᠠᠷ ᠴᠢᠷᠮᠠᠶᠢᠵᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠪᠠᠷ ᠠᠵᠠ ᠲᠣᠬᠢᠶᠠᠯ ᠪᠣᠯᠭᠠᠵᠤ᠂ ᠤᠯᠠᠮᠵᠢᠯᠠᠯᠲᠤ ᠨᠥᠬᠦᠷᠯᠡᠯ ᠢᠶᠠᠨ ᠪᠠᠳᠠᠷᠠᠭᠤᠯᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠲᠠ ᠦᠭᠡᠢ ᠬᠥᠭᠵᠢᠬᠦ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠮᠥᠩᠭᠤᠯ ᠰᠦᠯᠵᠢᠶ᠎ᠡ