ᠮᠠᠨ ᠤ ᠤᠯᠤᠰ ᠲᠠᠷᠠᠭᠠᠴᠢ ᠶᠢᠨ ᠱᠠᠲᠤᠨ ᠳᠤ ᠤᠶᠠᠮᠠᠨ ᠡᠪᠡᠳᠴᠢᠨ ᠤ ᠬᠤᠣᠷ ᠬᠥᠨᠥᠭᠡᠯ ᠢ ᠪᠥᠬᠦ ᠲᠠᠯ᠎ᠠ ᠪᠠᠷ ᠠᠷᠢᠯᠭᠠᠬᠤ ᠬᠠᠷᠠᠯᠲᠠ ᠶᠢ ᠲᠣᠳᠣᠷᠬᠠᠶᠢᠯᠠᠪᠠ
ᠨᠡᠶᠢᠲᠡᠯᠡᠭᠰᠡᠨ ᠴᠠᠭ᠄
2024/2/21
      28 ᠤ ᠡᠳᠦᠷ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ ᠵᠡᠷᠭᠡ 12 ᠰᠠᠯᠠᠭ᠎ᠠ ᠮᠥᠴᠢᠷ ᠬᠠᠮᠲᠤᠷᠠᠨ ︽ᠥᠮᠡᠨ ᠡᠪᠡᠳᠴᠢᠨ ᠤ ᠬᠤᠣᠷ ᠬᠥᠨᠥᠭᠡᠯ ᠢ ᠪᠥᠬᠦ ᠲᠠᠯ᠎ᠠ ᠪᠠᠷ ᠠᠷᠢᠯᠭᠠᠬᠤ ᠦᠷᠭᠦᠯᠵᠢᠯᠡᠬᠦ᠋ᠢᠴᠡ ᠬᠥᠭᠵᠢᠯᠲᠡ ᠶᠢᠨ ᠲᠦᠯᠦᠪᠯᠡᠭᠡ ︵2024 — 2030 ᠣᠨ︶︾ ᠶᠢ ᠳᠠᠷᠤᠮᠠᠯᠯᠠᠨ ᠲᠠᠷᠬᠠᠭᠠᠵᠤ᠂ 2030 ᠣᠨ ᠪᠣᠯᠬᠤ ᠳᠤ᠂ ᠪᠥᠬᠦ ᠤᠯᠤᠰ ᠤᠨ ᠥᠮᠡᠨ ᠡᠪᠡᠳᠴᠢᠨ ᠳᠤ ᠨᠡᠷᠪᠡᠭᠳᠡᠭᠰᠡᠨ ᠨᠣᠷᠮ᠎ᠠ ᠨᠢ 1/10 ᠲᠦᠮᠡ ᠠᠴᠠ ᠳᠡᠭᠡᠭᠰᠢᠬᠢ ᠰᠢᠶᠠᠨ ︵ᠬᠤᠲᠠ᠂ ᠲᠣᠭᠤᠷᠢᠭ︶ ᠤ ᠲᠤᠭ᠎ᠠ ᠶᠢ 0 ᠪᠣᠯᠭᠠᠵᠤ᠂ ᠥᠮᠡᠨ ᠡᠪᠡᠳᠴᠢᠲᠡᠨ ᠢ ᠡᠮᠨᠡᠨ ᠵᠠᠰᠠᠬᠤ ᠳᠤ 2 ᠲᠠᠰ ᠤᠨ ᠵᠡᠷᠡᠮᠳᠡᠭ ᠵᠡᠮᠳᠡᠭ ᠰᠢᠨ᠎ᠡ ᠪᠠᠷ ᠡᠭᠦᠰᠬᠦ ᠬᠠᠷᠢᠴᠠᠯ ᠢ 0 ᠪᠣᠯᠭᠠᠵᠤ᠂ ᠥᠮᠡᠨ ᠡᠪᠡᠳᠴᠢᠨ ᠢ ᠠᠷᠢᠯᠭᠠᠬᠤ ᠬᠠᠷᠠᠯᠲᠠ ᠶᠢ ᠳᠤᠮᠳᠠᠳᠤ ᠤᠯᠤᠰ ᠲᠤ ᠡᠷᠲᠡᠬᠡᠨ ᠪᠡᠶᠡᠯᠡᠭᠦᠯᠦᠨ᠎ᠡ ᠭᠡᠵᠦ ᠲᠣᠳᠣᠷᠬᠠᠶᠢᠯᠠᠵᠠᠢ᠃      ᠥᠮᠡᠨ ᠡᠪᠡᠳᠴᠢᠨ ᠪᠣᠯ ᠬᠥᠮᠥᠨ ᠲᠥᠷᠥᠯᠬᠢᠲᠡᠨ ᠤ ᠡᠷᠡᠭᠦᠯ ᠮᠡᠨᠳᠦ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠬᠤ ᠨᠢᠭᠡ ᠵᠦᠢᠯ ᠤᠨ ᠤᠳᠠᠭᠠᠨ ᠴᠢᠨᠠᠷᠲᠠᠢ ᠬᠠᠯᠳᠠᠪᠤᠷᠢᠲᠤ ᠡᠪᠡᠳᠴᠢᠨ ᠮᠥᠨ᠂ ᠡᠷᠲᠡ ᠢᠯᠡᠷᠡᠭᠦᠯᠬᠦ ᠦᠭᠡᠢ ᠪᠤᠶᠤ ᠴᠠᠭ ᠲᠤᠬᠠᠢ ᠳᠤ ᠨᠢ ᠡᠮᠨᠡᠨ ᠵᠠᠰᠠᠬᠤ ᠦᠭᠡᠢ ᠪᠣᠯ ᠬᠡᠰᠡᠭ ᠭᠠᠵᠠᠷ ᠤᠨ ᠠᠷᠠᠰᠤ ᠶᠢ ᠭᠡᠮᠲᠦᠭᠡᠵᠦ᠂ ᠴᠢᠨᠠᠭᠰᠢᠯᠠᠪᠠᠯ ᠬᠦᠨᠳᠦ ᠨᠣᠴᠢᠲᠠᠢ ᠨᠢ ᠬᠠᠷᠠᠭ᠎ᠠ ᠪᠠᠨ ᠠᠯᠳᠠᠬᠤ᠂ ᠨᠢᠭᠤᠷ ᠤᠨ ᠬᠡᠰᠡᠭ ᠨᠢ ᠵᠡᠷᠡᠮᠳᠡᠭ ᠪᠣᠯᠬᠤ ᠪᠠ ᠭᠠᠷ ᠬᠥᠯ ᠨᠢ ᠵᠡᠮᠳᠡᠭ ᠪᠣᠯᠬᠤ ᠵᠡᠷᠭᠡ ᠢᠯᠡᠷᠡᠯ ᠲᠠᠢ ᠪᠠᠶᠢᠳᠠᠭ᠃      ᠨᠢᠭᠡ ᠪᠦᠯᠦᠭ ᠲᠤᠭ᠎ᠠ ᠪᠠᠷᠢᠮᠲᠠ ᠠᠴᠠ ᠦᠵᠡᠪᠡᠯ᠂ ᠮᠠᠨ ᠤ ᠤᠯᠤᠰ ︽ᠪᠦᠬᠦ ᠤᠯᠤᠰ ᠤᠨ ᠥᠮᠡᠨ ᠡᠪᠡᠳᠴᠢᠨ ᠤ ᠬᠤᠣᠷ ᠬᠥᠨᠥᠭᠡᠯ ᠢ ᠠᠷᠢᠯᠭᠠᠬᠤ ᠲᠦᠯᠦᠪᠯᠡᠭᠡ ︵2011 — 2020 ᠣᠨ︶︾ ᠶᠢ ᠬᠡᠷᠡᠭᠵᠢᠭᠦᠯᠬᠦ ᠪᠠᠷ ᠳᠠᠮᠵᠢᠨ᠂ ᠪᠦᠬᠦ ᠤᠯᠤᠰ ᠲᠤ ᠥᠮᠡᠨ ᠡᠪᠡᠳᠴᠢᠨ ᠤ ᠬᠤᠣᠷ ᠬᠥᠨᠥᠭᠡᠯ ᠢ ᠦᠨᠳᠦᠰᠦᠨ ᠳᠤ ᠪᠠᠨ ᠠᠷᠢᠯᠭᠠᠭᠰᠠᠨ ᠴᠢᠬᠤᠯᠠ ᠦᠷ᠎ᠡ ᠪᠦᠲᠦᠭᠡᠯ ᠣᠯᠣᠭᠰᠠᠨ ᠪᠠᠶᠢᠨ᠎ᠠ᠃ 2020 ᠣᠨ ᠤ ᠡᠴᠦᠰ ᠪᠣᠯᠲᠠᠯ᠎ᠠ᠂ ᠪᠥᠬᠦ ᠤᠯᠤᠰ ᠤᠨ ᠥᠮᠡᠨ ᠡᠪᠡᠳᠴᠢᠨ ᠳᠤ ᠨᠡᠷᠪᠡᠭᠳᠡᠭᠰᠡᠳ ᠤᠨ ᠲᠤᠭ᠎ᠠ ᠢᠯᠡᠳᠲᠡ ᠪᠠᠭᠠᠰᠴᠤ᠂ 2010 ᠣᠨ ᠤ ᠡᠴᠦᠰ ᠤᠨ ᠬᠢ ᠠᠴᠠ 50% ᠠᠴᠠ ᠳᠡᠭᠡᠭᠰᠢ ᠪᠠᠷ ᠪᠠᠭᠤᠷᠠᠭᠤᠯᠤᠨ᠂ ᠪᠥᠬᠦ ᠤᠯᠤᠰ ᠤᠨ 98% ᠠᠴᠠ ᠳᠡᠭᠡᠭᠰᠢᠬᠢ ᠰᠢᠶᠠᠨ ︵ᠬᠤᠲᠠ᠂ ᠲᠣᠭᠤᠷᠢᠭ︶ ᠤ ᠥᠮᠡᠨ ᠡᠪᠡᠳᠴᠢᠨ ᠳᠤ ᠨᠡᠷᠪᠡᠭᠳᠡᠬᠦ ᠨᠣᠷᠮ᠎ᠠ ᠶᠢ 1/10 ᠲᠦᠮᠡ ᠠᠴᠠ ᠳᠣᠷᠣᠭᠰᠢ ᠪᠠᠶᠢᠯᠭᠠᠬᠤ ᠲᠦᠯᠦᠪᠯᠡᠭᠡ ᠶᠢᠨ ᠬᠠᠷᠠᠯᠲᠠ ᠶᠢ ᠪᠡᠶᠡᠯᠡᠭᠦᠯᠪᠡ᠃      ᠰᠢᠨ᠎ᠡ ᠬᠡᠪᠯᠡᠯ ᠤᠨ ᠲᠦᠯᠦᠪᠯᠡᠭᠡ ᠶᠢ ᠦᠨᠳᠦᠰᠦᠯᠡᠪᠡᠯ᠂ ᠮᠠᠨ ᠤ ᠤᠯᠤᠰ ᠥᠮᠡᠨ ᠡᠪᠡᠳᠴᠢᠨ ᠳᠤ ᠨᠡᠷᠪᠡᠭᠳᠡᠭᠰᠡᠨ ᠨᠣᠷᠮ᠎ᠠ ᠪᠠ ᠲᠤᠰ ᠭᠠᠵᠠᠷ ᠤᠨ ᠥᠮᠡᠨ ᠡᠪᠡᠳᠴᠢᠨ ᠤ ᠵᠢᠱᠢᠶ᠎ᠡ ᠰᠢᠨ᠎ᠡ ᠪᠠᠷ ᠡᠭᠦᠰᠦᠭᠰᠡᠨ ᠰᠢᠶᠠᠨ ︵ᠬᠤᠲᠠ᠂ ᠲᠣᠭᠤᠷᠢᠭ︶ ᠤ ᠲᠤᠭ᠎ᠠ ᠵᠡᠷᠭᠡ ᠪᠠᠶᠢᠳᠠᠯ ᠢ ᠦᠨᠳᠦᠰᠦᠯᠡᠨ᠂ ᠪᠦᠬᠦ ᠤᠯᠤᠰ ᠤᠨ 31 ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠢ ᠭᠤᠷᠪᠠᠨ ᠲᠥᠷᠥᠯ ᠤᠨ ᠭᠠᠵᠠᠷ ᠣᠷᠣᠨ ᠪᠣᠯᠭᠠᠨ ᠬᠤᠪᠢᠶᠠᠵᠤ᠂ ᠲᠥᠷᠥᠯ ᠬᠤᠪᠢᠶᠠᠨ ᠵᠢᠯᠤᠭᠤᠳᠴᠤ᠂ ᠲᠥᠷᠥᠯ ᠬᠤᠪᠢᠶᠠᠨ ᠪᠣᠳᠣᠯᠭ᠎ᠠ ᠬᠡᠷᠡᠭᠵᠢᠭᠦᠯᠵᠦ᠂ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠡᠭᠦᠨ ᠳᠤ᠂ ᠨᠢᠭᠡᠳᠦᠭᠡᠷ ᠲᠥᠷᠥᠯ ᠤᠨ ᠭᠠᠵᠠᠷ ᠣᠷᠣᠨ ᠨᠢ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠢᠪᠲᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠡᠪᠡᠳᠴᠢᠨ ᠤ ᠵᠢᠱᠢᠶ᠎ᠡ ᠶᠢ ᠢᠯᠡᠷᠡᠭᠦᠯᠬᠦ ᠪᠠ ᠡᠮᠨᠡᠨ ᠵᠠᠰᠠᠬᠤ ᠠᠵᠢᠯ ᠢ ᠴᠢᠩᠭᠠᠳᠬᠠᠨ᠂ ᠡᠪᠡᠳᠴᠢᠨ ᠡᠮᠭᠡᠭ ᠳᠡᠯᠭᠡᠷᠡᠬᠦ ᠶᠢ ᠬᠤᠷᠢᠭᠯᠠᠨ᠎ᠠ︔ ᠬᠤᠶᠠᠳᠤᠭᠠᠷ ᠲᠥᠷᠥᠯ ᠤᠨ ᠭᠠᠵᠠᠷ ᠣᠷᠣᠨ ᠨᠢ ᠬᠢᠨᠠᠨ ᠰᠢᠨᠵᠢᠵᠦ ᠬᠠᠮᠢᠶᠠᠷᠬᠤ ᠪᠠᠨ ᠴᠢᠩᠭᠠᠳᠬᠠᠵᠤ᠂ ᠬᠡᠯᠪᠡᠯᠵᠡᠨ ᠳᠠᠬᠢᠨ ᠳᠡᠯᠭᠡᠷᠡᠬᠦ ᠶᠢ ᠰᠡᠷᠭᠡᠶᠢᠯᠡᠨ᠎ᠡ︔ ᠭᠤᠷᠪᠠᠳᠤᠭᠠᠷ ᠲᠦᠷᠦᠯ ᠤᠨ ᠭᠠᠵᠠᠷ ᠣᠷᠣᠨ ᠨᠢ ᠬᠢᠨᠠᠨ ᠰᠢᠨᠵᠢᠵᠦ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ᠂ ᠦᠷ᠎ᠡ ᠪᠦᠲᠦᠭᠡᠯ ᠢᠶᠠᠨ ᠢᠳᠡᠪᠬᠢᠲᠡᠢ ᠪᠠᠷ ᠪᠠᠬᠢᠵᠢᠭᠦᠯᠦᠨ᠂ ᠬᠤᠣᠷ ᠬᠥᠨᠥᠭᠡᠯ ᠢ ᠠᠷᠢᠯᠭᠠᠭᠰᠠᠨ ᠰᠠᠶᠢᠨ ᠰᠠᠶᠢᠬᠠᠨ ᠪᠠᠶᠢᠳᠠᠯ ᠢ ᠰᠠᠶᠢᠲᠤᠷ ᠪᠠᠲᠤᠯᠠᠨ᠎ᠠ᠃      ᠲᠦᠯᠦᠪᠯᠡᠭᠡ ᠳᠤ ᠪᠠᠰᠠ ︽ᠡᠪᠡᠳᠴᠢᠨ ᠤ ᠵᠢᠱᠢᠶ᠎ᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠡᠮᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ︽ᠵᠡᠷᠡᠮᠳᠡᠭ ᠵᠡᠮᠳᠡᠭ ᠤᠨ ᠰᠡᠷᠭᠡᠶᠢᠯᠡᠯᠲᠡ ᠶᠢ ᠴᠢᠩᠭᠠᠳᠬᠠᠵᠤ᠂ ᠪᠥᠬᠦ ᠲᠠᠯ᠎ᠠ ᠪᠠᠷ ᠡᠷᠡᠭᠦᠯᠵᠢᠬᠦ ᠶᠢ ᠠᠬᠢᠭᠤᠯᠬᠤ︾ ︽ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠵᠤ᠂ ᠨᠡᠶᠢᠭᠡᠮ ᠤᠨ ᠭᠠᠳᠠᠭᠤᠷᠴᠢᠯᠠᠯ ᠢ ᠠᠷᠢᠯᠭᠠᠬᠤ︾ ᠵᠡᠷᠭᠡ 6 ᠭᠤᠣᠯᠳᠠᠯᠭ᠎ᠠ ᠲᠠᠢ ᠬᠦᠷᠢᠶᠡᠨ ᠠᠴᠠ᠂ ᠡᠷᠲᠡ ᠠᠴᠠ ᠡᠪᠡᠳᠴᠢᠲᠡᠨ ᠢ ᠢᠯᠡᠷᠡᠭᠦᠯᠬᠦ᠂ ᠨᠠᠷᠢᠯᠢᠭ ᠣᠨᠣᠴᠠᠲᠠᠢ ᠪᠠᠷ ᠡᠮᠨᠡᠨ ᠵᠠᠰᠠᠬᠤ ᠪᠠᠷ ᠴᠢᠷᠮᠠᠶᠢᠬᠤ᠂ ᠵᠡᠷᠡᠮᠳᠡᠭ ᠵᠡᠮᠳᠡᠭ ᠪᠣᠯᠬᠤ ᠶᠢ ᠰᠡᠷᠭᠡᠶᠢᠯᠡᠬᠦ ᠵᠡᠷᠭᠡ ᠭᠤᠣᠯ ᠡᠭᠦᠷᠭᠡ ᠶᠢ ᠳᠤᠷᠠᠳᠤᠨ ᠭᠠᠷᠭᠠᠪᠠ᠃      ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ ᠶᠢᠨ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠳᠤ᠂ ᠲᠠᠷᠠᠭᠠᠴᠢ ᠶᠢᠨ ᠠᠯᠬᠤᠮ ᠳᠤ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠨ ᠡᠯ᠎ᠡ ᠭᠠᠵᠠᠷ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠱᠠᠯᠠᠮᠳᠠᠭᠤᠯᠬᠤ ᠶᠢᠨ ᠬᠠᠮᠲᠤ ᠵᠣᠬᠢᠴᠠᠭᠰᠠᠨ ᠱᠠᠲᠤᠴᠢ ᠴᠢᠨᠠᠷᠲᠠᠢ ᠪᠠ ᠡᠴᠦᠰ ᠤᠨ ᠬᠤᠭᠤᠴᠠᠭᠠᠨ ᠤ ᠦᠨᠡᠯᠡᠨ ᠵᠢᠱᠢᠯᠲᠡ ᠶᠢ ᠥᠷᠨᠢᠭᠦᠯᠦᠨ᠎ᠡ ᠭᠡᠵᠦ ᠲᠣᠳᠣᠷᠬᠠᠶᠢᠯᠠᠪᠠ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠮᠥᠩᠭᠤᠯ ᠰᠦᠯᠵᠢᠶ᠎ᠡ