ᠱᠠ ᠬᠠᠶ ᠪᠠᠯᠭᠠᠰᠤ ︽ᠨᠢᠭᠡᠳᠦᠯᠲᠡᠶ ᠳᠠᠷᠢᠵᠤ ᠬᠠᠮᠲᠤ ᠪᠠᠷ ᠪᠠᠶᠠᠵᠢᠬᠤ︾ ᠬᠥᠳᠡᠭᠡ ᠲᠣᠰᠬᠤᠨ ᠤ ᠭᠠᠵᠠᠷ ᠰᠢᠷᠣᠶ ᠳᠠᠷᠢᠬᠤ ᠰᠢᠨ᠎ᠡ ᠵᠠᠭᠪᠤᠷ ᠢ ᠢᠳᠡᠪᠬᠢᠲᠡᠶ ᠳᠡᠯᠭᠡᠷᠡᠭᠦᠯᠪᠡ
ᠨᠡᠶᠢᠲᠡᠯᠡᠭᠰᠡᠨ ᠴᠠᠭ᠄
2024/3/4
      ᠱᠠ ᠬᠠᠢ ᠪᠠᠯᠭᠠᠰᠤ ᠨᠠᠮ ᠤᠨ ᠡᠭᠦᠷ ᠤᠨ ᠳᠠᠭᠠᠭᠤᠯᠤᠨ ᠡᠷᠬᠢᠯᠡᠭᠰᠡᠨ ᠬᠤᠷᠰᠢᠶ᠎ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠭᠠᠵᠠᠷ ᠰᠢᠷᠣᠢ ᠪᠠᠷ ᠬᠤᠪᠢ ᠣᠷᠣᠭᠤᠯᠬᠤ᠂ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠵᠡᠷᠭᠡ ᠠᠷᠭ᠎ᠠ ᠬᠡᠯᠪᠡᠷᠢ ᠪᠠᠷ ︽ᠨᠢᠭᠡᠳᠦᠯᠲᠡᠢ ᠲᠠᠷᠢᠵᠤ ᠬᠠᠮᠲᠤ ᠪᠠᠷ ᠪᠠᠶᠠᠵᠢᠬᠤ︾ ᠬᠥᠳᠡᠭᠡ ᠲᠣᠰᠬᠤᠨ ᠤ ᠭᠠᠵᠠᠷ ᠰᠢᠷᠣᠢ ᠶᠢᠨ ᠲᠠᠷᠢᠮᠠᠯ ᠤᠨ ᠰᠢᠨ᠎ᠡ ᠵᠠᠭᠪᠤᠷ ᠢ ᠢᠳᠡᠪᠬᠢᠲᠡᠢ ᠳᠡᠯᠭᠡᠷᠡᠭᠦᠯᠵᠦ᠂ ᠲᠣᠰᠬᠤᠨ ᠤ ᠠᠷᠠᠳ ᠢ ᠲᠠᠶᠢᠴᠢᠯᠠᠨ ᠣᠷᠣᠯᠴᠠᠭᠤᠯᠪᠠ᠃ ᠣᠳᠣᠬᠠᠨ ᠳᠤ᠂ ᠪᠥᠬᠦ ᠪᠠᠯᠭᠠᠰᠤᠨ ᠳᠤ ᠨᠢᠭᠡᠨᠲᠡ ᠰᠢᠨ ᠬᠤᠩ ᠲᠣᠰᠬᠤᠨ ᠤ 6 ᠳᠤᠭᠤᠶᠢᠯᠠᠩ᠂ ᠱᠠ ᠬᠠᠶ ᠲᠣᠰᠬᠤᠨ 2 ᠳᠤᠭᠤᠶᠢᠯᠠᠩ ᠨᠡᠶᠢᠲᠡ 15000 ᠮᠥ ᠭᠠᠵᠠᠷ ᠰᠢᠷᠣᠶ ᠶᠢ ︽ᠨᠢᠭᠡᠳᠦᠯᠲᠡᠶ ᠳᠠᠷᠢᠵᠤ ᠬᠠᠮᠲᠤ ᠪᠠᠷ ᠪᠠᠶᠠᠵᠢᠬᠤ︾ ᠳᠤ ᠣᠷᠣᠭᠤᠯᠪᠠ᠃      ᠣᠶᠢᠷ᠎ᠠ ᠶᠢᠨ ᠡᠳᠦᠷ ᠤᠳ ᠲᠤ᠂ ᠱᠠ ᠬᠠᠶ ᠪᠠᠯᠭᠠᠰᠤ ᠡᠯ᠎ᠡ ᠲᠣᠰᠬᠤᠨ ᠳᠤᠭᠤᠶᠢᠯᠠᠩ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰᠬᠤᠨ ᠳᠤᠭᠤᠶᠢᠯᠠᠩ ᠤᠨ ᠬᠤᠷᠠᠯ ᠢ ᠣᠯᠠᠨ ᠤᠳᠠᠭ᠎ᠠ ᠬᠤᠷᠠᠯᠳᠤᠭᠤᠯᠵᠤ᠂ ︽ᠨᠢᠭᠡᠳᠦᠯᠲᠡᠶ ᠳᠠᠷᠢᠵᠤ ᠬᠠᠮᠲᠤ ᠪᠠᠷ ᠪᠠᠶᠠᠵᠢᠬᠤ︾ ᠲᠥᠷᠥ ᠶᠢᠨ ᠪᠣᠳᠣᠯᠭ᠎ᠠ ᠶᠢ ᠤᠬᠠᠭᠤᠯᠤᠨ ᠳᠡᠯᠭᠡᠷᠡᠭᠦᠯᠵᠦ᠂ ᠲᠤᠷᠰᠢᠯᠲᠠ ᠶᠢᠨ ᠴᠡᠭ ᠢ ᠤᠷᠢᠳᠠᠪᠠᠷ ᠬᠢᠬᠦ᠂ ᠯᠠᠪᠳᠠᠭᠤᠨ ᠪᠥᠭᠡᠳ ᠡᠮᠬᠢ ᠵᠢᠷᠤᠮ ᠲᠠᠢ᠂ ᠠᠯᠬᠤᠮ ᠬᠤᠪᠢᠶᠠᠨ ᠠᠬᠢᠭᠤᠯᠬᠤ ᠵᠠᠷᠴᠢᠮ ᠶᠣᠰᠣᠭᠠᠷ᠂ 2024 ᠣᠨ ᠳᠤ᠂ ᠲᠤᠷᠰᠢᠯᠲᠠ ᠶᠢᠨ ᠴᠡᠭ ᠤᠨ ᠲᠤᠷᠰᠢᠯᠭ᠎ᠠ ᠪᠠᠨ ᠳ᠋ᠦᠩᠨᠡᠭᠰᠡᠨ ᠰᠠᠭᠤᠷᠢᠨ ᠳᠡᠭᠡᠷ᠎ᠡ᠂ ᠰᠢᠨ ᠬᠤᠩ ᠲᠣᠰᠬᠤᠨ ᠢ ︽ᠨᠢᠭᠡᠳᠦᠯᠲᠡᠶ ᠳᠠᠷᠢᠵᠤ ᠬᠠᠮᠲᠤ ᠪᠠᠷ ᠪᠠᠶᠠᠵᠢᠬᠤ︾ ᠲᠤᠷᠰᠢᠯᠲᠠ ᠶᠢᠨ ᠲᠣᠰᠬᠤᠨ ᠢ ᠪᠠᠶᠢᠭᠤᠯᠬᠤ ᠪᠠᠷ ᠲᠥᠯᠥᠪᠯᠡᠵᠦ ᠪᠣᠶ᠃
W020240304346325484181.png
      ᠰᠢᠨ ᠬᠤᠩ ᠲᠣᠰᠬᠤᠨ ᠪᠣᠯ ᠨᠡᠶᠢᠲᠡᠯᠢᠭ ᠬᠤᠳᠳᠤᠭ ᠤᠨ ᠤᠰᠤᠯᠠᠯᠲᠠ ᠶᠢᠨ ᠲᠠᠷᠢᠶᠠᠯᠠᠩ ᠤᠨ ᠣᠷᠣᠨ ᠪᠣᠯᠤᠨ᠎ᠠ᠂ ᠮᠥᠨᠴᠦ ᠱᠠ ᠬᠠᠢ ᠪᠠᠯᠭᠠᠰᠤᠨ ᠤ ᠭᠤᠣᠯ ᠠᠮᠤ ᠪᠤᠳᠠᠭᠠᠨ ᠤ ᠦᠢᠯᠡᠳᠪᠦᠷᠢᠯᠡᠯ ᠤᠨ ᠰᠠᠭᠤᠷᠢᠨ ᠪᠣᠯᠤᠨ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠰᠠᠭᠤᠷᠢᠨ ᠪᠣᠯᠤᠨ᠎ᠠ᠃ 2022 ᠣᠨ ᠳᠤ᠂ ᠱᠠ ᠬᠠᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠢᠨ ᠬᠤᠩ ᠲᠣᠰᠬᠤᠨ ᠤ ᠣᠷᠴᠢᠨ ᠲᠣᠭᠤᠷᠢᠨ ᠤ ᠨᠥᠬᠦᠴᠡᠯ ᠢ ᠭᠦᠢᠴᠡᠳ ᠪᠣᠳᠣᠯᠬᠢᠯᠠᠵᠤ᠂ ︽ᠭᠤᠷᠪᠠ ᠶᠢ ᠡᠪᠳᠡᠵᠦ᠂ ᠲᠠᠪᠤ ᠶᠢ ᠨᠢᠭᠡᠳᠦᠯᠲᠡᠢ ᠪᠣᠯᠭᠠᠵᠤ᠂ ᠨᠢᠭᠡ ᠶᠢ ᠰᠢᠨ᠎ᠡ ᠪᠠᠷ ᠪᠠᠶᠢᠭᠤᠯᠬᠤ︾ ᠴᠡᠭᠴᠡᠯᠡᠨ ᠵᠠᠰᠠᠬᠤ ᠵᠠᠭᠪᠤᠷ ᠢ ᠶᠡᠬᠡᠪᠡᠷ ᠬᠡᠷᠡᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠳᠠᠪᠠᠭᠤᠯᠢᠭ ᠤᠨᠴᠠᠯᠢᠬᠳᠤ ᠠᠵᠤ ᠦᠢᠯᠡᠰ ᠲᠠᠢ ᠠᠭᠤᠰᠤᠯᠴᠠᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠲᠠᠷᠢᠶᠠᠨ ᠭᠠᠵᠠᠷ ᠢ ᠨᠡᠶᠢᠳᠬᠡᠬᠦ ᠪᠠᠷ ᠳᠠᠮᠵᠢᠭᠤᠯᠵᠤ᠂ ᠬᠥᠭᠦᠷᠭᠡ᠂ ᠭᠤᠯᠳᠤᠩ᠂ ᠵᠠᠮ᠂ ᠬᠠᠭᠠᠯᠲᠠ᠂ ᠰᠤᠪᠠᠭ ᠵᠡᠷᠭᠡ ᠶᠢ ᠢᠵᠢ ᠪᠦᠷᠢᠳᠦᠭᠦᠯᠦᠨ ᠪᠦᠳᠦᠭᠡᠨ ᠪᠠᠶᠢᠭᠤᠯᠵᠤ᠂ ᠨᠢᠭᠡ ᠪᠦᠯᠦᠭ ᠵᠠᠮ ᠰᠠᠭᠠᠳ ᠦᠭᠡᠢ ᠨᠡᠪᠲᠡᠷᠡᠬᠦ᠂ ᠲᠠᠷᠢᠶᠠᠨ ᠭᠠᠵᠠᠷ ᠢ ᠲᠡᠰ ᠳᠠᠷᠠᠭᠠᠯᠠᠯ ᠲᠠᠢ᠂ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠳᠦᠭᠡᠨ ᠪᠠᠶᠢᠭᠤᠯᠵᠤ᠂ ᠤᠤᠯ ᠤᠨ ᠪᠠᠶᠢᠭᠰᠠᠨ ᠵᠢᠵᠢᠭ ᠬᠡᠰᠡᠭ᠂ ᠲᠠᠷᠠᠬᠠᠢ ᠪᠤᠲᠠᠷᠬᠠᠢ᠂ ᠦᠷ᠎ᠡ ᠠᠰᠢᠭ ᠢᠶᠠᠷ ᠳᠣᠣᠷ᠎ᠠ ᠲᠠᠷᠢᠮᠠᠯ ᠤᠨ ᠠᠷᠭ᠎ᠠ ᠬᠡᠯᠪᠡᠷᠢ ᠶᠢ ᠲᠦᠢᠯᠪᠤᠷᠢᠲᠠᠢ ᠬᠤᠪᠢᠷᠠᠭᠤᠯᠵᠤ᠂ ᠲᠠᠷᠢᠶᠠᠨ ᠭᠠᠵᠠᠷ ᠢ ᠲᠥᠪᠯᠡᠷᠡᠭᠦᠯᠦᠨ ᠵᠠᠯᠭᠠᠯᠳᠤᠭᠤᠯᠬᠤ᠂ ᠭᠠᠩ ᠤᠰᠤᠲᠤᠯ ᠤᠨ ᠣᠷᠣᠯᠭ᠎ᠠ ᠶᠢ ᠪᠠᠲᠤᠯᠠᠬᠤ᠂ ᠥᠨᠳᠥᠷ ᠲᠣᠭᠲᠠᠭᠤᠨ ᠤᠨᠠᠯᠲᠠ ᠶᠢ ᠪᠠᠲᠤᠯᠠᠬᠤ᠂ ᠠᠮᠢ ᠠᠬᠤᠢ ᠶᠢᠨ ᠨᠥᠬᠦᠷᠰᠡᠭ ᠪᠠᠷᠢᠮᠵᠢᠶ᠎ᠠ ᠶᠢ ᠪᠡᠶᠡᠯᠡᠭᠦᠯᠬᠦ ᠶᠢ ᠪᠠᠲᠤᠯᠠᠵᠤ᠂ ︽ᠨᠢᠭᠡᠳᠦᠯᠲᠡᠢ ᠲᠠᠷᠢᠵᠤ ᠬᠠᠮᠲᠤ ᠪᠠᠷ ᠪᠠᠶᠠᠵᠢᠬᠤ︾ ᠶᠢ ᠬᠡᠷᠡᠭᠵᠢᠭᠦᠯᠬᠦ ᠳᠤ ᠰᠠᠭᠤᠷᠢ ᠨᠥᠬᠦᠴᠡᠯ ᠬᠠᠩᠭᠠᠨ᠎ᠠ᠃      ᠳᠠᠷᠠᠭᠠᠴᠢ ᠶᠢᠨ ᠠᠯᠬᠤᠮ ᠳᠤ᠂ ᠱᠠ ᠬᠠᠢ ᠪᠠᠯᠭᠠᠰᠤ ᠶᠢᠨ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠦᠷᠭᠦᠯᠵᠢᠯᠡᠨ ᠭᠦᠨᠵᠡᠭᠡᠢ ᠬᠡᠷᠡᠭᠵᠢᠭᠦᠯᠬᠦ ᠶᠢ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠠᠷᠭ᠎ᠠ ᠪᠠᠷᠢᠯ ᠪᠣᠯᠭᠠᠵᠤ᠂ ᠦᠵᠡᠯ ᠰᠠᠨᠠᠭ᠎ᠠ ᠪᠠᠨ ᠨᠢᠭᠡᠳᠬᠡᠵᠦ᠂ ᠠᠵᠢᠯ ᠤᠨ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ︽ᠨᠢᠭᠡᠳᠦᠯᠲᠡᠢ ᠲᠠᠷᠢᠵᠤ ᠬᠠᠮᠲᠤ ᠪᠠᠷ ᠪᠠᠶᠠᠵᠢᠬᠤ︾ ᠲᠤᠷᠰᠢᠯᠲᠠ ᠶᠢᠨ ᠴᠡᠭ ᠤᠨ ᠠᠵᠢᠯ ᠢ ᠦᠨᠡᠨ ᠬᠦ ᠰᠠᠶᠢᠲᠤᠷ ᠠᠳᠬᠤᠵᠤ᠂ ᠲᠠᠷᠢᠶᠠᠴᠢᠳ ᠤᠨ ᠠᠰᠢᠭ ᠣᠷᠣᠯᠭ᠎ᠠ ᠶᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠣᠯᠤᠨ᠎ᠠ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ