ᠬᠠᠩᠭᠢᠨ ᠬᠤᠶᠢᠲᠤ ᠬᠤᠰᠢᠭᠤᠨ ᠤ ᠱᠠᠮᠪᠠ ᠪᠠᠯᠭᠠᠰᠤ
ᠨᠡᠶᠢᠲᠡᠯᠡᠭᠰᠡᠨ ᠴᠠᠭ᠄
2024/3/6
      ᠨᠢᠭᠡ᠂ ᠭᠤᠣᠯ ᠡᠭᠦᠷᠭᠡ ᠬᠠᠷᠢᠭᠤᠴᠠᠯᠭ᠎ᠠ      ᠨᠠᠮ ᠤᠨ ᠡᠯ᠎ᠡ ᠵᠦᠢᠯ ᠤᠨ ᠴᠢᠭᠯᠡᠯᠲᠡ ᠲᠦᠷᠦ ᠶᠢᠨ ᠪᠣᠳᠣᠯᠭ᠎ᠠ ᠶᠢ ᠲᠤᠤᠱᠠᠯᠠᠭᠤᠯᠤᠨ ᠨᠠᠶᠢᠲᠠᠪᠤᠷᠢᠵᠢᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠎ᠠ      ᠬᠤᠶᠠᠷ᠂ ᠳᠤᠳᠤᠭᠠᠳᠤ ᠶᠢᠨ ᠪᠠᠶᠢᠭᠤᠯᠤᠮᠵᠢ      ︵ᠨᠢᠭᠡ︶ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠃ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠄ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ    ᠨᠢᠭᠡ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠨᠠᠮ ᠤᠨ ᠴᠢᠭᠯᠡᠯᠲᠡ ᠲᠥᠷᠥ ᠶᠢᠨ ᠪᠣᠳᠣᠯᠭ᠎ᠠ ᠵᠢᠴᠢ ᠴᠢᠬᠤᠯᠠ ᠠᠵᠢᠯ ᠤᠨ ᠲᠥᠯᠥᠪᠯᠡᠭᠡ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠨ ᠱᠠᠯᠠᠪᠳᠠᠭᠤᠯᠵᠤ᠂ ᠴᠢᠬᠤᠯᠠ ᠶᠡᠭᠡ ᠠᠰᠠᠭᠤᠳᠠᠯ ᠢ ᠰᠢᠰᠲ᠋ᠧᠮᠵᠢᠭᠦᠯᠦᠨ ᠮᠡᠳᠡᠭᠦᠯᠬᠦ ᠶᠢ ᠬᠠᠷᠢᠭᠤᠴᠠᠵᠤ᠂ ᠳᠡᠭᠡᠳᠦ ᠱᠠᠲᠤᠨ ᠤ ᠪᠠᠶᠢᠳᠠᠯ ᠢ ᠳᠣᠷᠣᠭᠰᠢ ᠪᠠᠭᠤᠯᠭᠠᠬᠤ᠂ ᠳᠣᠤᠷᠠᠳᠤ ᠱᠠᠲᠤᠨ ᠤ ᠪᠠᠶᠢᠳᠠᠯ ᠢ ᠳᠡᠭᠡᠭᠰᠢ ᠮᠡᠳᠡᠭᠦᠯᠬᠦ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃      ᠬᠤᠶᠠᠷ᠂ ᠨᠠᠮ ᠤᠨ ᠬᠤᠷᠢᠶᠠᠨ ᠤ ᠬᠤᠷᠠᠯ᠂ ᠨᠠᠮ ᠵᠠᠰᠠᠭ ᠤᠨ ᠬᠠᠮᠲᠤᠷᠠᠭᠰᠠᠨ ᠬᠤᠷᠠᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯᠳᠤᠭᠤᠯᠬᠤ ᠪᠤᠰᠤᠳ ᠬᠤᠷᠠᠯ ᠢ ᠬᠠᠷᠢᠭᠤᠴᠠᠨ ᠲᠣᠬᠢᠷᠠᠭᠤᠯᠵᠤ ᠂ ᠬᠤᠷᠠᠯ ᠠᠴᠠ ᠡᠮᠦᠨᠡᠬᠢ ᠪᠡᠯᠡᠳᠬᠡᠯ᠂ ᠬᠤᠷᠠᠯ ᠤᠨ ᠲᠡᠮᠳᠡᠭᠯᠡᠯ ᠪᠠ ᠬᠤᠷᠠᠯ ᠤᠨ ᠳᠠᠷᠠᠭᠠᠬᠢ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ      ᠭᠤᠷᠪᠠ᠂ ᠡᠯ᠎ᠡ ᠲᠥᠷᠥᠯ ᠤᠨ ᠠᠯᠪᠠᠨ ᠠᠵᠢᠯ ᠤᠨ ᠬᠤᠷᠠᠯ ᠪᠣᠯᠤᠨ ᠺᠠᠳ᠋ᠷ ᠤᠨ ᠶᠡᠭᠡ ᠬᠤᠷᠠᠯ ᠢ ᠬᠠᠷᠢᠭᠤᠴᠠᠨ ᠲᠣᠬᠢᠷᠠᠭᠤᠯᠵᠤ᠂ ᠬᠤᠷᠠᠯ ᠤᠨ ᠲᠡᠮᠳᠡᠭᠯᠡᠯ ᠢ ᠰᠠᠶᠢᠲᠤᠷ ᠬᠢᠬᠦ ᠶᠢᠨ ᠬᠠᠮᠲᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠶᠢ ᠬᠠᠪᠰᠤᠷᠤᠨ ᠰᠢᠮᠳᠠᠭᠤᠯᠤᠨ ᠪᠠᠶᠢᠴᠠᠭᠠᠬᠤ ᠬᠤᠷᠠᠯ ᠢᠶᠠᠷ ᠲᠣᠭᠲᠠᠭᠠᠭᠰᠠᠨ ᠵᠦᠢᠯ ᠢ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠶ᠃      ᠳᠥᠷᠪᠡ᠂ ᠳᠡᠭᠡᠳᠦ ᠱᠠᠲᠤᠨ ᠤ ᠤᠳᠤᠷᠢᠳᠤᠯᠭ᠎ᠠ᠂ ᠠᠬ᠎ᠠ ᠳᠡᠭᠦᠦ ᠨᠢᠭᠡᠴᠢ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠡᠷᠭᠡ ᠶᠢᠨ ᠬᠠᠷᠢᠶ᠎ᠠ ᠣᠷᠣᠨ ᠳᠤ ᠢᠷᠡᠵᠦ ᠪᠠᠶᠢᠴᠠᠭᠠᠨ ᠦᠵᠡᠬᠦ᠂ ᠪᠠᠶᠢᠴᠠᠭᠠᠬᠤ᠂ ᠲᠣᠭᠤᠷᠢᠨ ᠦᠵᠡᠬᠦ᠂ ᠰᠣᠯᠢᠯᠴᠠᠬᠤ ᠵᠡᠷᠭᠡ ᠬᠦᠯᠢᠶᠡᠨ ᠠᠪᠬᠤ ᠪᠠ ᠦᠢᠯᠡᠴᠢᠯᠡᠬᠦ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃      ᠲᠠᠪᠤ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠳᠣᠣᠷ᠎ᠠ᠂ ᠳᠡᠭᠡᠳᠦ ᠱᠠᠲᠤᠨ ᠤ ᠵᠢᠭᠠᠪᠤᠷᠢ᠂ ᠲᠣᠭᠲᠠᠭᠠᠬᠤ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯ ᠢ ᠵᠣᠬᠢᠴᠠᠭᠤᠯᠤᠨ᠎ᠠ᠃ ᠪᠢᠴᠢᠭ ᠮᠠᠲ᠋ᠧᠷᠢᠶᠠᠯ ᠢ ᠨᠢᠭᠡᠳᠦᠯᠲᠡᠢ ᠬᠠᠮᠢᠶᠠᠷᠴᠤ᠂ ᠡᠯ᠎ᠡ ᠵᠦᠢᠯ ᠤᠨ ᠳᠦᠷᠢᠮ ᠲᠣᠭᠲᠠᠭᠠᠯ ᠢ ᠵᠣᠬᠢᠶᠠᠨ ᠪᠠᠶᠢᠭᠤᠯᠤᠨ ᠲᠣᠭᠲᠠᠭᠠᠵᠤ᠂ ᠵᠠᠰᠠᠭ ᠵᠠᠬᠢᠷᠭᠠᠨ ᠤ ᠬᠡᠷᠡᠭ ᠶᠠᠪᠤᠳᠠᠯ ᠤᠨ ᠮᠡᠳᠡᠭᠳᠡᠯ᠂ ᠵᠠᠷᠯᠠᠯ ᠢ ᠨᠡᠶᠢᠲᠡᠯᠡᠨ᠎ᠡ᠃      ᠵᠢᠷᠭᠤᠭ᠎ᠠ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠵᠢᠵᠢᠭᠦᠷ ᠤᠨ ᠠᠵᠢᠯ ᠢ ᠲᠣᠬᠢᠷᠠᠭᠤᠯᠤᠨ᠎ᠠ︔ ᠪᠢᠴᠢᠭ ᠬᠠᠷ᠎ᠠ ᠶᠢᠨ ᠳᠠᠩᠰᠠ ᠡᠪᠬᠡᠮᠡᠯ ᠤᠨ ᠠᠵᠢᠯ ᠵᠢᠴᠢ ᠰᠣᠨᠢᠨ ᠰᠡᠳᠬᠦᠯ᠂ ᠵᠠᠬᠢᠳᠠᠯ ᠢ ᠬᠤᠷᠢᠶᠠᠨ ᠠᠪᠴᠤ ᠲᠠᠷᠬᠠᠭᠠᠬᠤ᠂ ᠪᠢᠴᠢᠭ ᠮᠠᠲ᠋ᠧᠷᠢᠶᠠᠯ ᠢᠶᠠᠷ ᠳᠠᠷᠤᠮᠠᠯᠯᠠᠬᠤ ᠪᠠ ᠠᠷᠤ ᠲᠠᠯ᠎ᠠ ᠶᠢᠨ ᠠᠵᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ᠳᠣᠯᠤᠭ᠎ᠠ᠂ ᠠᠯᠪᠠᠯᠠᠬᠤ ᠲᠥᠬᠦᠭᠡᠷᠦᠮᠵᠢ ᠶᠢᠨ ᠬᠠᠮᠠᠭᠠᠯᠠᠯᠲᠠ ᠬᠠᠮᠢᠶᠠᠷᠤᠯᠲᠠ ᠵᠢᠴᠢ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ      ᠨᠠᠶ᠋ᠮᠠ᠂ ᠡᠯ᠎ᠡ ᠵᠦᠢᠯ ᠤᠨ ᠵᠠᠰᠠᠭ ᠵᠠᠬᠢᠷᠭᠠᠨ ᠤ ᠲᠠᠨᠢᠯᠴᠠᠭᠤᠯᠭ᠎ᠠ ᠶᠢᠨ ᠵᠠᠬᠢᠳᠠᠯ᠂ ᠭᠡᠷᠡᠴᠢ ᠪᠢᠴᠢᠭ ᠪᠣᠯᠤᠨ ᠪᠤᠰᠤᠳ ᠵᠠᠬᠢᠳᠠᠯ ᠤᠨ ᠵᠦᠢᠯ ᠢ ᠬᠠᠷᠢᠭᠤᠴᠠᠨ ᠭᠠᠷᠭᠠᠵᠤ᠂ ᠨᠠᠮ ᠵᠠᠰᠠᠭ ᠤᠨ ᠲᠠᠮᠠᠭ᠎ᠠ ᠵᠡᠷᠭᠡ ᠶᠢ ᠬᠠᠮᠢᠶᠠᠷᠬᠤ ᠪᠠ ᠬᠡᠷᠡᠭᠯᠡᠬᠦ ᠶᠢ ᠬᠠᠷᠢᠭᠤᠴᠠᠬᠤ ᠬᠡᠷᠡᠭᠲᠡᠶ᠃    ᠶᠢᠰᠦ᠂ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠤᠰ ᠪᠠᠯᠭᠠᠰᠤᠨ ᠤ ᠺᠠᠳ᠋ᠷ ᠤᠨ ᠬᠠᠮᠢᠶᠠᠷᠤᠯᠲᠠ᠂ ᠠᠵᠢᠯᠲᠠᠨ ᠤ ᠴᠠᠯᠢᠩ ᠴᠠᠯᠢᠩ᠂ ᠲᠠᠪᠤᠨ ᠳᠠᠭᠠᠳᠬᠠᠯ ᠬᠤᠶᠠᠷ ᠮᠥᠩᠭᠦ ᠶᠢ ᠲᠤᠰᠢᠶᠠᠬᠤ᠂ ᠮᠡᠷᠭᠡᠵᠢᠯ ᠤᠨ ᠴᠣᠯᠠ ᠶᠢᠨ ᠬᠠᠮᠢᠶᠠᠷᠤᠯᠲᠠ᠂ ᠳᠠᠩᠰᠠ ᠡᠪᠬᠡᠮᠡᠯ ᠤᠨ ᠬᠠᠮᠢᠶᠠᠷᠤᠯᠲᠠ᠂ ᠺᠠᠳ᠋ᠷ ᠤᠨ ᠬᠡᠮᠵᠢᠨ ᠪᠠᠶᠢᠴᠠᠭᠠᠯᠲᠠ ᠵᠢᠴᠢ ᠣᠨ ᠤ ᠬᠢᠨᠠᠨ ᠰᠢᠯᠭᠠᠯᠲᠠ ᠶᠢᠨ ᠠᠵᠢᠯ ᠢ ᠬᠠᠷᠢᠭᠤᠴᠠᠨ᠎ᠠ᠃ᠠᠷᠪᠠ᠂ ᠪᠠᠯᠭᠠᠰᠤᠨ ᠤ ᠡᠳ᠋ ᠤᠨ ᠵᠠᠰᠠᠭ ᠤᠨ ᠣᠷᠣᠯᠭ᠎ᠠ ᠪᠠ ᠵᠠᠷᠤᠯᠭ᠎ᠠ ᠶᠢ ᠬᠠᠷᠢᠭᠤᠴᠠᠨ ᠬᠠᠮᠢᠶᠠᠷᠴᠤ᠂ ᠡᠯ᠎ᠡ ᠵᠦᠢᠯ ᠤᠨ ᠵᠠᠷᠤᠯᠭ᠎ᠠ ᠶᠢᠨ ᠫᠢᠶᠣᠣ ᠪᠠᠷᠢᠮᠲᠠ ᠶᠢ ᠬᠢᠨᠠᠨ ᠬᠠᠷᠭᠤᠭᠤᠯᠬᠤ ᠵᠢᠴᠢ ᠪᠠᠯᠭᠠᠰᠤᠨ ᠤ ᠡᠳ᠋ ᠤᠨ ᠵᠠᠰᠠᠭ ᠤᠨ ᠣᠨ ᠤ ᠲᠥᠰᠦᠪ ᠪᠠ ᠲᠥᠰᠦᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠬᠤ ᠠᠵᠢᠯ ᠢ ᠬᠠᠷᠢᠭᠤᠴᠠᠨ᠎ᠠ ︔ ᠪᠠᠯᠭᠠᠰᠤᠨ ᠤ ᠡᠳ᠋ ᠤᠨ ᠵᠠᠰᠠᠭ ᠤᠨ ᠲᠤᠰᠬᠠᠶ ᠪᠡᠯᠡ ᠮᠥᠩᠭᠦ ᠶᠢᠨ ᠬᠠᠮᠢᠶᠠᠷᠤᠯᠲᠠ ᠵᠢᠴᠢ ᠳᠣᠲᠣᠭᠠᠳᠤ ᠶᠢᠨ ᠬᠢᠨᠠᠨ ᠪᠣᠳᠣᠯᠲᠠ ᠶᠢᠨ ᠠᠵᠢᠯ ᠢ ᠬᠠᠷᠢᠭᠤᠴᠠᠨ᠎ᠠ︔ ᠪᠠᠯᠭᠠᠰᠤᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠳᠠᠩᠰᠠᠯᠠᠬᠤ᠂ ᠰᠢᠢᠳᠪᠦᠷᠢᠯᠡᠬᠦ ᠬᠠᠮᠢᠶᠠᠷᠤᠯᠲᠠ ᠶᠢ ᠬᠠᠷᠢᠭᠤᠴᠠᠨ᠎ᠠ︔ ᠡᠳ᠋ ᠤᠨ ᠶᠠᠪᠤᠳᠠᠯ ᠤᠨ ᠳᠠᠩᠰᠠ ᠡᠪᠬᠡᠮᠡᠯ᠂ ᠪᠠᠷᠢᠯᠭ᠎ᠠ ᠶᠢᠨ ᠳᠠᠩᠰᠠ ᠡᠪᠬᠡᠮᠡᠯ ᠢ ᠡᠮᠬᠢᠯᠡᠬᠦ ᠵᠢᠴᠢ ᠬᠠᠳᠠᠭᠠᠯᠠᠨ ᠬᠠᠮᠢᠶᠠᠷᠬᠤ ᠠᠵᠢᠯ ᠢ ᠬᠠᠷᠢᠭᠤᠴᠠᠨ᠎ᠠ᠃      ᠠᠷᠪᠠᠨ ᠨᠢᠭᠡ᠂ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ ᠵᠢᠴᠢ ᠲᠥᠷᠥᠯ ᠵᠦᠢᠯ ᠤᠨ ᠪᠣᠯᠤᠮᠵᠢᠲᠤ ᠵᠠᠳᠠᠯᠤᠯᠲᠠ ᠶᠢᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠠᠵᠢᠯ ᠢ ᠬᠠᠷᠢᠭᠤᠴᠠᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠤ ᠲᠥᠷᠥᠯ ᠬᠤᠪᠢᠶᠠᠨ ᠬᠠᠮᠢᠶᠠᠷᠬᠤ᠂ ᠱᠠᠲᠤ ᠬᠤᠪᠢᠶᠠᠨ ᠬᠢᠨᠠᠨ ᠵᠥᠪᠰᠢᠶᠡᠷᠡᠬᠦ ᠳᠦᠷᠢᠮ ᠵᠢᠴᠢ ᠬᠠᠷᠢᠯᠴᠠᠵᠤ ᠬᠠᠷᠢᠭᠤ ᠮᠡᠳᠡᠭᠦᠯᠦᠨ᠎ᠡ︔ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠲᠥᠷᠥᠯ ᠵᠦᠢᠯ ᠢ ᠵᠢᠯᠣᠭᠤᠳᠬᠤ᠂ ᠰᠢᠮᠳᠠᠭᠤᠯᠤᠨ ᠭᠦᠢᠴᠡᠳᠬᠡᠬᠦ ᠠᠵᠢᠯ ᠢ ᠬᠠᠷᠢᠭᠤᠴᠠᠨ᠎ᠠ︔ ᠳᠣᠲᠣᠭᠠᠳᠤ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠳᠡᠰ ᠳᠠᠷᠠᠭᠠᠯᠠᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠳᠡᠰ ᠳᠠᠷᠠᠭᠠᠯᠠᠯ ᠢ ᠬᠠᠷᠢᠭᠤᠴᠠᠨ ᠭᠦᠢᠴᠡᠳᠬᠡᠨ᠎ᠡ᠃      ᠠᠷᠪᠠᠨ ᠬᠤᠶᠠᠷ᠂ ᠲᠤᠰ ᠨᠢᠭᠡᠴᠡ ᠶᠢᠨ ᠢᠶᠠᠨ ᠥᠷᠢ ᠥᠭᠴᠡᠭᠡ ᠶᠢ ᠠᠷᠢᠯᠭᠠᠬᠤ ᠠᠵᠢᠯ ᠢ ᠬᠠᠷᠢᠭᠤᠴᠠᠵᠤ᠂ ᠳᠡᠭᠡᠳᠦ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠥᠷᠢ ᠥᠭᠴᠡᠭᠡ ᠶᠢ ᠠᠷᠢᠯᠭᠠᠭᠰᠠᠨ ᠪᠠᠶᠢᠳᠠᠯ ᠢ ᠡᠮᠬᠢᠯᠡᠵᠦ᠂ ᠡᠯ᠎ᠡ ᠵᠦᠢᠯ ᠤᠨ ᠥᠷᠢ ᠥᠭᠴᠡᠭᠡ ᠶᠢ ᠠᠷᠢᠯᠭᠠᠬᠤ ᠪᠠᠶᠢᠴᠠᠭᠠᠯᠲᠠ ᠶᠢᠨ ᠠᠵᠢᠯ ᠢ ᠬᠠᠮᠵᠢᠯᠴᠠᠨ᠎ᠠ᠃      ᠠᠷᠪᠠᠨ ᠭᠤᠷᠪᠠ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃   
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ