ᠨᠢᠭᠡ᠂ ᠲᠣᠭᠲᠠᠭᠠᠭᠰᠠᠨ ᠠᠬᠤᠶ ᠪᠠᠶᠢᠳᠠᠯ | ᠬᠠᠩᠭᠢᠨ ᠬᠤᠶᠢᠲᠤ ᠬᠤᠰᠢᠭᠤᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ︵ | ᠳᠣᠷᠣᠭᠰᠢ ᠬᠠᠯᠠᠮᠰᠢᠯ ᠤᠲᠠᠰᠤ ᠭᠡᠵᠦ ᠲᠣᠪᠴᠢᠯᠠᠨ᠎ᠠ︶ ᠶᠢᠨ ᠠᠵᠢᠯᠯᠠᠭᠠᠨ ᠤ ᠬᠠᠮᠢᠶᠠᠷᠤᠯᠲᠠ ᠶᠢ ᠵᠢᠷᠤᠮᠵᠢᠭᠤᠯᠵᠤ᠂ ᠬᠠᠯᠠᠮᠰᠢᠯ ᠤᠲᠠᠰᠤ ᠶᠢᠨ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠤᠨ ᠣᠷᠳᠣᠨ ᠤ ᠠᠵᠤ | ᠠᠬᠤᠶᠢᠯᠠᠯ ᠳᠤ ᠠᠰᠢᠭᠲᠠᠶ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ︽︿ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠰᠢᠯᠢᠳᠡᠭᠵᠢᠭᠦᠯᠬᠦ ᠠᠵᠢᠯ ᠤᠨ ᠲᠥᠰᠦᠯ﹀ ᠢ | ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ | ︵ᠥᠪᠥᠷ ᠵᠠᠰᠠᠭ ᠠᠯᠪᠠᠨ ᠲᠠᠷᠬᠠᠭᠠᠭᠰᠠᠨ ︹2021︺ 25 ᠳ᠋ᠤᠭᠠᠷ ᠲᠣᠭᠠᠲᠤ︶ ᠪᠠ ︽︿ᠪᠠᠶᠠᠨᠨᠠᠭᠤᠷ ᠬᠤᠲᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠰᠢᠯᠢᠳᠡᠭᠵᠢᠭᠦᠯᠬᠦ ᠠᠵᠢᠯ ᠤᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ | ᠮᠡᠳᠡᠭᠳᠡᠯ︾ ︵ᠪᠠᠶᠠᠨᠨᠠᠭᠤᠷ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠰᠢᠯᠢᠳᠡᠭᠵᠢᠭᠦᠯᠬᠦ | ᠠᠵᠢᠯ ᠤᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠪᠠᠶᠠᠨᠨᠠᠭᠤᠷ ᠬᠤᠲᠠ ᠶᠢᠨ ᠮᠡᠳᠡᠭᠳᠡᠯ︾ ︵ᠪᠠᠶᠠᠨᠨᠠᠭᠤᠷ ᠬᠤᠲᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠬᠠᠮᠢᠶᠠᠷᠤᠯᠲᠠ ᠶᠢᠨ ᠠᠷᠭ᠎ᠠ﹀ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ | ᠬᠡᠷᠡᠭᠵᠢᠭᠦᠯᠬᠦ ᠨᠠᠷᠢᠨ ᠲᠦᠷᠢᠮ︾ ︵ᠪᠠᠶᠠᠨᠨᠠᠭᠤᠷ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ | ᠤᠲᠠᠰᠤᠨ ᠤ ᠬᠠᠮᠢᠶᠠᠷᠤᠯᠲᠠ ᠶᠢᠨ ᠠᠷᠭ᠎ᠠ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠲᠣᠰ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠵᠤ | ᠂ ᠲᠣᠰ ᠠᠷᠭ᠎ᠠ ᠶᠢ ᠲᠣᠭᠲᠠᠭᠠᠪᠠ᠃ | ᠬᠤᠶᠠᠷ᠂ ᠭᠤᠣᠯ ᠠᠭᠤᠯᠭ᠎ᠠ ᠵᠢᠴᠢ ᠲᠥᠷᠥ ᠶᠢᠨ ᠪᠣᠳᠣᠯᠭ᠎ᠠ ᠶᠢᠨ ᠠᠭᠤᠯᠭ᠎ᠠ | ︽ᠳᠦᠷᠢᠮ︾ ᠢ ᠭᠤᠣᠯᠳᠠᠭᠤ ︽ᠶᠡᠷᠦᠩᠬᠡᠢ ᠳᠦᠷᠢᠮ︾᠂ ︽ᠲᠣᠮᠢᠯᠠᠬᠤ ᠬᠠᠭᠤᠳᠠᠰᠤ ᠶᠢᠨ ᠴᠤᠪᠤᠷᠠᠯ︾᠂ ︽ᠪᠠᠲᠤᠯᠠᠬᠤ ᠠᠷᠭ᠎ᠠ ᠬᠡᠮᠵᠢᠶ᠎ᠡ︾᠂ ︽ | ᠰᠢᠮᠳᠠᠭᠤᠯᠤᠨ ᠰᠢᠢᠳᠪᠦᠷᠢᠯᠡᠭᠦᠯᠬᠦ ᠬᠢᠨᠠᠨ ᠰᠢᠯᠭᠠᠯᠲᠠ︾᠂ ︽ᠳᠠᠭᠠᠯᠳᠤᠭᠤᠯᠤᠯ ᠳᠦᠷᠢᠮ︾ ᠨᠡᠶᠢᠲᠡ ᠲᠠᠪᠤᠨ ᠪᠦᠯᠦᠭ ᠬᠤᠷᠢᠨ ᠭᠤᠷᠪᠠᠨ ᠵᠦᠢᠯ ᠬᠤᠪᠢᠶᠠᠨ᠎ᠠ᠃ | ︵ᠨᠢᠭᠡ︶ ᠶᠡᠷᠦᠩᠬᠡᠢ ᠳᠦᠷᠢᠮ | 1. ︽ᠬᠠᠮᠢᠶᠠᠷᠤᠯᠲᠠ ᠶᠢᠨ ᠠᠷᠭ᠎ᠠ︾ ᠶᠢᠨ ᠵᠣᠷᠢᠯᠭ᠎ᠠ ᠪᠠ ᠦᠨᠳᠦᠰᠦᠯᠡᠯ ᠢ ᠲᠣᠳᠣᠷᠬᠠᠶ ᠲᠣᠭᠲᠠᠭᠠᠪᠠ᠃ | 2. ᠲᠣᠮᠢᠯᠠᠬᠤ ᠪᠠᠷᠢᠮᠲᠠ ᠶᠢᠨ ᠵᠠᠷᠴᠢᠮ ᠢ ᠳᠤᠷᠠᠳᠤᠨ᠎ᠠ᠃ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠨ᠂ ᠬᠠᠯᠠᠮᠰᠢᠯ | ᠤᠲᠠᠰᠤᠨ ᠤ ᠦᠢᠯᠡᠴᠢᠯᠡᠭᠡᠨ ᠤ ᠲᠠᠪᠴᠠᠩ ᠤᠨ ᠬᠠᠭᠤᠳᠠᠰᠤ ᠲᠣᠮᠢᠯᠠᠬᠤ ᠠᠵᠢᠯᠯᠠᠭᠠᠨ ᠤ ᠵᠠᠷᠴᠢᠮ ᠢ ᠵᠢᠷᠤᠮᠵᠢᠭᠤᠯᠪᠠ᠃ 12345 ᠠᠵᠢᠯ ᠤᠨ ᠬᠠᠭᠤᠳᠠᠰᠤ ᠶᠢ | ᠬᠤᠪᠢᠶᠠᠷᠢᠯᠠᠨ ᠲᠣᠮᠢᠯᠠᠬᠤ ᠳᠤ ᠱᠠᠲᠤ ᠬᠤᠪᠢᠶᠠᠨ ᠳᠠᠭᠠᠬᠤ᠂ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠰᠢᠢᠳᠪᠦᠷᠢᠯᠡᠬᠦ᠂ ᠵᠣᠬᠢᠴᠠᠭᠤᠯᠤᠨ ᠠᠬᠢᠭᠤᠯᠬᠤ ᠵᠠᠷᠴᠢᠮ ᠢ | ᠵᠢᠷᠤᠮᠯᠠᠬᠤ ᠬᠡᠷᠡᠭᠲᠡᠶ᠃ | 3. ᠬᠦᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ᠶᠢ ᠬᠤᠪᠢᠶᠠᠷᠢᠯᠠᠨ ᠲᠣᠭᠲᠠᠭᠠᠨ᠎ᠠ᠃ ᠬᠦᠰᠡᠯ ᠱᠠᠭᠠᠷᠳᠠᠯᠭ᠎ᠠ ᠨᠢ ᠤᠯᠤᠰ ᠤᠨ ᠨᠢᠭᠤᠴᠠ᠂ | ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠨᠢᠭᠤᠴᠠ ᠳᠤ ᠬᠤᠯᠪᠣᠭᠳᠠᠭᠰᠠᠨ᠂ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ᠂ ᠨᠡᠶᠢᠲᠡ ᠶᠢᠨ | ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠠᠴᠠ ᠵᠥᠷᠢᠴᠡᠭᠰᠡᠨ ᠠᠯᠢᠪᠠ ᠬᠠᠯᠠᠮᠰᠢᠯ ᠤᠲᠠᠰᠤ 12345 ᠶᠢᠨ ᠲᠠᠪᠴᠠᠩ ᠢ ᠴᠥᠮ ᠭᠥᠯᠢᠶᠡᠨ ᠠᠪᠴᠤ | ᠰᠢᠢᠳᠪᠦᠷᠢᠯᠡᠬᠦ ᠥᠬᠡᠶ᠃ | ︵ᠬᠤᠶᠠᠷ︶ ᠬᠠᠭᠤᠳᠠᠰᠤ ᠳᠤᠮᠢᠯᠠᠬᠤ ᠶᠠᠪᠤᠴᠠ | 1. ᠭᠤᠤᠯᠯᠠᠨ ᠡᠷᠬᠢᠯᠡᠬᠦ ᠪᠠᠶᠢᠭᠤᠯᠤᠯᠭ᠎ᠠ ᠶᠢ ᠲᠣᠳᠣᠷᠬᠠᠶᠢᠯᠠᠬᠤ ᠬᠡᠷᠡᠭᠲᠡᠶ᠃ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ᠂ ᠬᠠᠮᠢᠶᠠᠷᠬᠤ ᠡᠷᠬᠡ ᠮᠡᠳᠡᠯ ᠤᠨ | ᠬᠡᠪᠴᠢᠶ᠎ᠡ ᠪᠤᠶᠤ ᠠᠵᠢᠯ ᠲᠥᠷᠥᠯ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ ᠠᠵᠢᠯ ᠠᠴᠠ ᠨᠢ ᠰᠢᠯᠵᠢᠭᠦᠯᠬᠦ ᠬᠠᠭᠤᠳᠠᠰᠤ ᠲᠣᠮᠢᠯᠠᠨ᠎ᠠ᠃ ᠡᠷᠬᠡ | ᠬᠠᠷᠢᠭᠤᠴᠠᠯᠭ᠎ᠠ ᠨᠢ ᠲᠣᠳᠣᠷᠬᠠᠶ ᠪᠠᠶᠢᠪᠠᠯ᠂ ᠰᠢᠭᠤᠳ ᠲᠣᠮᠢᠯᠠᠭᠰᠠᠨ ᠰᠠᠯᠠᠭ᠎ᠠ ᠮᠥᠴᠢᠷ︔ ᠡᠭᠦᠷᠭᠡ ᠴᠢᠳᠠᠪᠤᠷᠢ ᠨᠢ ᠪᠠᠯᠠᠷᠬᠠᠶ ᠪᠣᠯ᠂ ᠡᠭᠦᠷᠭᠡ ᠴᠢᠳᠠᠪᠤᠷᠢ ᠶᠢᠨ | ᠶᠣᠰᠣᠭᠠᠷ ᠵᠢᠭᠠᠨ ᠲᠣᠭᠲᠠᠭᠠᠭᠰᠠᠨ ᠲᠦᠷᠦᠭᠦᠯᠡᠬᠦ ᠰᠠᠯᠠᠭ᠎ᠠ ᠮᠥᠴᠢᠷ︔ ︽ᠨᠢᠭᠡ ᠬᠠᠭᠤᠳᠠᠰᠤ ᠣᠯᠠᠨ ᠵᠠᠷᠭᠤ ᠬᠢᠭᠰᠡᠨ︾ ᠪᠠᠶᠢᠪᠠᠯ᠂ ᠠᠵᠢᠯ ᠤᠨ ᠬᠠᠭᠤᠳᠠᠰᠤ | ᠦᠰᠦᠭ ᠪᠢᠴᠢᠭ ᠢᠶᠠᠷ ᠨᠢᠭᠡᠳᠦᠭᠡᠷ ᠬᠦᠰᠡᠯ ᠱᠠᠭᠠᠷᠳᠠᠯᠭ᠎ᠠ ᠶᠢ ᠢᠯᠡᠳᠬᠡᠭᠰᠡᠨ ᠳᠠᠭᠠᠭᠠᠨ ᠭᠦᠢᠴᠡᠳᠬᠡᠬᠦ ᠨᠢᠭᠡᠴᠡ ᠨᠢ ᠭᠤᠤᠯᠯᠠᠨ ᠡᠷᠬᠢᠯᠡᠵᠦ᠂ ᠪᠤᠰᠤᠳ ᠳᠠᠭᠠᠭᠠᠨ | ᠭᠦᠢᠴᠡᠳᠬᠡᠬᠦ ᠨᠢᠭᠡᠴᠡ ᠨᠢ ᠬᠠᠮᠵᠢᠯᠴᠠᠨ ᠰᠢᠢᠳᠪᠦᠷᠢᠯᠡᠨ᠎ᠡ᠃ | 2. ᠲᠣᠮᠢᠯᠠᠬᠤ ᠬᠦᠴᠦᠨ ᠲᠠᠢ ᠬᠤᠭᠤᠴᠠᠭ᠎ᠠ ᠶᠢ ᠴᠢᠬᠤᠯᠠᠴᠢᠯᠠᠨ᠎ᠠ᠃ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠨᠦᠭᠦᠳ ᠰᠢᠢᠳᠪᠦᠷᠢᠯᠡᠬᠦ ᠬᠤᠭᠤᠴᠠᠭ᠎ᠠ ᠶᠢ | ᠴᠢᠩᠭ᠎ᠠ ᠵᠢᠷᠤᠮᠯᠠᠨ᠂ ᠵᠠᠷᠴᠢᠮ ᠳᠡᠭᠡᠷ᠎ᠡ ᠪᠠᠨ ᠲᠣᠰ ᠡᠳᠦᠷ ᠲᠤ ᠭᠤᠮᠣᠳᠠᠯ ᠲᠣᠭᠠᠴᠢᠭᠴᠢ ᠲᠠᠢ ᠬᠠᠷᠢᠯᠴᠠᠵᠤ ᠪᠠᠶᠢᠭᠠᠳ ᠪᠠᠶᠢᠳᠠᠯ ᠢ ᠬᠢᠨᠠᠨ ᠬᠠᠷᠭᠤᠭᠤᠯᠬᠤ ᠬᠡᠷᠡᠭᠲᠡᠢ︔ | ᠪᠠᠴᠢᠮ ᠭᠤᠮᠣᠳᠠᠯ ᠱᠠᠭᠠᠷᠳᠠᠯᠭ᠎ᠠ ᠶᠢ ᠰᠢᠯᠵᠢᠭᠦᠯᠦᠨ ᠰᠢᠢᠳᠪᠦᠷᠢᠯᠡᠭᠰᠡᠨ ᠤ ᠳᠠᠷᠠᠭ᠎ᠠ᠂ ᠱᠠᠮᠪᠠ ᠬᠤᠲᠠ ᠶᠢᠨ ᠲᠣᠭᠤᠷᠢᠭ ᠤᠨ 30 ᠮᠢᠨᠦ᠋ᠲ ᠤᠨ ᠳᠣᠲᠣᠷ᠎ᠠ᠂ | ᠪᠤᠰᠤᠳ ᠭᠠᠵᠠᠷ ᠣᠷᠣᠨ ᠤ 1 ᠴᠠᠭ ᠤᠨ ᠳᠣᠲᠣᠷ᠎ᠠ ᠲᠤᠬᠠᠶ ᠶᠢᠨ ᠲᠠᠯᠠᠪᠤᠷ ᠲᠤ ᠬᠦᠷᠴᠦ᠂ ᠥᠨᠳᠥᠷ ᠪᠦᠲᠦᠮᠵᠢᠲᠡᠶ ᠪᠠᠷ ᠠᠵᠢᠯ ᠢᠶᠠᠨ ᠥᠷᠨᠢᠭᠦᠯᠦᠨ᠂ ᠭᠤᠮᠣᠳᠠᠯ | ᠱᠠᠭᠠᠷᠳᠠᠯᠭ᠎ᠠ ᠶᠢ ᠴᠠᠭ ᠲᠤᠬᠠᠶ ᠳᠤᠨᠢ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃ | 3. ᠲᠦᠯᠬᠢᠯᠴᠡᠬᠦ ᠠᠰᠠᠭᠤᠳᠠᠯ ᠢ ᠡᠬᠢ ᠡᠭᠦᠰᠦᠯ ᠠᠴᠠ ᠨᠢ ᠬᠤᠷᠢᠭᠯᠠᠬᠤ ᠬᠡᠷᠡᠭᠲᠡᠶ᠃ ᠰᠢᠢᠳᠪᠦᠷᠢᠯᠡᠬᠦ ᠨᠢᠭᠡᠴᠢ ᠨᠢ ᠠᠵᠢᠯ ᠤᠨ ᠬᠠᠭᠤᠳᠠᠰᠤᠨ ᠳᠤ | ᠬᠤᠯᠪᠣᠭᠳᠠᠬᠤ ᠤᠴᠢᠷ ᠶᠠᠪᠤᠳᠠᠯ ᠨᠢ ᠲᠣᠰ ᠨᠢᠭᠡᠴᠢ ᠶᠢᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠬᠠᠷᠢᠶᠠᠯᠠᠭᠳᠠᠬᠤ ᠦᠭᠡᠢ ᠭᠡᠵᠦ ᠦᠵᠡᠪᠡᠯ᠂ ᠡᠷᠬᠡᠪᠰᠢ | ᠪᠤᠴᠠᠭᠠᠬᠤ ᠤᠴᠢᠷ ᠰᠢᠯᠲᠠᠭᠠᠨ ᠢᠶᠠᠨ ᠲᠣᠳᠣᠷᠬᠠᠶᠢᠯᠠᠵᠤ᠂ ᠰᠢᠯᠵᠢᠭᠦᠯᠦᠨ ᠬᠦᠷᠭᠡᠬᠦ ᠰᠠᠨᠠᠭᠤᠯᠭ᠎ᠠ ᠳᠤᠷᠠᠳᠬᠤ ᠶᠢᠨ ᠬᠠᠮᠲᠤ ᠲᠣᠰ ᠨᠢᠭᠡᠴᠢ ᠶᠢᠨ ᠭᠤᠤᠯ | ᠬᠠᠷᠢᠭᠤᠴᠠᠯᠭᠠᠲᠠᠨ ᠳᠤ ᠮᠡᠳᠡᠭᠦᠯᠦᠨ ᠬᠢᠨᠠᠨ ᠬᠠᠷᠭᠤᠭᠤᠯᠵᠤ ᠵᠥᠪᠰᠢᠶᠡᠷᠡᠭᠦᠯᠬᠦ ᠶᠢᠨ ᠬᠠᠮᠲᠤ ᠭᠠᠷ ᠤᠨ ᠥᠰᠥᠭ ᠵᠢᠷᠤᠭᠰᠠᠨ ᠤ ᠳᠠᠷᠠᠭ᠎ᠠ 12345 ᠬᠠᠯᠠᠮᠰᠢᠯ | ᠤᠲᠠᠰᠤᠨ ᠤ ᠲᠠᠪᠴᠠᠩ ᠳᠤ ᠪᠤᠴᠠᠭᠠᠬᠤ ᠬᠡᠷᠡᠭᠲᠡᠶ᠃ | ︵ᠭᠤᠷᠪᠠ︶ ᠪᠠᠳᠤᠯᠠᠭ᠎ᠠ ᠶᠢᠨ ᠠᠷᠭ᠎ᠠ ᠬᠡᠮᠵᠢᠶ᠎ᠠ | ᠲᠣᠬᠢᠷᠠᠭᠤᠯᠬᠤ ᠲᠥᠪ ᠨᠢ ᠬᠦᠴᠢᠷ ᠲᠦᠪᠡᠭᠲᠡᠶ ᠨᠡᠶᠢᠯᠡᠮᠡᠯ ᠠᠵᠢᠯ ᠤᠨ ᠭᠠᠭᠴᠠ ᠬᠡᠷᠡᠭ ᠤᠨ ᠵᠢᠱᠢᠶ᠎ᠡ ᠶᠢ ᠲᠣᠭᠲᠠᠮᠠᠯ ᠬᠤᠭᠤᠴᠠᠭ᠎ᠠ ᠲᠠᠢ ᠪᠠᠷ ᠡᠮᠬᠢᠯᠡᠵᠦ᠂ | ᠬᠦᠴᠢᠷ ᠲᠦᠪᠡᠭᠲᠡᠶ ᠠᠵᠢᠯ ᠤᠨ ᠭᠠᠭᠴᠠ ᠮᠡᠳᠡᠯᠭᠡ ᠶᠢᠨ ᠬᠥᠮᠥᠷᠭᠡ ᠶᠢ ᠲᠡᠭᠦᠯᠳᠡᠷᠵᠢᠭᠦᠯᠦᠨ᠂ ᠮᠡᠳᠡᠯᠭᠡ ᠶᠢᠨ ᠴᠡᠭ ᠤᠨ ᠠᠭᠤᠯᠭ᠎ᠠ ᠶᠢ ᠡᠮᠬᠢᠯᠡᠨ ᠲᠥᠷᠥᠯ | ᠬᠤᠪᠢᠶᠠᠭᠰᠠᠨ ᠰᠠᠭᠤᠷᠢᠨ ᠳᠡᠭᠡᠷ᠎ᠡ᠂ ᠠᠵᠢᠯ ᠤᠨ ᠬᠠᠭᠤᠳᠠᠰᠤ ᠶᠢ ᠰᠢᠯᠵᠢᠭᠦᠯᠦᠨ ᠭᠦᠢᠴᠡᠳᠭᠡᠬᠦ ᠶᠢᠨ ᠬᠠᠮᠲᠤ ᠬᠥᠳᠡᠯᠦᠩᠭᠦᠶ ᠪᠠᠷ ᠰᠢᠨᠡᠳᠬᠡᠵᠦ᠂ ᠨᠠᠷᠢᠨ | ᠬᠠᠭᠤᠳᠠᠰᠤ ᠶᠢ ᠴᠠᠭ ᠲᠤᠬᠠᠶ ᠳᠤᠨᠢ ᠣᠨᠣᠪᠴᠢᠲᠠᠶ ᠠᠵᠢᠯ ᠲᠦᠭᠡᠭᠡᠨ ᠲᠠᠷᠬᠠᠭᠠᠬᠤ ᠳᠤ ᠳᠥᠭᠦᠮ ᠦᠵᠡᠭᠦᠯᠦᠨ᠎ᠡ᠃ | ︵ᠲᠦᠷᠪᠡ︶ ᠰᠢᠮᠳᠠᠭᠤᠯᠣᠨ ᠭᠦᠢᠴᠡᠣᠡᠭᠠᠵᠤ ᠰᠢᠯᠭᠠᠨ ᠬᠢᠨᠠᠬᠤ | ᠰᠢᠮᠳᠠᠭᠤᠯᠤᠨ ᠭᠦᠢᠴᠡᠳᠬᠡᠯᠭᠡᠬᠦ ᠲᠣᠭᠲᠠᠴᠠ ᠶᠢ ᠪᠦᠷᠢᠨᠰᠢᠭᠦᠯᠦᠨ᠂ ᠰᠢᠮᠳᠠᠭᠤᠯᠤᠨ ᠭᠦᠢᠴᠡᠳᠬᠡᠯᠭᠡᠬᠦ ᠪᠠᠶᠢᠳᠠᠯ ᠢ ᠲᠣᠳᠣᠷᠬᠠᠶᠢᠯᠠᠬᠤ ᠬᠡᠷᠡᠭᠲᠡᠶ᠃ ᠭᠤᠮᠣᠳᠠᠯ | ᠱᠠᠭᠠᠷᠳᠠᠯᠭ᠎ᠠ ᠶᠢ ᠰᠢᠢᠳᠪᠦᠷᠢᠯᠡᠬᠦ ᠶᠠᠪᠤᠴᠠ ᠳᠤ᠂ ᠬᠤᠭᠤᠴᠠᠭ᠎ᠠ ᠬᠡᠲᠦᠷᠡᠭᠦᠯᠦᠨ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠵᠦ ᠳᠠᠭᠤᠰᠬᠠᠭᠠᠳᠤᠢ᠂ ᠭᠤᠮᠣᠳᠠᠯ | ᠲᠣᠭᠠᠴᠢᠯᠲᠠ ᠶᠢ ᠰᠢᠢᠳᠪᠦᠷᠢᠯᠡᠭᠴᠢ ᠤᠯᠠᠨ ᠤᠳᠠᠭ᠎ᠠ ᠲᠤᠰᠬᠠᠭᠰᠠᠨ ᠪᠤᠶᠤ ᠲᠥᠪᠯᠡᠷᠡᠭᠦᠯᠦᠨ ᠲᠤᠰᠬᠠᠭᠰᠠᠨ ᠭᠤᠮᠣᠳᠠᠯ ᠱᠠᠭᠠᠷᠳᠠᠯᠭ᠎ᠠ ᠵᠢᠴᠢ ᠭᠡᠨᠡᠳᠲᠡ ᠶᠢᠨ ᠬᠡᠷᠡᠭ | ᠣᠷᠣᠰᠢᠵᠤ ᠪᠠᠶᠢᠬᠤ ᠵᠡᠷᠭᠡ ᠶᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠳᠤ ᠤᠯᠠᠨ ᠵᠦᠢᠯ ᠤᠨ ᠬᠡᠯᠪᠡᠷᠢ ᠪᠠᠷ | ᠰᠢᠪᠠᠳᠠᠨ ᠰᠢᠢᠳᠪᠦᠷᠢᠯᠡᠭᠦᠯᠬᠦ ᠬᠡᠷᠡᠭᠲᠡᠶ᠃ | ︵ᠲᠠᠪᠤ︶ ᠲᠠᠭᠠᠯᠳᠤᠭᠤᠯᠤᠭᠰᠠᠨ ᠲᠦᠷᠢᠮ | 1᠂ 12345 ᠤᠲᠠᠰᠤᠨ ᠤ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠬᠡᠷᠬᠢᠨ ᠥᠨᠳᠥᠷ ᠪᠦᠲᠦᠮᠵᠢᠲᠡᠶ ᠥᠷᠨᠢᠭᠦᠯᠬᠦ ᠲᠤᠬᠠᠶ ᠤᠯᠠᠮ ᠨᠢᠭᠡ ᠠᠯᠬᠤᠮ | ᠱᠠᠭᠠᠷᠳᠠᠯᠭ᠎ᠠ ᠭᠠᠷᠭᠠᠪᠠ᠃ ᠬᠡᠷᠡᠭᠵᠢᠭᠦᠯᠬᠦ ᠡᠳᠦᠷ ᠬᠤᠭᠤᠴᠠᠭ᠎ᠠ ᠪᠣᠯᠤᠨ ᠡᠴᠦᠰ ᠤᠨ ᠲᠠᠶᠢᠯᠪᠤᠷᠢᠯᠠᠬᠤ ᠡᠷᠬᠡ ᠶᠢᠨ ᠬᠠᠷᠢᠶᠠᠯᠠᠯ ᠢ ᠲᠣᠭᠲᠠᠭᠠᠨ᠎ᠠ ᠭᠡᠵᠦ ᠲᠣᠭᠲᠠᠭᠠᠵᠠᠶ᠃ | |