ᠨᠢᠭᠡ᠂ ᠠᠬᠤᠶ ᠪᠠᠶᠢᠳᠠᠯ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠠᠵᠢᠯ ᠣᠯᠭᠤᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠵᠤ᠂ ︽ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠲᠤ ᠠᠵᠢᠯ ᠣᠯᠭᠤᠵᠤ | ᠠᠳᠠᠯ ᠦᠢᠯᠡᠰ ᠴᠣᠭᠴᠠᠯᠠᠬᠤ ᠠᠵᠢᠯ ᠢ ᠰᠠᠶᠢᠲᠤᠷ ᠬᠢᠬᠦ ᠲᠤᠬᠠᠶ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠰᠤᠷᠭᠠᠨ ᠬᠥᠮᠦᠵᠢᠯ | ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠷᠬᠠᠭᠠᠭᠰᠠᠨ ﹇2020﹈ | 44 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠃ | ᠬᠤᠶᠠᠷ᠂ ᠬᠠᠷᠠᠯᠲᠠ | ᠠᠵᠤ ᠠᠬᠤᠶᠢᠯᠠᠯ ᠤᠨ ᠤᠶᠤᠲᠠᠳ ᠢ ᠣᠷᠣᠭᠤᠯᠤᠨ ᠠᠪᠬᠤ ᠵᠡᠷᠭᠡ ᠵᠠᠯᠠᠭᠤᠴᠤᠳ ᠲᠤ ᠠᠵᠢᠯ ᠣᠯᠭᠤᠬᠤ ᠶᠢ ᠳᠡᠮᠵᠢᠵᠦ᠂ ᠨᠢᠭᠡ ᠯᠡ ᠤᠳᠠᠭ᠎ᠠ ᠳᠤ ᠠᠵᠢᠯ ᠤᠨ | ᠪᠠᠶᠢᠷᠢ ᠶᠢ ᠥᠷᠭᠡᠳᠬᠡᠬᠦ ᠨᠥᠬᠦᠪᠥᠷᠢ ᠶᠢ ᠭᠠᠷᠲᠠᠨ ᠭᠦᠢᠴᠡᠳᠭᠡᠬᠦ ᠠᠵᠢᠯ ᠢ ᠰᠠᠶᠢᠲᠤᠷ ᠬᠢᠨ᠎ᠠ᠃ | ᠭᠤᠷᠪᠠ᠂ ᠭᠤᠣᠯ ᠠᠭᠤᠯᠭ᠎ᠠ | ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠥᠷᠭᠡᠳᠬᠡᠬᠦ ᠲᠤᠰᠠᠯᠠᠮᠵᠢ ᠬᠦᠷᠲᠡᠬᠦ ᠲᠥᠷᠥ ᠶᠢᠨ ᠪᠣᠳᠣᠯᠭ᠎ᠠ ᠶᠢᠨ | ᠨᠥᠬᠦᠴᠡᠯ ᠳᠤ ᠨᠡᠶᠢᠴᠡᠬᠦ ᠡᠰᠡᠬᠦ ᠶᠢ ᠮᠠᠭᠠᠳᠯᠠᠵᠤ᠂ ᠳᠣᠤᠷᠠᠬᠢ ᠪᠣᠳᠠᠲᠤ ᠴᠢᠨᠠᠷ ᠤᠨ ᠴᠢᠬᠤᠯᠠ ᠨᠥᠬᠦᠴᠡᠯ ᠢ ᠬᠢᠨᠠᠨ ᠬᠠᠷᠭᠤᠭᠤᠯᠤᠨ᠎ᠠ᠃ ᠳᠠᠭᠠᠳᠬᠠᠯ ᠳᠤ ᠣᠷᠣᠵᠤ | ᠰᠦᠢᠳᠬᠡᠯ ᠲᠤᠰᠢᠶᠠᠬᠤ ᠬᠤᠭᠤᠴᠠᠭ᠎ᠠ ᠵᠢᠴᠢ ᠪᠠᠶᠢᠳᠠᠯ᠃ ᠠᠵᠤ ᠠᠬᠤᠶᠢᠯᠠᠯ ᠨᠢ ᠬᠠᠮᠢᠶ᠎ᠠ ᠪᠦᠬᠦᠢ ᠬᠥᠮᠦᠰ ᠲᠤ ᠠᠵᠢᠯ ᠠᠯᠳᠠᠭᠰᠠᠨ᠂ ᠠᠵᠢᠯ ᠠᠴᠠ ᠪᠣᠯᠤᠭᠰᠠᠨ | ᠭᠡᠮᠲᠦᠯ᠂ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠤᠨ ᠵᠠᠷᠤᠳᠠᠯ ᠢ ᠭᠦᠢᠴᠡᠳ ᠲᠤᠭ᠎ᠠ ᠪᠠᠷ ᠲᠤᠰᠢᠶᠠᠭᠠᠳ ᠪᠦᠬᠦᠯᠢ 3 ᠰᠠᠷ᠎ᠠ ᠪᠣᠯᠤᠭᠰᠠᠨ ᠮᠥᠷᠲᠡᠭᠡᠨ | ᠬᠢᠨᠠᠬᠤ ᠦᠶ᠎ᠡ ᠳᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠪᠠᠶᠢᠳᠠᠯ ᠲᠠᠢ ᠪᠠᠶᠢᠬᠤ ᠬᠡᠷᠡᠭᠲᠡᠶ᠃ ᠡᠯ᠎ᠡ ᠭᠠᠵᠠᠷ ᠤᠳ ᠰᠠᠨᠠᠭᠠᠴᠢᠯᠠᠭ᠎ᠠ ᠠᠴᠠ ᠪᠠᠨ | ᠦᠢᠯᠡᠴᠢᠯᠡᠬᠦ ᠬᠢᠭᠡᠳ ᠠᠵᠤ ᠠᠬᠤᠶᠢᠯᠠᠯ ᠳᠤ ᠥᠪᠡᠷ ᠲᠡᠭᠡᠨ ᠭᠤᠶᠤᠴᠢᠯᠠᠬᠤ ᠶᠢ ᠬᠠᠷᠢᠯᠴᠠᠨ ᠤᠶᠠᠯᠳᠤᠭᠤᠯᠤᠭᠰᠠᠨ ᠭᠠᠷᠳᠠᠨ ᠬᠢᠬᠦ ᠵᠠᠭᠪᠤᠷ ᠢ ᠠᠪᠴᠤ ᠪᠠᠶᠢᠭᠠᠳ | ᠠᠵᠢᠯ ᠤᠨ ᠪᠠᠶᠢᠷᠢ ᠶᠢ ᠥᠷᠭᠡᠳᠬᠡᠬᠦ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢ ᠨᠢᠭᠡ ᠤᠳᠠᠭ᠎ᠠ ᠶᠢᠨ ᠴᠢᠨᠠᠷᠲᠠᠶ ᠨᠠᠶᠢᠳᠠᠪᠤᠷᠢᠵᠢᠭᠤᠯᠵᠤ ᠪᠣᠯᠤᠨ᠎ᠠ᠃ | ᠳᠥᠷᠪᠡ᠂ ᠬᠡᠷᠡᠭᠵᠢᠭᠦᠯᠬᠦ ᠴᠠᠭ | 2024 ᠣᠨ ᠤ 8 ᠰᠠᠷ᠎ᠠ ᠶᠢᠨ 2 ᠤᠨ ᠡᠳᠦᠷ |