︽ᠬᠠᠩᠭᠢᠨ ᠬᠤᠶᠢᠲᠤ ᠬᠤᠰᠢᠭᠤᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠶ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/5/24
     ᠨᠢᠭᠡ᠂ ᠠᠬᠤᠶ ᠪᠠᠶᠢᠳᠠᠯ ᠬᠢᠭᠡᠳ ᠠᠴᠢ ᠬᠤᠯᠪᠣᠭᠳᠠᠯ     ᠲᠡᠦᠬᠡ ᠶᠢᠨ ᠳᠤᠷᠠᠰᠬᠠᠯᠲᠤ ᠵᠦᠢᠯ ᠪᠣᠯ ᠤᠯᠤᠰ ᠤᠨ ᠳᠠᠬᠢᠨ ᠡᠭᠦᠰᠴᠦ ᠪᠣᠯᠤᠰᠢ ᠦᠭᠡᠶ᠂ ᠣᠷᠣᠯᠠᠭᠤᠯᠵᠤ ᠪᠣᠯᠤᠰᠢ ᠦᠭᠡᠶ ᠰᠣᠶᠣᠯ ᠤᠨ ᠡᠬᠢ ᠪᠠᠶᠠᠯᠢᠭ ᠪᠣᠯᠤᠨ᠎ᠠ᠃ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠪᠣᠯ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠤᠯᠤᠰ ᠤᠨ ᠰᠣᠶᠣᠯ ᠤᠨ ᠠᠮᠤᠷ ᠲᠦᠪᠰᠢᠨ ᠤ ᠴᠢᠬᠤᠯᠠ ᠪᠠᠲᠤᠯᠠᠭ᠎ᠠ ᠮᠥᠨ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠴᠢᠨᠠᠷᠲᠠᠶ ᠠᠵᠢᠯ ᠮᠥᠨ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠪᠠᠷ ᠳᠠᠮᠵᠢᠭᠤᠯᠤᠨ᠂ ᠰᠢᠯᠵᠢᠭᠦᠯᠵᠦ ᠪᠣᠯᠤᠰᠢ ᠦᠭᠡᠶ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠭ᠎ᠠ ᠬᠡᠮᠵᠢᠶ᠎ᠡ᠂ ᠲᠠᠷᠬᠠᠯᠲᠠ᠂ ᠣᠨᠴᠠᠯᠢᠭ᠂ ᠬᠠᠳᠠᠭᠠᠯᠠᠵᠤ ᠪᠠᠶᠢᠭ᠎ᠠ ᠣᠳᠣᠬᠢ ᠪᠠᠶᠢᠳᠠᠯ᠂ ᠣᠷᠴᠢᠨ ᠲᠣᠭᠤᠷᠢᠨ ᠤ ᠪᠠᠶᠢᠳᠠᠯ ᠵᠡᠷᠭᠡ ᠦᠨᠳᠦᠰᠦᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠬᠦ ᠪᠣᠯ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠮᠠᠭᠠᠳᠯᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠴᠢᠬᠤᠯᠠ ᠦᠨᠳᠦᠰᠦᠯᠡᠯ ᠪᠣᠯᠤᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠪᠠ ᠰᠣᠶᠣᠯ ᠤᠨ ᠥᠪ ᠢ ᠬᠠᠮᠠᠭᠠᠯᠠᠬᠤ ᠡᠷᠴᠢᠮ ᠢ ᠴᠢᠩᠭᠠᠷᠠᠭᠤᠯᠬᠤ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠳᠤᠮᠳᠠᠬᠢ ᠲᠡᠦᠬᠡ ᠰᠣᠶᠣᠯ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠬᠤ᠂ ᠰᠣᠶᠣᠯ ᠤᠨ ᠢᠲᠡᠭᠡᠯ ᠢ ᠪᠠᠲᠤᠳᠬᠠᠬᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠳᠤ ᠴᠢᠬᠤᠯᠠ ᠠᠯᠤᠰ ᠬᠡᠳᠤ ᠶᠢᠨ ᠠᠴᠢ ᠬᠤᠯᠪᠣᠭᠳᠠᠯ ᠲᠠᠢ ᠶᠤᠮ       ᠬᠤᠶᠠᠷ᠂ ᠬᠠᠷᠠᠯᠲᠠ ᠶᠢᠨ ᠡᠭᠦᠷᠭᠡ     ᠨᠡᠶᠢᠳᠡᠮ ᠪᠠᠶᠢᠴᠠᠭᠠᠯᠲᠠ ᠪᠠᠷ ᠳᠠᠮᠵᠢᠭᠤᠯᠤᠨ᠂ ᠬᠠᠩᠭᠢᠨ ᠬᠤᠶᠢᠲᠤ ᠬᠤᠰᠢᠭᠤᠨ ᠤ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠶᠡᠷᠦᠩᠬᠡᠶ ᠭᠠᠷᠴᠠᠭ ᠪᠠ ᠲᠣᠮᠣ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠬᠠᠮᠢᠶᠠᠷᠬᠤ ᠬᠠᠮᠢᠶ᠎ᠠ ᠪᠥᠬᠦᠶ ᠲᠣᠭᠲᠠᠴᠠ ᠶᠢ ᠲᠡᠭᠦᠯᠳᠡᠷᠵᠢᠭᠦᠯᠦᠨ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠤᠰᠬᠠᠶ ᠮᠡᠷᠭᠡᠵᠢᠯ ᠤᠨ ᠠᠵᠢᠯᠲᠠᠨ ᠢ ᠬᠥᠮᠦᠵᠢᠭᠦᠯᠵᠦ᠂ ᠪᠥᠬᠦ ᠨᠡᠶᠢᠭᠡᠮ ᠤᠨ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠤᠨ᠎ᠠ᠃      ᠭᠤᠷᠪᠠ᠂ ᠬᠤᠯᠪᠣᠭᠳᠠᠬᠤ ᠬᠡᠪᠴᠢᠶ᠎ᠡ    ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠲᠦᠷᠦᠭᠦᠯᠡᠭᠦᠯᠦᠨ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠱᠠᠰᠢᠨ ᠰᠤᠷᠲᠠᠬᠤᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ 32 ᠨᠢᠭᠡᠴᠡ ᠬᠠᠮᠲᠤᠪᠠᠷ ᠣᠷᠣᠯᠴᠠᠨ ᠬᠡᠷᠡᠭᠵᠢᠭᠦᠯᠦᠨ᠎ᠡ᠃      ᠳᠥᠷᠪᠡ᠂ ᠵᠠᠩᠭᠢᠯᠠᠭ᠎ᠠ ᠶᠢᠨ ᠦᠭᠡ ᠶᠢᠨ ᠲᠠᠶᠢᠯᠪᠤᠷᠢ    1. ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ᠄ ᠭᠠᠵᠠᠷ ᠳᠡᠭᠡᠷᠡᠬᠢ ᠪᠠ ᠭᠠᠵᠠᠷ ᠳᠣᠣᠷᠠᠬᠢ ᠤᠰᠤᠨ ᠳᠣᠣᠷᠠᠬᠢ ᠲᠡᠦᠬᠡ ᠶᠢᠨ ᠳᠤᠷᠠᠰᠬᠠᠯᠲᠤ ᠵᠦᠢᠯᠡᠰ ᠢ ᠵᠢᠭᠠᠵᠤ ᠪᠠᠶᠢᠨ᠎ᠠ᠂ ᠡᠭᠦᠨ ᠳᠤ ᠡᠷᠲᠡᠨ ᠤ ᠰᠣᠶᠣᠯ ᠤᠨ ᠪᠠᠭᠤᠷᠢ᠂ ᠡᠷᠲᠡᠨ ᠤ ᠣᠩᠭᠤᠨ᠂ ᠡᠷᠲᠡᠨ ᠤ ᠪᠠᠷᠢᠯᠭ᠎ᠠ᠂ ᠴᠢᠯᠠᠭᠤᠨ ᠠᠭᠤᠢ ᠶᠢᠨ ᠰᠦᠮ᠎ᠡ ᠬᠢᠭᠡᠳ ᠴᠢᠯᠠᠭᠤᠨ ᠰᠡᠶᠢᠯᠦᠮᠡᠯ᠂ ᠣᠷᠴᠢᠨ ᠣᠳᠣ ᠦᠶ᠎ᠡ ᠶᠢᠨ ᠴᠢᠬᠤᠯᠠ ᠲᠡᠦᠬᠡᠨ ᠦᠯᠡᠳᠡᠭᠳᠡᠯ ᠪᠠ ᠲᠥᠯᠥᠭᠡᠯᠡᠬᠦ ᠴᠢᠨᠠᠷᠲᠠᠢ ᠪᠠᠷᠢᠯᠭ᠎ᠠ᠂ ᠪᠤᠰᠤᠳ ᠵᠢᠷᠭᠤᠭᠠᠨ ᠲᠥᠷᠥᠯ ᠪᠠᠭᠲᠠᠨ᠎ᠠ᠃    2 ᠨᠡᠶᠢᠳᠡᠮ ᠪᠠᠶᠢᠴᠠᠭᠠᠯᠲᠠ᠄ ᠰᠢᠯᠵᠢᠭᠦᠯᠵᠦ ᠪᠣᠯᠤᠰᠢ ᠦᠭᠡᠶ ᠲᠡᠦᠬᠡ ᠶᠢᠨ ᠳᠤᠷᠠᠰᠬᠠᠯᠲᠤ ᠵᠦᠢᠯᠡᠰ ᠤᠨ ᠪᠦᠬᠦ ᠲᠠᠯ᠎ᠠ ᠶᠢᠨ ᠪᠠᠶᠢᠴᠠᠭᠠᠯᠲᠠ᠂ ᠳᠡᠩᠰᠨᠯᠡᠯ ᠪᠠ ᠦᠨᠡᠯᠡᠨ ᠵᠢᠱᠢᠯᠲᠡ ᠶᠢ ᠵᠢᠭᠠᠵᠤ ᠪᠤᠶ᠃    3᠄ ᠳᠠᠬᠢᠨ ᠪᠠᠶᠢᠴᠠᠭᠠᠬᠤ᠄ ᠭᠤᠷᠪᠠ ᠶᠢ ᠲᠦᠭᠡᠮᠡᠯᠵᠢᠭᠦᠯᠬᠦ ᠪᠤᠶ ᠪᠦᠬᠦᠢ ᠪᠦᠷᠢᠳᠬᠡᠯ ᠳᠤ ᠰᠢᠯᠵᠢᠭᠦᠯᠵᠦ ᠪᠣᠯᠬᠤ ᠦᠭᠡᠶ ᠲᠡᠦᠬᠡ ᠶᠢᠨ ᠳᠤᠷᠠᠰᠬᠠᠯᠲᠤ ᠵᠦᠢᠯᠡᠰ ᠢ ᠳᠠᠬᠢᠨ ᠬᠢᠨᠠᠨ ᠪᠠᠶᠢᠴᠠᠭᠠᠬᠤ ᠶᠢ ᠵᠢᠭᠠᠵᠤ ᠪᠤᠶ᠃    4. ᠰᠢᠨ᠎ᠡ ᠪᠠᠷ ᠢᠯᠡᠷᠡᠭᠦᠯᠦᠭᠰᠡᠨ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ᠄ ᠭᠤᠷᠪᠠ ᠶᠢ ᠲᠦᠭᠡᠮᠡᠯᠵᠢᠭᠦᠯᠬᠦ ᠶᠢ ᠬᠠᠷᠠᠬᠠᠨ ᠳᠠᠩᠰᠠᠯᠠᠭᠤᠯᠤᠭᠠᠳᠤᠶ᠂ 2012 ᠣᠨ ᠠᠴᠠ ᠨᠠᠭᠠᠰᠢ ᠰᠢᠨ᠎ᠡ ᠪᠠᠷ ᠢᠯᠡᠷᠡᠭᠦᠯᠦᠭᠰᠡᠨ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠵᠢᠭᠠᠵᠤ ᠪᠠᠶᠢᠨ᠎ᠠ᠃    ᠲᠠᠪᠤ᠂ ᠭᠤᠣᠯ ᠠᠷᠭ᠎ᠠ ᠬᠡᠮᠵᠢᠶ᠎ᠡ    ︵ᠨᠢᠭᠡ︶ ᠨᠡᠶᠢᠳᠡᠮ ᠪᠠᠶᠢᠴᠠᠭᠠᠬᠤ ᠪᠠᠶᠢᠭᠤᠯᠤᠮᠵᠢ ᠶᠢ ᠪᠠᠶᠢᠭᠤᠯᠤᠨ᠎ᠠ᠃ ᠬᠠᠩᠭᠢᠨ ᠬᠤᠶᠢᠲᠤ ᠬᠤᠰᠢᠭᠤᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠬᠤ ᠪᠠ ᠬᠡᠷᠡᠭᠵᠢᠭᠦᠯᠬᠦ ᠶᠢ ᠬᠠᠷᠢᠭᠤᠴᠠᠨ᠎ᠠ᠃ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠨᠡᠶᠢᠳᠡᠮ ᠪᠠᠶᠢᠴᠠᠭᠠᠯᠲᠠ ᠶᠢᠨ ᠡᠩᠨᠡᠭᠡ ᠪᠠᠶᠢᠭᠤᠯᠵᠤ᠂ ᠪᠣᠳᠠᠲᠠᠶ ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠷᠢᠭᠤᠴᠠᠨ᠎ᠠ᠃    ︵ᠬᠤᠶᠠᠷ︶ ᠨᠡᠶᠢᠳᠡᠮ ᠪᠠᠶᠢᠴᠠᠭᠠᠯᠲᠠ ᠶᠢᠨ ᠴᠠᠭ᠂ ᠬᠦᠷᠢᠶ᠎ᠡ ᠬᠡᠪᠴᠢᠶ᠎ᠡ ᠪᠣᠯᠤᠨ ᠠᠭᠤᠯᠭ᠎ᠠ ᠶᠢ ᠲᠣᠭᠲᠠᠭᠠᠬᠤ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠠᠵᠢᠯ ᠢ 2023 ᠣᠨ ᠤ 11 ᠰᠠᠷ᠎ᠠ ᠠᠴᠠ ᠡᠬᠢᠯᠡᠨ᠂ 2026 ᠣᠨ ᠤ 6 ᠰᠠᠷ᠎ᠠ ᠪᠣᠯᠲᠠᠯ᠎ᠠ᠂ ᠭᠤᠷᠪᠠᠨ ᠱᠠᠲᠤ ᠬᠤᠪᠢᠶᠠᠨ ᠶᠠᠪᠤᠭᠳᠠᠭᠤᠯᠵᠤ᠂ ᠬᠠᠩᠭᠢᠨ ᠬᠤᠶᠢᠲᠤ ᠬᠤᠰᠢᠭᠤᠨ ᠤ ᠬᠢᠯᠢ ᠳᠣᠲᠣᠷᠠᠬᠢ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠷᠡᠶᠢᠳᠦᠯ᠂ ᠣᠷᠣᠨ ᠵᠠᠶ ᠶᠢᠨ ᠣᠷᠣᠨ ᠪᠠᠶᠢᠷᠢ᠂ ᠬᠠᠮᠠᠭᠠᠯᠠᠯᠲᠠ ᠶᠢᠨ ᠲᠠᠰ᠂ ᠲᠡᠤᠬᠡ ᠶᠢᠨ ᠳᠤᠷᠠᠰᠬᠠᠯᠲᠤ ᠵᠦᠢᠯᠡᠰ ᠂ ᠡᠷᠬᠡ ᠶᠢᠨ ᠬᠠᠷᠢᠶ᠎ᠠ᠂ ᠬᠡᠷᠡᠭᠯᠡᠭᠰᠡᠨ ᠪᠠᠶᠢᠳᠠᠯ᠂ ᠬᠠᠳᠠᠭᠠᠯᠠᠵᠤ ᠪᠠᠶᠢᠭ᠎ᠠ ᠪᠠᠶᠢᠳᠠᠯ ᠵᠡᠷᠭᠡ ᠮᠡᠳᠡᠭᠡ ᠵᠠᠩᠭᠢ ᠶᠢ ᠪᠥᠬᠦ ᠲᠠᠯ᠎ᠠ ᠪᠠᠷ ᠨᠡᠶᠢᠳᠡᠮ ᠪᠠᠶᠢᠴᠠᠭᠠᠬᠤ ᠬᠡᠷᠡᠭᠲᠡᠶ᠃    ︵ᠭᠤᠷᠪᠠ︶ ᠲᠤᠬᠠᠢ ᠶᠢᠨ ᠭᠠᠵᠠᠷ ᠲᠤ ᠨᠢ ᠪᠠᠶᠢᠴᠠᠭᠠᠯᠲᠠ ᠬᠢᠬᠦ᠃ ᠰᠢᠶᠠᠨ ᠤ ᠬᠡᠪᠴᠢᠶ᠎ᠡ ᠪᠠᠷ ᠦᠨᠳᠦᠰᠦᠨ ᠨᠢᠭᠡᠴᠢ ᠪᠣᠯᠭᠠᠵᠤ᠂ ᠲᠤᠬᠠᠶ ᠶᠢᠨ ᠭᠠᠵᠠᠷ ᠲᠤᠨᠢ ᠲᠡᠤᠬᠡ ᠶᠢᠨ ᠳᠤᠷᠠᠰᠬᠠᠯᠲᠤ ᠵᠦᠢᠯᠡᠰ ᠤᠨ ᠪᠠᠶᠢᠴᠠᠭᠠᠯᠲᠠ ᠶᠢ ᠥᠷᠨᠢᠭᠦᠯᠦᠨ᠎ᠡ᠃    ︵ᠲᠦᠷᠪᠡ︶ ᠲᠤᠭ᠎ᠠ ᠪᠠᠷᠢᠮᠲᠠ ᠶᠢᠨ ᠬᠠᠮᠢᠶᠠᠷᠤᠯᠲᠠ ᠪᠠ ᠦᠷ᠎ᠡ ᠳ᠋ᠦᠩ ᠢ ᠨᠡᠶᠢᠲᠡᠯᠡᠬᠦ ᠶᠢ ᠴᠢᠩᠭᠠᠳᠬᠠᠨ᠎ᠠ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠮᠦᠷᠳᠡᠬᠦ ᠲᠣᠭᠲᠠᠴᠠ ᠶᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠪᠠ ᠣᠨᠣᠪᠴᠢᠲᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃ ᠰᠢᠯᠵᠢᠭᠦᠯᠵᠦ ᠪᠣᠯᠤᠰᠢ ᠦᠭᠡᠶ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠤᠯᠢ ᠶᠣᠰᠣᠭᠠᠷ ᠦᠨᠡᠮᠰᠢᠵᠦ᠂ ᠳᠠᠩᠰᠠᠯᠠᠬᠤ ᠶᠢᠨ ᠬᠠᠮᠲᠤ ᠨᠡᠶᠢᠲᠡᠯᠡᠵᠦ᠂ ᠤᠯᠤᠰ ᠤᠨ ᠰᠢᠯᠵᠢᠭᠦᠯᠵᠦ ᠪᠣᠯᠤᠰᠢ ᠦᠭᠡᠶ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠶᠡᠷᠦᠩᠬᠡᠶ ᠭᠠᠷᠴᠠᠭ ᠢ ᠪᠠᠶᠢᠭᠤᠯᠵᠤ᠂ ᠱᠠᠲᠤ ᠳᠠᠷᠠᠭᠠᠯᠠᠨ ᠰᠢᠯᠭᠠᠨ ᠠᠪᠬᠤ ᠶᠢᠨ ᠬᠠᠮᠲᠤ ᠨᠡᠶᠢᠭᠡᠮ ᠨᠡᠶᠢᠲᠡ ᠳᠤ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠨᠡᠶᠢᠲᠡᠯᠡᠬᠦ ᠬᠡᠷᠡᠭᠲᠡᠶ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ