︽ᠬᠠᠩᠭᠢᠨ ᠬᠤᠶᠢᠲᠤ ᠬᠤᠰᠢᠭᠤᠨ ᠤ 2024 ᠣᠨ ᠤ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/5/30
      ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠬᠡᠷᠡᠭᠵᠢᠭᠦᠯᠦᠯᠲᠡ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠬᠠᠩᠭᠢᠨ ᠬᠤᠶᠢᠲᠤ ᠬᠤᠰᠢᠭᠤᠨ ᠤ ᠬᠢᠨ 2024 ᠣᠨ ᠤ 5 ᠰᠠᠷ᠎ᠠ ᠳᠤ ︽ᠬᠠᠩᠭᠢᠨ ᠬᠤᠶᠢᠲᠤ ᠬᠤᠰᠢᠭᠤᠨ ᠤ 2024 ᠣᠨ ᠤ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠨᠡᠶᠢᠲᠡᠯᠡᠵᠦ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠡᠳᠦᠭᠡ ︽ᠬᠠᠩᠭᠢᠨ ᠬᠤᠶᠢᠲᠤ ᠬᠤᠰᠢᠭᠤᠨ ᠤ 2024 ᠣᠨ ᠤ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠲᠦᠷᠢᠮ ᠤᠨ ᠠᠬᠤᠶ ᠪᠠᠶᠢᠳᠠᠯ᠂ ᠶᠠᠪᠤᠴᠠ᠂ ᠭᠤᠤᠯ ᠠᠭᠤᠯᠭ᠎ᠠ ᠵᠡᠷᠭᠡ ᠲᠠᠯ᠎ᠠ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠪᠠ᠃      ᠨᠢᠭᠡ᠂ ᠬᠡᠷᠡᠭᠯᠡᠬᠦ ᠬᠡᠪᠴᠢᠶ᠎ᠡ      ᠲᠣᠰ ᠠᠷᠭ᠎ᠠ ᠨᠢ ᠬᠠᠩᠭᠢᠨ ᠬᠤᠶᠢᠲᠤ ᠬᠤᠰᠢᠭᠤᠨ ᠤ 2024 ᠣᠨ ᠤ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠣᠯᠭᠤᠬᠤ ᠠᠵᠢᠯ ᠳᠤ ᠬᠡᠷᠡᠭᠯᠡᠭᠳᠡᠨ᠎ᠡ᠃      ᠬᠤᠶᠠᠷ᠂ ᠭᠤᠤᠯ ᠠᠭᠤᠯᠭ᠎ᠠ      2024 ᠣᠨ ᠳᠤ ᠳᠡᠭᠡᠳᠦ ᠱᠠᠲᠤᠨ ᠠᠴᠠ ᠮᠠᠨ ᠤ ᠬᠤᠰᠢᠭᠤᠨ ᠳᠤ ᠪᠠᠭᠤᠯᠭᠠᠭᠰᠠᠨ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠪᠠᠯᠠ ᠮᠥᠩᠭᠦ 7746 ᠲᠦᠮᠡᠨ ᠲᠥᠭᠦᠷᠢᠭ᠂ ᠡᠭᠦᠨ ᠳᠤ 1877.64 ᠲᠦᠮᠡᠨ ᠲᠥᠭᠦᠷᠢᠭ ᠢ ᠠᠮᠤ ᠪᠤᠳᠠᠭ᠎ᠠ ︵ᠪᠤᠭᠤᠳᠠᠢ︶ ᠲᠠᠷᠢᠬᠤ ᠨᠥᠬᠦᠪᠥᠷᠢ ᠳᠤ ᠬᠡᠷᠡᠭᠯᠡᠵᠦ ᠂ 5868.36 ᠲᠦᠮᠡᠨ ᠲᠥᠭᠦᠷᠢᠭ ᠢ ᠡᠩ ᠤᠨ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠳᠤ ᠬᠡᠷᠡᠭᠯᠡᠨ᠎ᠡ᠃      ︵ᠨᠢᠭᠡ᠄ ᠠᠮᠤ ᠪᠤᠳᠠᠭ᠎ᠠ︶ ᠲᠠᠷᠢᠮᠠᠯ ᠤᠨ ᠨᠦᠬᠦᠪᠦᠷᠢ      1. ᠨᠥᠬᠦᠪᠥᠷᠢ ᠬᠦᠷᠲᠡᠬᠦ ᠡᠲᠡᠭᠡᠳ᠃ ᠨᠥᠬᠦᠪᠥᠷᠢ ᠣᠯᠭᠤᠬᠤ ᠡᠲᠡᠭᠡᠳ ᠨᠢ ᠪᠣᠳᠠᠲᠠᠶ ᠲᠠᠷᠢᠭᠴᠢ ᠪᠣᠯᠤᠨ᠎ᠠ᠃      2. ᠨᠥᠬᠦᠪᠥᠷᠢ ᠥᠭᠬᠦ ᠠᠷᠭ᠎ᠠ ᠬᠡᠯᠪᠡᠷᠢ᠃ ︽ᠪᠦᠬᠦᠨ ᠳᠤ ᠲᠣᠬᠢᠷᠠᠬᠤ ᠺᠠᠷᠲ︾ ᠤᠨ ᠠᠷᠭ᠎ᠠ ᠮᠠᠶ᠋ᠢᠭ ᠢ ᠠᠪᠴᠤ ᠨᠥᠬᠦᠪᠥᠷᠢ ᠣᠯᠭᠤᠨ᠎ᠠ᠃      3. ᠨᠥᠬᠦᠪᠥᠷᠢ ᠶᠢᠨ ᠪᠠᠷᠢᠮᠵᠢᠶ᠎ᠠ᠃ ᠵᠠᠯᠭᠠᠯᠳᠤᠭᠰᠠᠨ ᠪᠣᠭᠤᠳᠠᠶ ᠳᠠᠷᠢᠬᠤ ᠨᠥᠬᠦᠪᠥᠷᠢ᠄ ︽︿ᠬᠠᠩᠭᠢᠨ ᠬᠤᠶᠢᠲᠤ ᠬᠤᠰᠢᠭᠤᠨ ᠤ 2024 ᠣᠨ ᠤ ᠪᠣᠭᠤᠳᠠᠶ ᠶᠢᠨ ᠲᠥᠪᠯᠡᠷᠡᠭᠦᠯᠦᠨ ᠵᠠᠯᠭᠠᠯᠳᠤᠭᠤᠯᠤᠨ ᠳᠠᠷᠢᠬᠤ ᠨᠥᠬᠦᠪᠥᠷᠢ ᠶᠢᠨ ᠰᠠᠨᠠᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠬᠠᠩᠬᠢᠨ ᠵᠠᠰᠠᠭ ᠠᠯᠪᠠᠨ ᠲᠠᠷᠬᠠᠭᠠᠭᠰᠠᠨ ﹇2020﹈ 10 ᠳ᠋ᠤᠭᠠᠷ ᠲᠣᠭᠠᠲᠤ︶ ᠢ ᠦᠨᠳᠦᠰᠦᠯᠡᠪᠡᠯ᠂ ᠵᠠᠯᠭᠠᠯᠳᠤᠭᠤᠯᠤᠨ ᠳᠠᠷᠢᠬᠤ ᠪᠣᠭᠤᠳᠠᠶ ᠶᠢᠨ ᠲᠠᠯᠠᠪᠠᠶ 300 ᠮᠥ ᠠᠴᠠ ᠳᠡᠭᠡᠭᠰᠢ ᠵᠠᠯᠭᠠᠯᠳᠤᠭᠤᠯᠤᠨ ᠳᠠᠷᠢᠬᠤ ᠨᠥᠬᠦᠪᠥᠷᠢ ᠣᠯᠵᠤ ᠪᠣᠯᠤᠨ᠎ᠠ᠂ ᠡᠭᠦᠨ ᠳᠤ ᠵᠠᠯᠭᠠᠯᠳᠤᠭᠤᠯᠤᠨ ᠳᠠᠷᠢᠬᠤ ᠲᠠᠯᠠᠪᠠᠶ 300 ᠮᠥ - 1000 ᠮᠥ ᠳᠠᠷᠢᠬᠤ ᠲᠠᠯᠠᠪᠠᠶ 8740.63 ᠮᠥ ᠪᠠᠶᠢᠵᠤ᠂ ᠮᠥ ᠪᠦᠷᠢ ᠳᠤ 300 ᠲᠥᠭᠦᠷᠢᠭ᠂ ᠨᠥᠬᠦᠪᠥᠷᠢ ᠮᠥᠩᠭᠦ 2622189 ᠲᠥᠭᠦᠷᠢᠭ︔ ᠵᠠᠯᠭᠠᠯᠳᠤᠭᠤᠯᠤᠨ ᠳᠠᠷᠢᠬᠤ ᠲᠠᠯᠠᠪᠠᠶ 1000 ᠮᠥ - 3000 ᠮᠥ ᠳᠠᠷᠢᠬᠤ ᠲᠠᠯᠠᠪᠠᠶ 18104.05 ᠮᠥ᠂ ᠮᠥ ᠪᠦᠷᠢ ᠳᠤ 350 ᠲᠥᠭᠦᠷᠢᠭ ᠨᠥᠬᠦᠪᠦᠷᠢᠯᠡᠨ᠎ᠡ︔ ᠵᠠᠯᠭᠠᠯᠳᠤᠭᠰᠠᠨ ᠳᠠᠷᠢᠬᠤ ᠲᠠᠯᠠᠪᠠᠶ 3000 ᠮᠥ ᠠᠴᠠ ᠳᠡᠭᠡᠭᠰᠢᠬᠢ ᠲᠠᠯᠠᠪᠠᠶ 7443.63 ᠮᠥ ᠪᠠᠶᠢᠵᠤ᠂ ᠮᠦ ᠪᠦᠷᠢ ᠳᠤ 400 ᠲᠥᠭᠦᠷᠢᠭ ᠨᠥᠬᠦᠪᠦᠷᠢᠯᠡᠵᠦ᠂ ᠨᠥᠬᠦᠪᠥᠷᠢ ᠮᠥᠩᠭᠦ 2977452 ᠲᠥᠭᠦᠷᠢᠭ ᠪᠣᠯᠣᠨ᠎ᠠ᠃ ᠪᠤᠭᠤᠳᠠᠶ ᠶᠢᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠨᠥᠬᠦᠪᠥᠷᠢ᠄ ᠪᠣᠭᠤᠳᠠᠶ ᠶᠢᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠠᠵᠢᠯ ᠢ ᠥᠷᠨᠢᠭᠦᠯᠦᠭᠰᠡᠨ ︵ᠡᠷᠬᠡᠪᠰᠢ ᠦᠷ᠎ᠡ ᠶᠢᠨ ᠦᠢᠯᠡᠳᠪᠦᠷᠢᠯᠡᠯ ᠤᠨ ᠠᠵᠤ ᠠᠬᠤᠶᠢᠯᠠᠯ ᠲᠠᠢ ᠦᠢᠯᠡᠳᠪᠦᠷᠢᠯᠡᠯ ᠤᠨ ᠭᠡᠷ᠎ᠡ ᠲᠣᠭᠲᠠᠬᠤ ᠬᠡᠷᠡᠭᠲᠡᠶ︶᠂ ᠲᠠᠷᠢᠭᠰᠠᠨ ᠲᠠᠯᠠᠪᠠᠶ ᠨᠢ 550.4 ᠮᠦ᠂ ᠮᠦ ᠪᠦᠷᠢ ᠳᠤ ᠳᠠᠬᠢᠨ 100 ᠲᠥᠭᠦᠷᠢᠭ ᠨᠥᠬᠦᠪᠥᠷᠢᠯᠡᠵᠦ᠂ ᠨᠥᠬᠦᠪᠥᠷᠢ ᠶᠢᠨ ᠪᠡᠯᠡ ᠮᠥᠩᠭᠦ ᠨᠢ 55040 ᠲᠥᠭᠦᠷᠢᠭ ᠪᠣᠯᠤᠨ᠎ᠠ᠃ ᠲᠠᠷᠠᠬᠠᠶ ᠪᠤᠲᠠᠷᠬᠠᠶ ᠪᠣᠭᠤᠳᠠᠶ ᠳᠠᠷᠢᠬᠤ ᠨᠥᠬᠦᠪᠥᠷᠢ᠄ 2024 ᠣᠨ ᠳᠤ 300 ᠮᠦ ᠠᠴᠠ ᠳᠣᠷᠣᠭᠰᠢ ᠲᠠᠷᠠᠬᠠᠶ ᠳᠠᠷᠢᠬᠤ ᠪᠣᠭᠤᠳᠠᠶ ᠳᠠᠷᠢᠬᠤ ᠲᠠᠯᠠᠪᠠᠶ 27141.19 ᠮᠥ᠂ ᠮᠥ ᠪᠦᠷᠢ ᠶᠢᠨ ᠨᠥᠬᠦᠪᠥᠷᠢ 250 ᠲᠥᠭᠦᠷᠢᠭ᠂ ᠨᠥᠬᠦᠪᠥᠷᠢ ᠪᠠᠯᠠ ᠮᠥᠩᠭᠦ 6785297.5 ᠲᠥᠭᠦᠷᠢᠭ ᠪᠣᠯᠤᠨ᠎ᠠ᠃      ︵ᠬᠤᠶᠠᠷ︶ ᠲᠠᠷᠢᠶᠠᠨ ᠭᠠᠵᠠᠷ ᠤᠨ ᠡᠩ ᠤᠨ ᠬᠦᠴᠦᠨ ᠢ ᠬᠠᠮᠠᠭᠠᠯᠠᠬᠤ ᠨᠥᠬᠦᠪᠥᠷᠢ      1. ᠨᠥᠬᠦᠪᠥᠷᠢ ᠬᠦᠷᠲᠡᠬᠦ ᠡᠲᠡᠭᠡᠳ᠃ ᠲᠠᠷᠢᠶᠠᠨ ᠭᠠᠵᠠᠷ ᠤᠨ ᠭᠠᠵᠠᠷ ᠤᠨ ᠬᠦᠴᠦᠨ ᠢ ᠬᠠᠮᠠᠭᠠᠯᠠᠬᠤ ᠨᠥᠬᠦᠪᠥᠷᠢ ᠥᠭᠬᠦ ᠡᠲᠡᠭᠡᠳ ᠨᠢ ᠵᠠᠷᠴᠢᠮ ᠳᠡᠭᠡᠷ᠎ᠡ ᠪᠠᠨ ᠲᠠᠷᠢᠶᠠᠨ ᠭᠠᠵᠠᠷ ᠤᠨ ᠳᠠᠭᠠᠭᠠᠴᠢᠯᠠᠯᠲᠠ ᠶᠢᠨ ᠡᠷᠬᠡ ᠲᠠᠢ ᠲᠠᠷᠢᠶ᠎ᠠ ᠲᠠᠷᠢᠬᠤ ᠲᠠᠷᠢᠶᠠᠴᠢᠨ ︵ᠲᠠᠷᠢᠶᠠᠯᠠᠩ ᠤᠨ ᠲᠠᠯᠠᠪᠠᠢ ᠶᠢᠨ ᠠᠵᠢᠯᠲᠠᠨ︶ ᠪᠣᠯᠤᠨ᠎ᠠ᠃      2. ᠨᠥᠬᠦᠪᠥᠷᠢ ᠥᠭᠬᠦ ᠠᠷᠭ᠎ᠠ ᠬᠡᠯᠪᠡᠷᠢ᠃ ᠨᠥᠬᠦᠪᠥᠷᠢ ᠪᠡᠯᠡ ᠮᠥᠩᠭᠦ ᠶᠢ ︽ᠨᠢᠭᠡ ᠳᠤ ᠲᠤᠬᠢᠨᠠᠭᠤᠯᠬᠤ ᠺᠠᠷᠲ︾ ᠢᠶᠠᠷ ᠳᠠᠮᠵᠢᠭᠤᠯᠤᠨ ᠣᠯᠭᠤᠵᠤ᠂ ᠥᠩᠭᠡᠷᠡᠭᠰᠡᠨ ᠳᠤ ᠭᠠᠶᠢᠯᠢ ᠪᠣᠳᠣᠬᠤ ᠲᠠᠷᠢᠶᠠᠨ ᠭᠠᠵᠠᠷ ᠤᠨ ᠲᠠᠯᠠᠪᠠᠶ ᠪᠠᠷ ᠨᠥᠬᠦᠪᠥᠷᠢ ᠥᠭᠬᠦ ᠦᠨᠳᠦᠰᠦᠯᠡᠯ ᠪᠣᠯᠭᠠᠨ᠎ᠠ᠃      3. ᠨᠥᠬᠦᠪᠥᠷᠢ ᠶᠢᠨ ᠪᠠᠷᠢᠮᠵᠢᠶ᠎ᠠ᠃ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠡᠷᠦᠬᠡ ᠶᠢ ᠮᠥᠨ ᠬᠦ ᠤᠤᠯ ᠤᠨ ᠨᠥᠬᠦᠪᠥᠷᠢ ᠶᠢ ᠲᠥᠰᠦᠭᠡᠯᠡᠨ ᠪᠤᠳᠤᠬᠤ ᠠᠷᠭ᠎ᠠ ᠮᠠᠶ᠋ᠢᠭ ᠢᠶᠠᠷ ᠲᠠᠷᠬᠠᠭᠠᠵᠤ᠂ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠡᠷᠦᠬᠡ ᠶᠢᠨ ᠭᠠᠶᠢᠯᠢ ᠪᠤᠳᠤᠬᠤ ᠲᠠᠯᠠᠪᠠᠶ ᠨᠢ 6212.19 ᠮᠥ᠂ ᠮᠥ ᠪᠦᠷᠢ ᠳᠤ ᠳᠤᠮᠳᠠᠴᠢ ᠪᠠᠷ ᠨᠥᠬᠦᠪᠥᠷᠢ ᠥᠭᠬᠦ ᠪᠠᠷᠢᠮᠵᠢᠶ᠎ᠠ ᠨᠢ 89.7 ᠲᠥᠭᠦᠷᠢᠭ᠂ ᠨᠥᠬᠦᠪᠥᠷᠢ ᠪᠠᠯᠠ ᠮᠥᠩᠭᠦ ᠨᠢ 557233.45 ᠲᠥᠭᠦᠷᠢᠭ︔ ᠦᠯᠡᠳᠡᠭᠰᠡᠨ ᠪᠠᠯᠠ ᠮᠥᠩᠭᠦ ᠨᠢ 58126370.55 ᠲᠥᠭᠦᠷᠢᠭ ᠪᠠᠶᠢᠵᠤ᠂ ᠦᠯᠡᠳᠡᠭᠰᠡᠨ ᠲᠠᠷᠢᠶᠠᠨ ᠭᠠᠵᠠᠷ ᠤᠨ ᠲᠠᠯᠠᠪᠠᠶ ᠨᠢ 857387.42 ᠮᠥ ᠢᠶᠠᠷ ᠳᠤᠮᠳᠠᠴᠢ ᠪᠠᠷ ᠣᠯᠭᠤᠵᠤ᠂ ᠮᠥ ᠪᠦᠷᠢ ᠳᠤ 67.79 ᠲᠥᠭᠦᠷᠢᠭ ᠤᠨ ᠨᠥᠬᠦᠪᠥᠷᠢ ᠥᠭᠭᠦᠨ᠎ᠡ᠃      ᠭᠤᠷᠪᠠ᠂ ︽ᠠᠷᠭ᠎ᠠ︾ ᠶᠢ ᠨᠡᠶᠢᠲᠡᠯᠡᠭᠰᠡᠨ ᠠᠴᠢ ᠬᠤᠯᠪᠣᠭᠳᠠᠯ      ︽ᠠᠷᠭ᠎ᠠ︾ ᠶᠢ ᠨᠡᠶᠢᠲᠡᠯᠡᠨ ᠬᠡᠷᠡᠭᠵᠢᠭᠦᠯᠬᠦ ᠪᠠ ᠬᠡᠷᠡᠭᠵᠢᠭᠦᠯᠵᠦ᠂ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠦᠢᠯᠡ ᠠᠵᠢᠯᠯᠠᠭ᠎ᠠ ᠯᠤᠭ᠎ᠠ ᠬᠤᠯᠪᠣᠭᠳᠠᠭᠤᠯᠬᠤ ᠪᠦᠲᠦᠮᠵᠢᠲᠡᠶ ᠲᠣᠭᠲᠠᠴᠠ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠰᠦᠪᠡᠭᠴᠢᠯᠡᠨ ᠠᠬᠢᠭᠤᠯᠵᠤ᠂ ᠲᠠᠷᠢᠶᠠᠴᠢᠳ ᠢ ᠬᠥᠲᠥᠯᠥᠨ ᠵᠢᠯᠣᠭᠤᠳᠴᠤ ᠠᠮᠤ ᠪᠤᠳᠠᠭᠠᠨ ᠤ ᠲᠠᠷᠢᠮᠠᠯ ᠢ ᠥᠷᠭᠡᠳᠬᠡᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠰᠠᠭᠤᠷᠢ ᠶᠢ ᠪᠠᠬᠢᠵᠢᠭᠦᠯᠵᠦ᠂ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ