︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠬᠠᠲᠤᠨ ᠭᠤᠣᠯ ᠤᠨ ︽ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠶ᠎ᠡ — ᠨᠣᠭᠤᠭᠠᠷᠠᠭᠤᠯᠤᠯᠲᠠ ᠶᠢᠨ ᠠᠵᠢᠯ ᠢ ᠰᠠᠶᠢᠲᠤᠷ ᠬᠢᠵᠦ᠂ ᠦᠵᠡᠰᠭᠦᠯᠡᠩᠲᠦ ᠰᠠᠶᠢᠬᠠᠨ ᠳ᠋ᠧᠩᠺᠸᠤ ᠰᠢᠶᠠᠨ ᠢ ᠪᠦᠲᠦᠭᠡᠨ ᠪᠠᠶᠢᠭᠤᠯᠤᠶ᠎ᠠ
ᠨᠡᠶᠢᠲᠡᠯᠡᠭᠰᠡᠨ ᠴᠠᠭ᠄
2024/5/9
      ᠣᠶᠢᠷ᠎ᠠ ᠶᠢᠨ ᠡᠳᠦᠷ᠂ ᠳ᠋ᠧᠩᠺᠸᠤ ᠰᠢᠶᠠᠨ 2024 ᠣᠨ ᠤ ᠬᠠᠪᠤᠷ ᠤᠨ ᠤᠯᠠᠷᠢᠯ ᠤᠨ ᠮᠣᠳᠣ ᠳᠠᠷᠢᠵᠤ ᠣᠶᠢᠵᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ ᠪᠠᠶᠢᠨ᠎ᠠ᠃       ᠳ᠋ᠧᠩᠺᠧᠦ ᠰᠢᠶᠠᠨ ᠤ ᠤᠯᠠᠭᠠᠨᠪᠤᠬ᠎ᠠ ᠡᠯᠡᠰᠦᠷᠬᠡᠭᠵᠢᠯ ᠢ ᠰᠡᠷᠭᠡᠶᠢᠯᠡᠵᠤ ᠡᠯᠡᠰᠦ ᠶᠢ ᠵᠠᠰᠠᠬᠤ 1000 ᠮᠦ ᠪᠤᠳᠠ ᠮᠣᠳᠣᠨ ᠰᠠᠭᠤᠷᠢᠨ ᠭᠠᠵᠠᠷ ᠲᠤ᠂ ᠪᠦᠬᠦ ᠰᠢᠶᠠᠨ ᠤ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠠᠵᠢᠯᠲᠠᠨ ᠵᠢᠴᠢ ᠰᠠᠶᠢᠨ ᠳᠣᠷᠠᠴᠤᠳ ᠶᠠᠭᠠᠷᠠᠯᠲᠠᠢ ᠠᠵᠢᠯᠯᠠᠨ᠎ᠠ᠃    ᠣᠶᠢᠯᠠᠭᠠᠭᠰᠠᠨ ᠢᠶᠠᠷ᠂ ᠴᠢᠬᠢ ᠮᠣᠳᠤ ᠪᠤᠶᠢᠵᠢᠭᠤᠯᠬᠤ ᠰᠠᠭᠤᠷᠢᠨ ᠭᠠᠵᠠᠷ ᠭᠤᠣᠯᠳᠠᠭᠤ ᠵᠠᠭ᠂ ᠬᠠᠷᠭᠠᠨ᠎ᠠ ᠵᠡᠷᠭᠡ ᠭᠠᠩ ᠳᠤ ᠳᠠᠭᠠᠴᠢᠲᠠᠢ ᠬᠠᠶᠢᠴᠢ ᠮᠣᠳᠣ ᠶᠢ 8000 ᠲᠦᠮᠡᠨ ᠰᠠᠭᠤᠷᠢ ᠪᠤᠶᠢᠵᠢᠭᠤᠯᠬᠤ ᠪᠠᠷ ᠲᠥᠯᠥᠪᠯᠡᠵᠦ ᠪᠣᠢ᠃ 4 ᠰᠠᠷ᠎ᠠ ᠶᠢᠨ ᠡᠬᠢᠨ ᠠᠴᠠ ᠤᠳᠤ ᠪᠣᠯᠲᠠᠯ᠎ᠠ᠂ ᠳ᠋ᠧᠩᠺᠧᠦ ᠰᠢᠶᠠᠨ ᠤ ᠬᠢᠨ ᠪᠦᠬᠦ ᠰᠢᠶᠠᠨ ᠤ ᠺᠠᠳ᠋ᠷ ᠠᠵᠢᠯᠲᠠᠨ ᠤᠯᠠᠨ ᠲᠦᠮᠡᠨ ᠢ 2000 ᠭᠠᠷᠤᠢ ᠬᠥᠮᠥᠨ ᠤᠳᠠᠭ᠎ᠠ ᠵᠣᠬᠢᠶᠠᠨ ᠪᠠᠶᠢᠭᠤᠯᠤᠨ ᠤᠯᠢᠶᠠᠰᠤ᠂ ᠤᠳᠠ᠂ ᠬᠠᠶᠢᠯᠠᠰᠤ ᠵᠡᠷᠭᠡ ᠡᠯ᠎ᠡ ᠲᠥᠷᠥᠯ ᠤᠨ ᠲᠤᠷᠤᠭ ᠮᠣᠳᠣ 10.4 ᠲᠦᠮᠡᠨ ᠰᠠᠭᠤᠷᠢ᠂ ᠪᠣᠳᠠ ᠮᠣᠳᠣ 20.8 ᠲᠦᠮᠡᠨ ᠰᠠᠭᠤᠷᠢ ᠶᠢ 2700 ᠮᠦ ᠭᠠᠵᠠᠷ ᠲᠤ ᠰᠢᠨ᠎ᠡ ᠪᠠᠷ ᠰᠠᠭᠤᠯᠭᠠᠬᠤ ᠪᠤᠶᠤ ᠨᠦᠬᠦᠨ ᠰᠠᠭᠤᠯᠭᠠᠭᠰᠠᠨ ᠪᠠᠶᠢᠨ᠎ᠠ᠃       ᠳ᠋ᠧᠩᠺᠧᠦ ᠰᠢᠶᠠᠨ ᠤ ᠤᠯᠠᠭᠠᠨᠪᠤᠬ᠎ᠠ ᠡᠯᠡᠰᠦᠷᠬᠡᠭᠵᠢᠯ ᠢ ᠰᠡᠷᠭᠡᠶᠢᠯᠡᠵᠤ ᠡᠯᠡᠰᠦ ᠶᠢ ᠵᠠᠰᠠᠬᠤ 1000 ᠮᠦ ᠪᠤᠳᠠ ᠮᠣᠳᠣᠨ ᠰᠠᠭᠤᠷᠢᠨ ᠭᠠᠵᠠᠷ ᠤᠨ ᠬᠠᠷᠢᠭᠤᠴᠠᠯᠭᠠᠲᠠᠨ ᠸᠧᠢ ᠸᠧᠢ ᠰᠤᠷᠪᠤᠯᠵᠢᠯᠠᠭᠴᠢ ᠳᠤ ᠶᠠᠷᠢᠬᠤ ᠳᠠᠭᠠᠨ ᠮᠠᠨ ᠤ ᠠᠳᠡ ᠪᠤᠶᠢᠵᠢᠭᠤᠯᠤᠭᠰᠠᠨ ᠴᠢᠬᠢ ᠮᠣᠳᠣᠨ ᠤ ᠵᠣᠬᠢᠴᠠᠬᠤ ᠴᠢᠨᠠᠷ ᠴᠢᠩᠭ᠎ᠠ᠂ ᠣᠨᠳᠤᠷᠤᠯᠲᠠ ᠶᠢᠨ ᠨᠣᠷᠮ᠎ᠠ ᠥᠨᠳᠥᠷ ᠪᠠᠶᠢᠬᠤ ᠶᠢ ᠪᠠᠲᠤᠯᠠᠨ᠎ᠠ᠃ ︽ᠤᠮᠠᠷᠠᠲᠤ ᠶᠢᠨ ᠭᠤᠷᠪᠠᠨ ᠣᠷᠣᠨ︾ ᠤ ᠭᠠᠵᠠᠷ ᠣᠷᠣᠨ ᠤ ᠡᠯᠡᠰᠦᠷᠬᠡᠭᠵᠢᠯ ᠢ ᠰᠡᠷᠭᠡᠶᠢᠯᠡᠵᠤ ᠡᠯᠡᠰᠦ ᠶᠢ ᠵᠠᠰᠠᠬᠤ ᠳᠤ ᠴᠢᠬᠢ ᠮᠤᠳᠤ ᠬᠠᠩᠭᠠᠬᠤ ᠪᠤᠯᠤᠨ᠎ᠠ ᠭᠡᠵᠣ ᠪᠠᠶᠢᠯ᠎ᠠ᠃       2024 ᠣᠨ ᠳᠤ ᠪᠦᠬᠦ ᠰᠢᠶᠠᠨ ᠢᠶᠠᠷ ᠢᠶᠠᠨ 25.4 ᠲᠦᠮᠡᠨ ᠮᠦ ᠶᠢᠨ ᠠᠮᠢ ᠠᠬᠤᠢ ᠶᠢ ᠵᠠᠰᠠᠬᠤ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠂ ᠡᠭᠦᠨ ᠳᠤ 14.6 ᠲᠦᠮᠡᠨ ᠮᠦ ᠶᠢ ᠰᠢᠨ᠎ᠡ ᠪᠠᠷ ᠣᠶᠢᠵᠢᠭᠤᠯᠵᠤ᠂ ᠣᠶ ᠰᠢᠭᠤᠢ ᠡᠪᠡᠰᠦ ᠪᠡᠯᠴᠢᠭᠡᠷ ᠴᠢᠭᠢᠭᠯᠢᠭ ᠭᠠᠵᠠᠷ ᠢ 10.8 ᠲᠦᠮᠡᠨ ᠮᠦ ᠶᠢ ᠬᠠᠮᠠᠭᠠᠯᠠᠵᠤ ᠪᠠᠷ ᠪᠠᠶᠢᠨ᠎ᠠ᠃
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ