ᠡᠯᠪᠡᠭ ᠬᠤᠷᠢᠶᠠᠯᠲᠠ ᠶᠢᠨ ᠤᠯᠠᠷᠢᠯ ᠳᠤ ᠬᠠᠩᠭᠢᠨ ᠬᠤᠶᠢᠲᠤ ᠬᠤᠰᠢᠭᠤ ᠶᠢ ᠦᠵᠡᠨ᠎ᠡ  ᠬᠠᠩᠭᠢᠨ ᠬᠤᠶᠢᠲᠤ ᠬᠤᠰᠢᠭᠤ᠄  ︽ᠠᠮᠲᠠᠲᠤ ᠪᠠᠯ︾ ᠤᠨ ᠠᠶᠠᠯᠠᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2024/7/12
      ᠵᠤᠨ ᠤ ᠳᠤᠮᠳᠠ ᠤᠯᠠᠷᠢᠯ ᠳᠤ᠂ ᠭᠤᠸᠠ ᠵᠢᠮᠢᠰ ᠠᠩᠬᠢᠯᠤᠮ᠎ᠠ ᠦᠨᠦᠷ ᠬᠠᠩᠬᠤᠯᠤᠨ᠎ᠠ᠃ ᠣᠳᠣᠬᠠᠨ ᠳᠤ᠂ ᠰᠠᠨ ᠳ᠋ᠤᠤ ᠴᠢᠶᠣᠤ ᠪᠠᠯᠭᠠᠰᠤᠨ ᠤ ︽ᠯᠦᠩ ᠯᠢᠨ ᠠᠯᠲᠠᠨ ᠭᠠᠵᠠᠷ︾ ᠪᠠᠯᠲᠤ ᠬᠡᠮᠬᠡ ᠪᠣᠯᠪᠠᠰᠤᠷᠠᠩᠭᠤᠶ ᠲᠡᠭᠦᠬᠦ ᠬᠤᠭᠤᠴᠠᠭᠠᠨ ᠳᠤ ᠤᠷᠤᠭᠰᠠᠨ ᠪᠥᠭᠡᠳ ᠪᠠᠰᠠ ᠶᠡᠭᠡ ᠡᠯᠪᠡᠭ ᠬᠤᠷᠢᠶᠠᠯᠲᠠ ᠪᠠᠨ ᠤᠭᠲᠤᠨ ᠠᠪᠴᠢᠷᠠᠵᠤ ᠂ ᠦᠢᠯᠡᠳᠪᠦᠷᠢᠯᠡᠯ ᠪᠣᠷᠣᠯᠠᠭᠤᠯᠭ᠎ᠠ ᠬᠤᠤᠰᠯᠠᠬᠤ ᠪᠠᠶᠢᠳᠠᠯ ᠢᠯᠡᠷᠡᠭᠰᠡᠨ ᠪᠠᠶᠢᠨ᠎ᠠ᠃ ︽ᠯᠦᠩ ᠯᠢᠨ ᠠᠯᠲᠠᠨ ᠭᠠᠵᠠᠷ︾ ᠨᠢ ᠲᠤᠬᠠᠶ ᠶᠢᠨ ᠭᠠᠵᠠᠷ ᠤᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ︽ᠠᠯᠲᠠᠨ ᠲᠦᠯᠬᠢᠭᠦᠷ︾ ᠪᠣᠯᠤᠭᠰᠠᠨ ᠪᠥᠭᠡᠳ ᠪᠠᠰᠠ ᠵᠡᠭᠦᠨ ᠡᠮᠦᠨᠡᠲᠦ ᠠᠽᠢᠶ᠎ᠠ ᠶᠢᠨ ︽ᠠᠮᠲᠠᠲᠤ ᠪᠠᠯ︾ ᠤᠨ ᠭᠠᠳᠠᠭᠠᠳᠤ ᠳᠤ ᠭᠠᠷᠭᠠᠬᠤ ᠠᠶᠠᠯᠠᠯ ᠢ ᠡᠬᠢᠯᠡᠭᠦᠯᠦᠭᠰᠡᠨ ᠪᠠᠶᠢᠨ᠎ᠠ᠃
W020240712363354377861.png
      ᠰᠠᠨ ᠳ᠋ᠤᠤ ᠴᠢᠶᠣᠤ ᠪᠠᠯᠭᠠᠰᠤᠨ ᠤ ᠱᠧᠩ ᠯᠢ ᠲᠣᠰᠬᠤᠨ ᠤ ᠪᠠᠯᠲᠤ ᠬᠡᠮᠬᠡ ᠶᠢᠨ ᠲᠠᠷᠢᠶᠠᠨ ᠳᠤ᠂ ᠲᠣᠰᠬᠤᠨ ᠤ ᠠᠷᠠᠳ ᠪᠠᠯᠲᠤ ᠬᠡᠮᠬᠡ ᠶᠢ ᠢᠯᠭᠠᠬᠤ᠂ ᠰᠢᠭᠰᠢᠨ ᠰᠣᠩᠭᠤᠬᠤ᠂ ᠬᠦᠨᠳᠦ ᠶᠢ ᠲᠣᠭᠲᠠᠭᠠᠬᠤ᠂ ᠰᠢᠯᠭᠠᠨ ᠪᠠᠶᠢᠴᠠᠭᠠᠬᠤ᠂ ᠭᠠᠷ ᠤᠨ ᠦᠰᠦᠭ ᠵᠢᠷᠤᠬᠤ᠂ ᠬᠠᠶᠢᠷᠴᠠᠭ ᠲᠤ ᠰᠠᠪᠠᠯᠠᠬᠤ᠂ ᠲᠡᠷᠭᠡᠨ ᠳᠤ ᠲᠡᠭᠡᠭᠡᠬᠦ ᠪᠠᠷ ᠶᠠᠭᠠᠷᠠᠵᠤ ᠪᠠᠶᠢᠨ᠎ᠠ᠃ ᠨᠢᠭᠡ ᠲᠡᠷᠭᠡ ᠲᠡᠷᠭᠡᠨ ᠤ ᠪᠠᠯᠲᠤ ᠬᠡᠮᠬᠡ ᠭᠠᠳᠠᠭᠠᠳᠤ ᠳᠤ ᠭᠠᠷᠭᠠᠬᠤ ᠪᠠᠷ ᠪᠡᠯᠡᠳᠬᠡᠵᠦ ᠪᠠᠶᠢᠬᠤ ᠶᠢ ᠬᠠᠷᠠᠭᠠᠳ᠂ ᠶᠠᠭᠠᠷᠠᠯᠲᠠᠢ ᠪᠥᠭᠡᠳ ᠬᠦᠰᠡᠯ ᠡᠷᠡᠮᠡᠯᠵᠡᠯ ᠢᠶᠠᠷ ᠪᠢᠯᠬᠠᠭᠰᠠᠨ ᠵᠣᠨ ᠤ ᠡᠳᠦᠷ ᠤᠨ ᠰᠠᠶᠢᠨ ᠰᠠᠶᠢᠬᠠᠨ ᠦᠵᠡᠮᠵᠢ ᠬᠠᠷᠠᠭᠳᠠᠨ᠎ᠠ᠃ᠰᠠᠨ ᠳ᠋ᠤᠤ ᠴᠢᠶᠣᠤ ᠪᠠᠯᠭᠠᠰᠤᠨ ᠤ ᠱᠧᠩ ᠯᠢ ᠲᠣᠰᠬᠤᠨ ᠤ ᠳᠣᠯᠣᠳᠤᠭᠠᠷ ᠳᠤᠭᠤᠶᠢᠯᠠᠩ ᠤᠨ ᠯᠦ ᠢᠦᠢ ᠴᠢᠨ      ᠡᠨᠡ ᠵᠢᠯ ᠤᠨ ᠪᠠᠯᠲᠤ ᠬᠡᠮᠬᠡ ᠶᠢᠨ ᠤᠷᠭᠤᠯᠲᠠ ᠮᠠᠰᠢ ᠰᠠᠶᠢᠨ᠂ ᠠᠭᠤᠷ ᠠᠮᠢᠰᠬᠤᠯ ᠰᠠᠶᠢᠨ᠂ ᠶᠠᠰᠤ ᠴᠢᠨᠠᠷ ᠰᠠᠶᠢᠨ᠂ ᠭᠠᠷᠤᠯᠲᠠ ᠥᠨᠳᠥᠷ᠂ ᠵᠠᠬ᠎ᠠ ᠳᠡᠯᠭᠡᠭᠦᠷ ᠤᠨ ᠬᠡᠷᠡᠭᠴᠡᠭᠡ ᠴᠤ ᠶᠡᠭᠡ᠂ ᠡᠭᠦᠨ ᠤ ᠳᠡᠭᠡᠷ᠎ᠡ ᠵᠠᠬᠢᠶᠠᠯᠠᠭ᠎ᠠ ᠶᠢᠨ ᠬᠠᠮᠲᠤᠷᠠᠯᠴᠠᠭ᠎ᠠ ᠴᠤ ᠶᠡᠭᠡ᠂ ᠪᠢᠳᠡᠨ ᠤ ᠰᠠᠨᠠᠭ᠎ᠠ ᠠᠮᠤᠷ ᠪᠠᠯᠲᠤ ᠬᠡᠮᠬᠡ ᠲᠠᠷᠢᠬᠤ ᠶᠢ ᠳᠡᠮᠵᠢᠵᠦ᠂ ᠡᠨᠡ ᠵᠢᠯ ᠤᠨ ᠵᠠᠬ᠎ᠠ ᠳᠡᠯᠭᠡᠭᠦᠷ ᠤᠨ ᠦᠨ᠎ᠡ ᠨᠢ 1.3 ᠲᠥᠭᠦᠷᠢᠭ᠂ ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ ᠦᠨ᠎ᠡ ᠨᠢ ᠴᠦ ᠨᠡᠯᠢᠶᠡᠳ ᠰᠠᠶᠢᠨ ᠪᠠᠶᠢᠨ᠎ᠠ᠂ ᠡᠶᠢᠮᠦ ᠠᠴᠠ ᠮᠠᠨ ᠤ ᠣᠷᠣᠯᠭ᠎ᠠ ᠴᠤ ᠨᠡᠮᠡᠭᠳᠡᠵᠦ ᠪᠠᠶᠢᠨ᠎ᠠ᠃      ᠰᠠᠨ ᠳ᠋ᠤᠤ ᠴᠢᠶᠣᠤ ᠪᠠᠯᠭᠠᠰᠤᠨ ᠤ ᠱᠧᠩ ᠯᠢ ᠲᠣᠰᠬᠤᠨ ᠨᠢᠭᠡᠨᠲᠡ 30 ᠭᠠᠷᠤᠢ ᠵᠢᠯ ᠤᠨ ᠲᠡᠦᠬᠡ ᠲᠠᠢ ᠪᠤᠯᠵᠤ᠂ ᠪᠦᠬᠦ ᠲᠣᠰᠬᠤᠨ ᠤ ᠲᠠᠷᠢᠬᠤ ᠲᠠᠯᠠᠪᠠᠢ 1000 ᠭᠠᠷᠤᠢ ᠮᠦ ᠳᠤ ᠬᠦᠷᠴᠦ᠂ ᠮᠦ ᠪᠦᠷᠢ ᠶᠢᠨ ᠳᠤᠮᠳᠠᠴᠢ ᠠᠰᠢᠭ ᠣᠷᠣᠯᠭ᠎ᠠ 7000 - 8000 ᠲᠥᠭᠦᠷᠢᠭ ᠲᠤ ᠬᠦᠷᠴᠦ᠂ ︽ᠪᠠᠯᠲᠤ ᠬᠡᠮᠬᠡ ᠶᠢ ᠢᠵᠢ ᠪᠦᠷᠢᠳᠦᠭᠦᠯᠦᠨ ᠲᠠᠷᠢᠬᠤ︾ ᠵᠠᠭᠪᠤᠷ ᠢ ᠬᠡᠷᠡᠭᠯᠡᠵᠦ᠂ ᠮᠦ ᠪᠦᠷᠢ ᠶᠢᠨ ᠭᠠᠷᠤᠯᠲᠠ 400 - 500 ᠵᠢᠩ ᠪᠠᠶᠢᠵᠤ᠂ ᠮᠦ ᠪᠦᠷᠢ ᠶᠢᠨ ᠳᠤᠮᠳᠠᠴᠢ ᠠᠰᠢᠭ ᠣᠷᠣᠯᠭ᠎ᠠ 1000 - 2000 ᠲᠥᠭᠦᠷᠢᠭ ᠲᠤ ᠬᠦᠷᠴᠦ᠂ ᠨᠢᠭᠡ ᠮᠦ ᠭᠠᠵᠠᠷ ᠤᠨ ᠶᠡᠷᠦᠩᠬᠡᠢ ᠦᠢᠯᠡᠳᠬᠦᠨ ᠤ ᠦᠷᠳᠡᠭ 8000 - 9000 ᠲᠥᠭᠦᠷᠢᠭ ᠲᠤ ᠬᠦᠷᠴᠦ᠂ ︽ᠠᠮᠲᠠᠲᠤ ᠪᠠᠯ︾ ᠤᠨ ᠦᠷ᠎ᠡ ᠠᠰᠢᠭ ᠮᠠᠰᠢ ᠰᠠᠶᠢᠨ ᠪᠠᠶᠢᠳᠠᠭ᠃
W020240712363354426750.png
      ᠰᠠᠨ ᠳ᠋ᠤᠤ ᠴᠢᠶᠣᠤ ᠪᠠᠯᠭᠠᠰᠤᠨ ᠤ ᠣᠨᠴᠠᠭᠠᠢ ᠬᠥᠷᠥᠰᠥ ᠰᠢᠷᠣᠢ ᠶᠢᠨ ᠣᠷᠴᠢᠨ ᠲᠣᠭᠤᠷᠢᠨ ᠠᠴᠠ ᠡᠯᠪᠡᠭ ᠪᠠᠶᠠᠯᠢᠭ ᠭᠡᠷᠡᠯ ᠲᠤᠰᠤᠯᠲᠠ ᠶᠢᠨ ᠡᠬᠢ ᠪᠠᠶᠠᠯᠢᠭ ᠲᠠᠢ ᠪᠠᠶᠢᠵᠤ᠂ ᠪᠠᠯᠲᠤ ᠬᠡᠮᠬᠡ ᠶᠢᠨ ᠰᠢᠬᠢᠷ ᠤᠨ ᠬᠡᠮᠵᠢᠶ᠎ᠡ 17 ᠭᠷᠠᠳᠦ᠋ᠰ ᠠᠴᠠ ᠳᠡᠭᠡᠭᠰᠢ ᠬᠦᠷᠴᠦ ᠳᠡᠶᠢᠯᠬᠦ ᠪᠣᠯᠬᠤᠷ ᠪᠠᠰᠠ ᠶᠡᠭᠡ ᠬᠡᠮᠵᠢᠶᠡᠨ ᠤ ᠭᠠᠳᠠᠷ ᠣᠷᠣᠨ ᠤ ᠬᠤᠳᠠᠯᠳᠤᠭᠠᠴᠢᠨ ᠢᠷᠡᠵᠦ ᠵᠠᠬᠢᠶᠠᠯᠠᠪᠠ᠃ ᠡᠨᠡ ᠪᠣᠯ ᠰᠠᠨ ᠳ᠋ᠤᠤ ᠴᠢᠶᠣᠤ ᠪᠠᠯᠭᠠᠰᠤᠨ ᠤ ᠪᠠᠯᠲᠤ ᠬᠡᠮᠬᠡ ᠭᠤᠷᠪᠠᠳᠤᠭᠠᠷ ᠵᠢᠯ ᠳᠠᠷᠠᠭᠠᠯᠠᠨ ᠭᠠᠳᠠᠭᠠᠳᠤ ᠳᠤ ᠭᠠᠷᠭᠠᠬᠤ ᠶᠢ ᠪᠡᠶᠡᠯᠡᠭᠦᠯᠬᠦ ᠶᠢᠨ ᠬᠠᠮᠲᠤ ᠪᠠᠰᠠ ᠥᠪᠥᠷ ᠮᠣᠩᠭᠤᠯ ᠤᠨ ᠵᠦᠩ ᠵᠢᠤᠢ ᠳ᠋ᠠ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠰᠠᠨ ᠳ᠋ᠤᠤ ᠴᠢᠶᠣᠤ ᠪᠠᠯᠭᠠᠰᠤᠨ ᠤ ᠱᠧᠩ ᠯᠢ ᠲᠣᠰᠬᠤᠨ ᠳᠤ ᠵᠠᠬᠢᠶᠠᠯᠠᠭ᠎ᠠ ᠪᠠᠷ ᠲᠠᠷᠢᠵᠤ ᠬᠤᠳᠠᠯᠳᠤᠨ ᠠᠪᠬᠤ ᠭᠤᠷᠪᠠᠳᠤᠭᠠᠷ ᠵᠢᠯ ᠪᠣᠯᠤᠨ᠎ᠠ᠂ ᠲᠦᠷᠦᠯ ᠵᠦᠢᠯ ᠨᠢ ︽ᠯᠦᠩ  ᠯᠢᠨ ᠠᠯᠲᠠᠨ ᠭᠠᠵᠠᠷ︾ ᠪᠣᠯᠤᠨ ︽ᠠᠯᠳᠠᠨ ᠰᠢᠷᠭᠠᠯ ᠣᠨ︾ ᠪᠠᠶᠢᠵᠤ᠂ ᠭᠤᠣᠯᠳᠠᠭᠤ ᠸᠢᠶᠧᠳ᠋ᠨᠠᠮ᠂ ᠯᠠᠤᠰ᠂ ᠺᠠᠮᠪᠤᠵᠠ ᠵᠡᠷᠭᠡ ᠵᠡᠭᠦᠨ ᠡᠮᠦᠨᠡᠲᠦ ᠠᠽᠢᠶ᠎ᠠ ᠶᠢᠨ ᠤᠯᠤᠰ ᠲᠤ ᠭᠠᠷᠭᠠᠵᠤ ᠪᠠᠶᠢᠨ᠎ᠠ᠃ᠥᠪᠥᠷ ᠮᠣᠩᠭᠤᠯ ᠤᠨ ᠵᠥᠩ ᠵᠢᠤᠢ ᠳ᠋ᠠ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠯᠢ ᠹᠠ ᠯᠸᠢ      ᠰᠠᠨ ᠳ᠋ᠤᠤ ᠴᠢᠶᠣᠤ ᠪᠠᠯᠭᠠᠰᠤᠨ ᠤ ︽ᠯᠦᠩ ᠯᠢᠨ ᠠᠯᠲᠠᠨ ᠭᠠᠵᠠᠷ︾ ᠠᠮᠲᠠᠲᠠᠶ᠂ ᠵᠢᠮᠢᠰ ᠤᠨ ᠮᠢᠬ᠎ᠠ ᠨᠠᠷᠢᠯᠢᠭ ᠪᠠᠶᠢᠵᠤ᠂ ᠵᠠᠬᠢᠶᠠᠯᠠᠭ᠎ᠠ ᠪᠠᠷ ᠬᠤᠳᠠᠯᠳᠤᠨ ᠠᠪᠬᠤ ᠴᠤ ᠪᠠᠲᠤᠯᠠᠭ᠎ᠠ ᠲᠠᠢ ᠪᠠᠶᠢᠵᠤ᠂ ᠲᠠᠷᠢᠶᠠᠴᠢᠨ ᠡᠷᠦᠬᠡ ᠶᠢᠨ ᠳᠠᠷᠢᠬᠤ ᠬᠠᠯᠠᠭᠤᠨ ᠰᠡᠳᠬᠢᠯᠭᠡ ᠮᠠᠰᠢ ᠥᠨᠳᠥᠷ ᠪᠠᠶᠢᠵᠤ᠂ ᠢᠷᠡᠬᠦ ᠵᠢᠯ ᠳᠤ ᠪᠢᠳᠡ ᠪᠠᠰᠠ ᠵᠠᠬᠢᠶᠠᠯᠠᠭ᠎ᠠ ᠶᠢᠨ ᠳᠠᠷᠢᠬᠤ ᠲᠠᠯᠠᠪᠠᠶ ᠶᠢ ᠨᠡᠮᠡᠭᠳᠡᠭᠦᠯᠵᠦ᠂ ᠮᠠᠨ ᠤ ᠭᠠᠳᠠᠭᠰᠢ ᠭᠠᠷᠭᠠᠬᠤ ᠬᠡᠮᠵᠢᠶ᠎ᠡ ᠶᠢ ᠪᠠᠲᠤᠯᠠᠨ᠎ᠠ᠃
W020240712363354478582.png
      ᠠᠵᠤ ᠦᠢᠯᠡᠰ ᠬᠥᠭᠵᠢᠪᠡᠯ ᠠᠵᠤ ᠠᠬᠤᠢ ᠮᠠᠨᠳᠤᠵᠤ᠂ ᠠᠵᠤ ᠦᠢᠯᠡᠰ ᠬᠦᠴᠦᠷᠬᠡᠭᠵᠢᠪᠡᠯ ᠤᠯᠤᠰ ᠣᠷᠣᠨ ᠬᠦᠴᠦᠷᠬᠡᠭᠵᠢᠨ᠎ᠡ᠃ ᠪᠠᠯᠲᠤ ᠬᠡᠮᠬᠡ ᠶᠢᠨ ᠠᠵᠤ ᠦᠢᠯᠡᠰ ᠤᠨ ᠲᠠᠰᠤᠷᠠᠯᠲᠠ ᠦᠭᠡᠢ ᠬᠥᠭᠵᠢᠨ ᠪᠤᠵᠠᠭᠠᠢᠢᠷᠠᠬᠤ ᠶᠢ ᠳᠠᠭᠠᠯᠳᠤᠨ᠂ ᠲᠤᠬᠠᠢ ᠶᠢᠨ ᠭᠠᠵᠠᠷ ᠤᠨ ᠲᠠᠷᠢᠶᠠᠴᠢᠳ ᠲᠤ ᠡᠯᠪᠡᠭ ᠪᠠᠶᠠᠯᠢᠭ ᠣᠷᠣᠯᠭ᠎ᠠ ᠣᠯᠭᠤᠭᠰᠠᠨ ᠢᠶᠠᠷ ᠪᠠᠷᠠᠬᠤ ᠦᠭᠡᠢ ᠪᠠᠰᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ ᠃ ᠢᠷᠡᠭᠡᠳᠦᠶ ᠳᠤ᠂ ᠬᠠᠩᠭᠢᠨ ᠬᠤᠶᠢᠲᠤ ᠬᠤᠰᠢᠭᠤᠨ ᠤ ᠬᠢᠨ ᠪᠠᠯᠲᠤ ᠬᠡᠮᠬᠡ ᠶᠢᠨ ᠠᠵᠤ ᠦᠢᠯᠡᠰ ᠢ ᠲᠡᠳᠬᠦᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠥᠷᠭᠡᠳᠬᠡᠨ᠂ ᠨᠠᠷᠠᠲᠤ ᠲᠡᠮᠳᠡᠭᠲᠦ ᠶᠢᠨ ᠠᠯᠳᠠᠷᠰᠢᠯ ᠪᠠ ᠪᠦᠲᠦᠭᠡᠭᠳᠡᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠡᠨᠡ ᠬᠦ ︽ᠰᠢᠬᠢᠷᠯᠢᠭ ᠠᠵᠤ ᠦᠢᠯᠡᠰ︾ ᠤᠨ ᠲᠠᠷᠢᠶᠠᠯᠠᠩ ᠤᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠵᠦ᠂ ᠲᠠᠷᠢᠶᠠᠯᠠᠩ ᠤᠨ ᠬᠥᠭᠵᠢᠯᠲᠡ ᠶᠢᠨ ᠤᠷᠤᠭᠰᠢᠯᠠᠯᠲᠠ ᠶᠢᠨ ᠠᠶᠠᠰ ᠢ ᠬᠠᠩᠭᠢᠨᠠᠭᠤᠯᠤᠨ᠎ᠠ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ