ᠡᠯ ᠳ᠋ᠤᠤ ᠴᠢᠶᠣᠤ ᠪᠠᠯᠭᠠᠰᠤ᠄ ᠬᠤᠪᠢᠰᠬᠠᠯ ᠤᠨ ᠠᠵᠤ ᠦᠢᠯᠡᠰ ᠤᠨ ︽ᠲᠣᠳᠣᠷᠬᠠᠶ︾ ᠭᠠᠷ ᠭᠠᠷ ᠢᠶᠠᠨ ︽ᠬᠠᠯᠠᠭᠤᠨ︾ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/8/1
      ᠡᠯ ᠳ᠋ᠤᠤ ᠴᠢᠶᠣᠤ ᠪᠠᠯᠭᠠᠰᠤ ᠯᠠᠵᠤᠤ ᠶᠢᠨ ᠠᠵᠤ ᠦᠢᠯᠡᠰ ᠤᠨ ᠬᠥᠭᠵᠢᠯᠲᠡ ᠶᠢᠨ ᠪᠣᠳᠠᠲᠠᠢ ᠬᠡᠷᠡᠭᠴᠡᠭᠡ ᠳᠤ ᠰᠠᠭᠤᠷᠢᠯᠠᠵᠤ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ᠂ ᠬᠦᠷᠦᠩᠭᠡ᠂ ᠮᠡᠳᠡᠭᠡ ᠵᠠᠩᠭᠢ ᠵᠡᠷᠭᠡ ᠡᠯᠧᠮᠧᠨ᠋ᠲ ᠢ ᠲᠥᠪᠯᠡᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦᠯ ᠵᠦᠢᠯ ᠢ ᠰᠠᠶᠢᠲᠤᠷ ᠰᠣᠩᠭᠤᠨ ᠬᠡᠷᠡᠭᠯᠡᠬᠦ᠂ ᠮᠡᠷᠭᠡᠵᠢᠯ ᠢ ᠰᠠᠶᠢᠲᠤᠷ ᠳᠡᠯᠭᠡᠷᠡᠭᠦᠯᠬᠦ᠂ ᠠᠵᠤ ᠠᠬᠤᠶᠢᠯᠠᠯ ᠢ ᠰᠠᠶᠢᠲᠤᠷ ᠲᠠᠨᠢᠯᠴᠠᠭᠤᠯᠬᠤ᠂ ᠲᠣᠭᠲᠠᠴᠠ ᠶᠢ ᠰᠠᠶᠢᠲᠤᠷ ᠪᠠᠶᠢᠭᠤᠯᠬᠤ᠂ ᠦᠯᠢᠭᠡᠷ ᠢ ᠰᠠᠶᠢᠲᠤᠷ ᠶᠠᠷᠢᠵᠤ᠂ ᠲᠦᠷᠦᠯ ᠲᠡᠮᠳᠡᠭ ᠤᠨ ︽ᠵᠢᠷᠭᠤᠭᠠᠨ ᠰᠠᠶᠢᠨ︾ ᠬᠠᠷᠠᠯᠲᠠ ᠶᠢ ᠰᠠᠶᠢᠲᠤᠷ ᠪᠤᠢ ᠪᠣᠯᠭᠠᠵᠤ᠂ ᠯᠠᠵᠤᠤ ᠶᠢᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠯᠠᠵᠤᠤ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃      ᠴᠢᠨᠠᠷ ᠰᠠᠶᠢᠲᠠᠶ ᠬᠥᠭᠵᠢᠯᠲᠡ ᠪᠠᠷ ᠬᠠᠷᠠᠯᠲᠠ ᠪᠣᠯᠭᠠᠨ ᠬᠦᠷᠢᠶᠡᠯᠡᠩ ᠲᠣᠭᠤᠷᠢᠭ ᠤᠨ ᠬᠡᠪᠴᠢᠶ᠎ᠡ ᠶᠢ ᠪᠤᠵᠠᠭᠠᠶᠢᠷᠠᠭᠤᠯᠤᠨ᠎ᠠ
W020240801358752164207.jpg
      ᠡᠯ ᠳ᠋ᠤᠤ ᠴᠢᠶᠣᠤ ᠪᠠᠯᠭᠠᠰᠤᠨ ᠤ ᠲᠦᠮᠡᠨ ᠮᠦ ᠯᠠᠵᠤᠤ ᠶᠢᠨ ᠬᠤᠪᠢᠰᠬᠠᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠨᠢ ᠴᠢᠩ ᠹᠧᠩ ᠲᠣᠰᠬᠤᠨ ᠳᠤ ᠪᠠᠶᠢᠷᠢᠯᠠᠵᠤ᠂ ᠬᠦᠷᠢᠶᠡᠯᠡᠩ ᠲᠣᠭᠤᠷᠢᠭ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠦᠰᠢᠭᠯᠡᠨ᠂ ᠬᠤᠷᠰᠢᠶ᠎ᠠ ᠪᠠᠷ ᠳᠠᠮᠵᠢᠭᠤᠯᠤᠨ ᠭᠠᠵᠠᠷ ᠰᠢᠷᠣᠶ ᠶᠢ ᠡᠷᠭᠢᠯᠲᠡ ᠳᠤ ᠣᠷᠣᠭᠤᠯᠵᠤ᠂ ︽ᠳᠥᠷᠪᠡᠨ ᠱᠠᠲᠤ ᠪᠠᠷ ᠬᠤᠯᠪᠣᠭᠠᠯᠠᠨ ᠡᠭᠦᠳᠬᠦ︾ ︽ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ︾ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠪᠦᠯᠬᠦᠮ ᠤᠨ ᠮᠡᠷᠭᠡᠵᠢᠯ ᠤᠨ ᠲᠤᠯᠭᠠᠭᠤᠷᠢᠯᠠᠯ ᠳᠤ ᠲᠦᠰᠢᠭᠯᠡᠨ᠂ 1.01 ᠲᠦᠮᠡᠨ ᠮᠥ ᠯᠠᠵᠤᠤ ᠶᠢᠨ ᠬᠤᠪᠢᠰᠬᠠᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠢ ᠪᠥᠲᠥᠭᠡᠨ ᠪᠠᠶᠢᠭᠤᠯᠪᠠ᠃ ᠭᠤᠤᠯᠳᠠᠭᠤ ᠴᠤᠤ ᠲᠢᠶᠠᠨ ᠵᠢᠶᠤᠤ᠂ ᠵᠢᠶᠠᠩ ᠳᠤ ᠬᠡᠷᠡᠭᠯᠡᠬᠦ ᠯᠠᠵᠤᠤ ᠳᠠᠷᠢᠵᠤ᠂ ᠳᠠᠪᠤᠰᠤᠨ ᠳᠤ ᠳᠠᠭᠠᠭᠠᠮᠠᠭᠠᠶ ᠯᠠᠵᠤᠤ ᠵᠢᠴᠢ ᠯᠠᠵᠤᠤ ᠶᠢᠨ ᠰᠢᠨ᠎ᠡ ᠲᠥᠷᠥᠯ ᠵᠦᠶ᠋ᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ᠂ ᠰᠢᠨ᠎ᠡ ᠬᠡᠯᠪᠡᠷᠢ ᠶᠢᠨ ᠪᠣᠷᠲᠣᠭᠤᠷ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠵᠡᠷᠭᠡ ᠶᠢ ᠬᠢᠵᠦ᠂ ᠪᠠᠷᠢᠮᠵᠢᠶᠠᠵᠢᠭᠤᠯᠤᠨ ᠲᠠᠷᠢᠬᠤ ᠵᠠᠭᠪᠤᠷ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ᠂ ᠪᠥᠬᠦ ᠶᠠᠪᠤᠴᠠ ᠳᠤ ᠮᠠᠰᠢᠨᠴᠢᠯᠠᠭᠰᠠᠨ ᠲᠠᠷᠢᠮᠠᠯ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃      ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ ᠪᠠᠷ ᠡᠬᠢᠯᠡᠯᠲᠡ ᠶᠢᠨ ᠴᠡᠭ ᠪᠣᠯᠭᠠᠨ ︽ᠭᠤᠷᠪᠠᠨ ᠬᠡᠰᠡᠭ ᠲᠠᠷᠢᠶ᠎ᠠ︾ ᠶᠢ ᠢᠵᠢ ᠪᠦᠷᠢᠳᠦᠭᠦᠯᠦᠨ᠎ᠡ
W020240801358752189824.jpg
      ᠬᠦᠷᠢᠶᠡᠯᠡᠩ ᠲᠣᠭᠤᠷᠢᠭ ᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠴᠢᠨᠠᠷ ᠰᠠᠶᠢᠲᠠᠢ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠦᠷᠢᠶᠡᠯᠡᠩ ᠢ ᠪᠠᠶᠢᠭᠤᠯᠤᠨ᠎ᠠ᠃ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ︾ ᠲᠠᠢ ᠪᠠᠶᠢᠵᠤ᠂ ᠬᠦᠷᠢᠶᠡᠯᠡᠩ ᠲᠣᠭᠤᠷᠢᠭ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠦᠰᠢᠭᠯᠡᠨ᠂ ︽ᠰᠤᠪᠠᠭ᠂ ᠭᠤᠤ᠂ ᠵᠠᠮ᠂ ᠣᠶ ᠰᠢᠭᠤᠶ᠂ ᠲᠠᠷᠢᠶ᠎ᠠ᠂ ᠤᠰᠤ᠂ ᠴᠠᠬᠢᠯᠭᠠᠨ᠂ ᠮᠡᠷᠭᠡᠵᠢᠯ︾ ᠤᠨ ᠶᠡᠷᠦᠩᠬᠡᠶᠢᠯᠡᠭᠰᠡᠨ ᠢᠵᠢ ᠪᠥᠷᠢᠳᠦᠭᠦᠯᠦᠯᠲᠡ ᠶᠢ 1.01 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ ᠳᠠᠭᠤᠰᠬᠠᠪᠠ᠃ ︽ᠦᠷ᠎ᠡ ᠰᠣᠩᠭᠤᠬᠤ ᠲᠠᠷᠢᠶ᠎ᠠ︾ ᠲᠠᠢ ᠪᠠᠶᠢᠵᠤ᠂ ᠬᠦᠷᠢᠶᠡᠯᠡᠩ ᠲᠣᠭᠤᠷᠢᠭ ᠨᠢ ᠡᠭᠦᠯᠳᠡᠷ ᠢ ᠳᠡᠯᠭᠡᠨ ᠦᠵᠡᠭᠦᠯᠵᠦ ᠵᠢᠱᠢᠶ᠎ᠡ ᠦᠵᠡᠭᠦᠯᠬᠦ ᠪᠠᠷ ᠭᠠᠷᠳᠠᠬᠤ ᠴᠡᠭ ᠪᠣᠯᠭᠠᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠾᠧᠨᠠᠨ ᠤ ᠰᠢᠤᠢ ᠴᠠᠩ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠢᠴᠢ ᠬᠤᠨᠠᠨ ᠤ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ 80 ᠬᠤᠵᠢᠷ ᠲᠤ ᠲᠡᠰᠪᠦᠷᠢᠲᠡᠶ ᠯᠠᠵᠤᠤ ᠶᠢᠨ ᠰᠢᠨ᠎ᠡ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠬᠦᠷᠢᠶᠡᠯᠡᠩ ᠲᠣᠭᠤᠷᠢᠭ ᠲᠤ ᠲᠥᠪᠯᠡᠷᠡᠭᠦᠯᠦᠨ ᠳᠡᠯᠭᠡᠨ ᠦᠵᠡᠭᠦᠯᠪᠡ᠃ ︽ᠰᠠᠶᠢᠨ ᠮᠠᠰᠢᠨ ᠤ ᠲᠠᠷᠢᠶ᠎ᠠ︾ ᠪᠠᠶᠢᠵᠦ᠂ ᠪᠦᠬᠦ ᠬᠡᠪᠴᠢᠶᠡᠨ ᠳᠤ ᠯᠠᠵᠤᠤ ᠵᠠᠬᠢᠶᠠᠯᠠᠨ ᠲᠠᠷᠢᠬᠤ ᠮᠠᠰᠢᠨ᠂ ᠳᠣᠬᠢᠭᠤᠷ ᠳᠣᠯᠣᠭᠠᠨ ᠣᠳᠣ ᠠᠶᠠᠯᠠᠯ ᠵᠠᠯᠠᠬᠤ᠂ ᠬᠥᠮᠥᠨ ᠦᠭᠡᠢ ᠬᠤᠷᠢᠶᠠᠬᠤ ᠮᠠᠰᠢᠨ ᠵᠡᠷᠭᠡ ᠰᠢᠨ᠎ᠡ ᠬᠡᠯᠪᠡᠷᠢ ᠶᠢᠨ ᠮᠠᠰᠢᠨ ᠢ ᠲᠦᠭᠦᠷᠵᠢᠬᠦᠯᠦᠭᠰᠡᠨ ᠪᠠᠶᠢᠨ᠎ᠠ᠃      ᠪᠦᠬᠦ ᠡᠯᠧᠮᠧᠨ᠋ᠲ ᠤᠨ ᠦᠢᠯᠡᠳᠪᠦᠷᠢᠯᠡᠯ ᠢᠶᠠᠷ ᠲᠤᠯᠭᠠᠭᠤᠷᠢᠯᠠᠯ ᠪᠣᠯᠭᠠᠵᠤ ︽ᠬᠤᠶᠠᠷ ᠢ ᠤᠶᠠᠯᠳᠤᠭᠤᠯᠬᠤ︾ ᠶᠢ ᠰᠠᠶᠢᠲᠤᠷ ᠠᠳᠬᠤᠨ᠎ᠠ
W020240801358752194829.jpg
      ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠪᠠᠷ ᠬᠥᠳᠡᠯᠭᠡᠬᠦ ᠡᠨᠧᠷᠭᠢ ᠪᠣᠯᠭᠠᠵᠤ ︽ᠳᠥᠷᠪᠡᠨ ᠲᠤᠯᠭᠠᠭᠤᠷᠢᠯᠠᠯ︾ ᠢ ᠨᠠᠶᠢᠳᠠᠪᠤᠷᠢᠵᠢᠭᠤᠯᠤᠨ᠎ᠠ
W020240801358752219151.jpg
      ︽ᠴᠢᠳᠠᠪᠤᠷᠢᠲᠠᠨ︾ ᠤ ᠲᠤᠯᠭᠠᠭᠤᠷᠢᠯᠠᠯ ᠨᠢ ᠤᠯᠤᠰ ᠤᠨ ᠤᠨᠴᠠᠯᠢᠬᠳᠤ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠮᠡᠷᠭᠡᠵᠢᠯ ᠤᠨ ᠰᠢᠰᠲ᠋ᠧᠮ ᠳᠤ ᠲᠦᠰᠢᠭᠯᠡᠵᠦ᠂ ᠲᠦᠪᠯᠡᠷᠡᠭᠰᠡᠨ ᠠᠵᠢᠯ ᠤᠨ ᠪᠠᠶᠢᠷᠢ᠂ ᠲᠦᠷᠦᠭᠦᠦ᠂ ᠰᠢᠰᠲ᠋ᠧᠮ ᠤᠨ ᠲᠤᠰᠬᠠᠢ ᠮᠡᠷᠭᠡᠵᠢᠯᠲᠡᠨ ᠤ ᠵᠣᠬᠢᠶᠠᠨ ᠪᠠᠶᠢᠭᠤᠯᠤᠭᠰᠠᠨ ᠯᠠᠵᠤᠤ ᠶᠢᠨ ᠠᠵᠤ ᠦᠢᠯᠡᠰ ᠤᠨ ᠰᠢᠰᠲ᠋ᠧᠮ ᠤᠨ ᠮᠡᠷᠭᠡᠵᠢᠯ ᠤᠨ ᠪᠦᠯᠬᠦᠮ ᠨᠢ ᠯᠠᠵᠤᠤ ᠶᠢᠨ ᠠᠵᠤ ᠦᠢᠯᠡᠰ ᠲᠤ ᠲᠦᠷᠦᠭᠦᠦ᠂ ᠦᠢᠯᠡᠳᠪᠦᠷᠢᠯᠡᠬᠦ ᠠᠴᠠ ᠡᠮᠦᠨᠡᠬᠢ᠂ ᠦᠢᠯᠡᠳᠪᠦᠷᠢᠯᠡᠭᠰᠡᠨ ᠤ ᠳᠠᠷᠠᠭᠠᠬᠢ ᠡᠯ᠎ᠡ ᠭᠤᠭᠴᠤᠭ᠎ᠠ ᠶᠢᠨ ᠮᠡᠷᠭᠡᠵᠢᠯ ᠤᠨ ᠦᠢᠯᠡᠴᠢᠯᠡᠭᠡ ᠬᠠᠩᠭᠠᠨ᠎ᠠ᠃ ︽ᠮᠡᠷᠭᠡᠵᠢᠯ︾ ᠢᠶᠠᠷ ᠲᠤᠯᠭᠠᠭᠤᠷᠢᠯᠠᠭᠤᠯᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠳᠤ ᠲᠦᠰᠢᠭᠯᠡᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠮᠡᠷᠭᠡᠵᠢᠯ ᠤᠨ ᠪᠣᠭᠤᠮᠲᠠ ᠰᠢᠪᠲᠤᠯᠬᠤ᠂ ᠲᠤᠷᠰᠢᠯᠲᠠ ᠬᠢᠵᠦ ᠵᠢᠱᠢᠶ᠎ᠡ ᠦᠵᠡᠭᠦᠯᠵᠦ᠂ 93 ᠥᠨᠳᠥᠷ ᠪᠠᠷᠢᠮᠵᠢᠶᠠᠲᠤ ᠴᠢᠬᠢ ᠪᠤᠶᠢᠵᠢᠭᠤᠯᠬᠤ ᠰᠠᠷᠠᠪᠴᠢ ᠶᠢ ᠪᠠᠶᠢᠭᠤᠯᠵᠤ᠂ ᠵᠢᠯ ᠳᠤ 1.13 ᠳ᠋ᠦᠩᠰᠢᠭᠤᠷ ᠰᠠᠭᠤᠷᠢ ᠬᠡᠪᠴᠢᠶᠡᠵᠢᠭᠦᠯᠦᠨ ᠴᠢᠬᠢ ᠪᠤᠶᠢᠵᠢᠭᠤᠯᠵᠤ ᠪᠣᠯᠣᠨ᠎ᠠ᠂ ᠣᠶᠤᠨᠴᠢ ᠴᠢᠭᠢᠭ ᠤᠨ ᠪᠠᠶᠢᠳᠠᠯ ᠢ ᠬᠢᠨᠠᠨ ᠡᠵᠡᠮᠳᠡᠬᠦ᠂ ᠤᠰᠤ ᠪᠤᠷᠳᠤᠭᠤᠷ ᠢ ᠨᠠᠷᠢᠯᠢᠭ ᠣᠨᠣᠴᠠᠲᠠᠢ ᠪᠠᠷ ᠬᠠᠩᠭᠠᠬᠤ ᠵᠡᠷᠭᠡ ᠲᠣᠭᠠᠴᠢᠯᠠᠭᠰᠠᠨ ᠲᠠᠷᠢᠶᠠᠨ ᠭᠠᠵᠠᠷ ᠢ 500 ᠮᠦ ᠪᠠᠶᠢᠭᠤᠯᠤᠨ᠎ᠠ᠃ ︽ᠲᠥᠷᠥ ᠶᠢᠨ ᠪᠣᠳᠣᠯᠭ᠎ᠠ︾ ᠶᠢᠨ ᠲᠤᠯᠭᠠᠭᠤᠷᠢᠯᠠᠯ ᠨᠢ ︽ᠬᠠᠩᠭᠢᠨ ᠬᠤᠶᠢᠲᠤ ᠬᠤᠰᠢᠭᠤᠨ ᠤ ᠯᠠᠵᠤᠤ ᠶᠢᠨ ᠠᠵᠤ ᠦᠢᠯᠡᠰ ᠤᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠷᠪᠠᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠣᠰᠣᠭᠠᠷ᠂ ᠲᠠᠷᠢᠶᠠᠯᠠᠩ ᠳᠤ ᠬᠤᠯᠪᠣᠭᠳᠠᠬᠤ ᠡᠯ᠎ᠡ ᠲᠥᠷᠥᠯ ᠤᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ᠂ ᠯᠠᠵᠤᠤ ᠳᠠᠷᠢᠬᠤ᠂ ᠡᠳ᠋ᠰᠢᠭᠦᠯᠬᠦ᠂ ᠪᠣᠷᠣᠯᠠᠭᠤᠯᠬᠤ ᠵᠡᠷᠭᠡ ᠳᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠵᠦ᠂ ᠯᠠᠵᠤᠤ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ︽ᠲᠣᠭᠲᠠᠴᠠ︾ ᠶᠢᠨ ᠲᠤᠯᠭᠠᠭᠤᠷᠢᠯᠠᠯ ᠤᠨ ᠶᠣᠰᠣᠭᠠᠷ᠂ ᠬᠦᠷᠢᠶᠡᠯᠡᠩ ᠲᠣᠭᠤᠷᠢᠭ ᠨᠢ ︽ᠨᠠᠮ ᠤᠨ ᠡᠭᠦᠷ ᠬᠤᠷᠰᠢᠶ᠎ᠠ ᠠᠵᠤ ᠠᠬᠤᠶᠢᠯᠠᠯ ᠲᠠᠷᠢᠶᠠᠴᠢᠨ ᠡᠷᠦᠬᠡ︾ ᠶᠢᠨ ᠡᠵᠡᠩᠨᠡᠯᠲᠡ ᠶᠢᠨ ᠵᠠᠭᠪᠤᠷ ᠶᠣᠰᠣᠭᠠᠷ᠂ ᠯᠠᠵᠤᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠢ ᠪᠠᠶᠢᠭᠤᠯᠵᠤ᠂ 460 ᠮᠦ ᠣᠳᠣ ᠦᠶ᠎ᠡ ᠶᠢᠨ ᠲᠠᠷᠢᠶᠠᠯᠠᠩ ᠤᠨ ᠡᠳ᠋ᠰᠢᠭᠦᠯᠦᠨ ᠬᠠᠳᠠᠭᠠᠯᠠᠬᠤ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠢ ᠪᠠᠶᠢᠭᠤᠯᠵᠤ᠂ ᠯᠠᠵᠤᠤ ᠶᠢᠨ ᠥᠩᠭᠡ ᠪᠠᠷ ᠰᠣᠩᠭᠤᠨ ᠬᠠᠲᠠᠭᠠᠬᠤ ᠦᠢᠯᠡᠳᠪᠦᠷᠢᠯᠡᠯ ᠤᠨ ᠱᠤᠭᠤᠮ ᠲᠠᠢ 12 ᠵᠤᠷᠪᠤᠰ᠂ ᠡᠳᠦᠷ ᠪᠦᠷᠢ 500 ᠲᠣᠨ ᠪᠣᠯᠪᠠᠰᠤᠷᠠᠭᠤᠯᠵᠤ᠂ ᠬᠦᠢᠲᠡᠨ ᠬᠡᠯᠬᠢᠶᠡᠲᠦ ᠬᠥᠮᠥᠷᠭᠡᠯᠡᠨ ᠬᠠᠳᠠᠭᠠᠯᠠᠬᠤ ᠪᠡᠯᠡᠳᠬᠡᠮᠵᠢ ᠶᠢ ᠢᠵᠢ ᠪᠥᠷᠢᠳᠦᠭᠦᠯᠵᠦ᠂ ᠠᠵᠤ ᠦᠢᠯᠡᠰ ᠢᠶᠠᠷ ᠠᠷᠠᠳ ᠢᠶᠠᠨ ᠪᠠᠶᠠᠵᠢᠭᠤᠯᠬᠤ ᠶᠢ ᠪᠡᠶᠡᠯᠡᠭᠦᠯᠦᠨ᠎ᠡ᠃      ᠡᠯ ᠳ᠋ᠤᠤ ᠴᠢᠶᠣᠤ ᠪᠠᠯᠭᠠᠰᠤᠨ ᠤ ᠲᠦᠮᠡᠨ ᠮᠦ ᠯᠠᠵᠤᠤ ᠶᠢᠨ ᠬᠤᠪᠢᠰᠬᠠᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠨᠢ ᠬᠡᠪᠴᠢᠶᠡᠵᠢᠭᠦᠯᠦᠨ ᠲᠠᠷᠢᠬᠤ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠡᠷᠴᠢᠮᠵᠢᠭᠦᠯᠦᠨ ᠡᠵᠡᠩᠨᠡᠬᠦ᠂ ᠲᠦᠷᠦᠯ ᠳᠡᠮᠳᠡᠭᠵᠢᠭᠦᠯᠦᠨ ᠪᠣᠷᠣᠯᠠᠭᠤᠯᠬᠤ᠂ ᠨᠡᠶᠢᠭᠡᠮᠴᠢᠯᠡᠭᠰᠡᠨ ᠦᠢᠯᠡᠴᠢᠯᠡᠭᠡ ᠪᠠᠷ ᠳᠠᠮᠵᠢᠭᠤᠯᠵᠤ᠂ ᠤᠯᠠᠮᠵᠢᠯᠠᠯᠲᠤ ᠲᠠᠷᠢᠮᠠᠯ ᠤᠨ ᠪᠦᠲᠦᠴᠡ ᠶᠢ ᠴᠢᠨᠠᠭᠰᠢᠳᠠ ᠰᠢᠯᠢᠳᠡᠭᠵᠢᠭᠦᠯᠵᠦ᠂ ︽ᠵᠢᠷᠭᠤᠭᠠᠨ ᠰᠢᠨ᠎ᠡ︾ ᠬᠦᠴᠦᠨ ᠵᠦᠢᠯ ︵ᠰᠢᠨ᠎ᠡ ᠬᠠᠷᠠᠯᠲᠠ᠂ ᠰᠢᠨ᠎ᠡ ᠮᠡᠷᠭᠡᠵᠢᠯ᠂ ᠰᠢᠨ᠎ᠡ ᠵᠠᠭᠪᠤᠷ᠂ ᠰᠢᠨ᠎ᠡ ᠲᠦᠷᠦᠯ ᠵᠦᠢᠯ᠂ ᠰᠢᠨ᠎ᠡ ᠬᠥᠳᠡᠯᠭᠡᠭᠦ ᠬᠦᠴᠦᠨ᠂ ᠰᠢᠨ᠎ᠡ ᠭᠤᠣᠯ ᠴᠣᠭᠴᠠ︶ ᠢ ᠠᠭᠤᠰᠤᠯᠴᠠᠭᠤᠯᠵᠤ᠂ ︽ᠲᠦᠷᠪᠡ ᠶᠢ ᠡᠵᠡᠮᠳᠡᠬᠦ ᠮᠡᠷᠭᠡᠵᠢᠯ︾ ᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ᠂ ᠪᠣᠬᠢᠷᠲᠤᠯ ᠦᠭᠡᠢ ᠦᠢᠯᠡᠳᠪᠦᠷᠢᠯᠡᠯ ᠤᠨ ᠵᠠᠭᠪᠤᠷ ᠤᠨ ᠬᠤᠷᠠᠮᠠᠯ ᠠᠷᠭ᠎ᠠ ᠵᠠᠮ ᠢ ᠬᠡᠷᠡᠭᠵᠢᠭᠦᠯᠵᠦ᠂ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ