ᠨᠢᠭᠡ᠂ ᠠᠬᠤᠶ ᠪᠠᠶᠢᠳᠠᠯ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠠᠯᠳᠠᠯᠲᠠ ᠶᠢᠨ ᠳᠠᠭᠠᠳᠬᠠᠯ ᠤᠨ ᠬᠡᠷᠡᠭᠵᠢᠭᠦᠯᠬᠦ ᠠᠷᠭ᠎ᠠ︾ ︵ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 268 ᠳ᠋ᠤᠭᠠᠷ ᠲᠣᠭᠠᠲᠤ ᠵᠠᠷᠯᠢᠭ︶ ᠶᠢᠨ ᠱᠠᠭᠠᠷᠳᠠᠯᠭ᠎ᠠ ᠶᠢ ᠦᠨᠳᠦᠰᠦᠯᠡᠨ᠂ ᠪᠠᠶᠠᠨᠨᠠᠭᠤᠷ | ᠬᠤᠲᠠ ᠶᠢᠨ ᠡᠯ᠎ᠡ ᠱᠠᠲᠤᠨ ᠤ ᠠᠵᠢᠯ ᠠᠯᠳᠠᠯᠲᠠ ᠶᠢᠨ ᠳᠠᠭᠠᠳᠬᠠᠯ ᠤᠨ ᠭᠠᠷᠳᠠᠨ ᠬᠢᠬᠦ ᠪᠠᠶᠢᠭᠤᠯᠤᠮᠵᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠲᠦᠷᠭᠡᠨ | ᠬᠥᠳᠡᠯᠦᠯᠴᠡᠵᠦ᠂ ᠪᠠᠶᠠᠨᠨᠠᠭᠤᠷ ᠬᠤᠲᠠ ᠶᠢᠨ ᠠᠵᠢᠯ ᠠᠯᠳᠠᠯᠲᠠ ᠶᠢᠨ ᠳᠠᠭᠠᠳᠬᠠᠯ ᠤᠨ ᠣᠯᠭᠤᠮᠵᠢ ᠶᠢᠨ ᠪᠠᠷᠢᠮᠵᠢᠶ᠎ᠠ ᠶᠢ ᠲᠣᠬᠢᠷᠠᠭᠤᠯᠬᠤ ᠠᠵᠢᠯ ᠢ ᠪᠥᠬᠦ ᠲᠠᠯ᠎ᠠ ᠪᠠᠷ | ᠪᠡᠶᠡᠯᠡᠭᠦᠯᠦᠨ᠎ᠡ᠃ | ᠬᠤᠶᠠᠷ᠂ ᠬᠠᠷᠠᠯᠲᠠ | ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠣᠯᠭᠤᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ ᠠᠵᠢᠯ ᠠᠯᠳᠠᠭᠰᠠᠳ ᠤᠨ ᠠᠮᠢ ᠪᠡᠶ᠎ᠡ ᠶᠢᠨ ᠠᠰᠢᠭ ᠲᠤᠰᠠ ᠶᠢ | ᠪᠠᠲᠤᠯᠠᠨ᠎ᠠ᠃ | ᠭᠤᠷᠪᠠ᠂ ᠭᠤᠣᠯ ᠠᠭᠤᠯᠭ᠎ᠠ | ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠨᠢ ᠬᠥᠮᠦᠨ ᠪᠦᠷᠢ ᠶᠢᠨ ᠰᠠᠷ᠎ᠠ ᠪᠦᠷᠢ ᠳᠤ ᠣᠳᠣ ᠶᠢᠨ ᠬᠡᠷᠡᠭᠵᠢᠭᠦᠯᠵᠦ ᠪᠠᠶᠢᠭ᠎ᠠ ᠰᠠᠭᠤᠷᠢᠨ ᠳᠡᠭᠡᠷ᠎ᠡ ᠳᠡᠰ | ᠪᠦᠷᠢ ᠶᠢᠨ ᠥᠰᠥᠯᠲᠡ ᠶᠢᠨ ᠬᠡᠮᠵᠢᠶ᠎ᠡ 5% ᠳᠤ ᠬᠦᠷᠴᠦ᠂ ᠪᠣᠳᠠᠲᠠᠶ ᠨᠢᠭᠡᠳᠦᠭᠡᠷ ᠰᠠᠷ᠎ᠠ ᠠᠴᠠ ᠠᠷᠪᠠᠨ ᠬᠤᠶᠠᠳᠤᠭᠠᠷ ᠰᠠᠷ᠎ᠠ ᠬᠦᠷᠲᠡᠯ᠎ᠡ ᠲᠠᠯᠪᠢᠬᠤ ᠪᠠᠷᠢᠮᠵᠢᠶ᠎ᠠ ᠶᠢ | ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠳᠣᠤᠷ᠎ᠠ ᠴᠠᠯᠢᠩ ᠤᠨ ᠨᠢᠭᠡᠳᠦᠭᠡᠷ ᠲᠥᠷᠥᠯ ᠤᠨ ᠭᠠᠵᠠᠷ ᠣᠷᠣᠨ ᠤ ᠪᠦᠬᠦᠯᠢ ᠡᠳᠦᠷ ᠤᠨ ᠳᠦᠷᠢᠮᠲᠦ ᠠᠵᠢᠯᠴᠢᠨ | ᠬᠡᠷᠡᠭᠯᠡᠬᠦ ᠰᠠᠷ᠎ᠠ ᠶᠢᠨ ᠴᠠᠯᠢᠩ ᠤᠨ ᠪᠠᠷᠢᠮᠵᠢᠶ᠎ᠠ ᠶᠢᠨ ᠵᠠᠭᠤᠨ ᠤ ᠶᠡᠷᠡ ᠠᠴᠠ ᠵᠠᠭᠤᠨ ᠤ ᠶᠡᠷᠡᠨ ᠲᠠᠪᠤ ᠪᠣᠯᠲᠠᠯ᠎ᠠ ᠳᠡᠭᠡᠭᠰᠢᠯᠡᠭᠦᠯᠵᠦ᠂ ᠵᠣᠭᠤᠰ ᠤᠨ ᠲᠤᠭ᠎ᠠ ᠨᠢ 1782 | ᠲᠥᠭᠦᠷᠢᠭ ᠪᠠᠶᠢᠭᠰᠠᠨ ᠠᠴᠠ ᠪᠠᠨ 1881 ᠲᠥᠭᠦᠷᠢᠭ ᠲᠤ ᠬᠦᠷᠲᠡᠯ᠎ᠡ ᠳᠡᠭᠡᠭᠰᠢᠯᠡᠭᠦᠯᠪᠡ︔ ᠠᠷᠪᠠᠨ ᠭᠤᠷᠪᠠᠳᠤᠭᠠᠷ ᠰᠠᠷ᠎ᠠ ᠠᠴᠠ ᠬᠤᠷᠢᠨ ᠳᠥᠷᠪᠡᠳᠦᠭᠡᠷ ᠰᠠᠷ᠎ᠠ | ᠬᠦᠷᠲᠡᠯ᠎ᠡ ᠥᠪᠡᠷᠲᠡᠭᠡᠨ ᠵᠠᠰᠠᠬᠤ ᠣᠷᠣᠨ ᠤ ᠪᠦᠬᠦᠯᠢ ᠡᠳᠦᠷ ᠤᠨ ᠳᠦᠷᠢᠮᠲᠦ ᠠᠵᠢᠯᠴᠢᠨ ᠬᠡᠷᠡᠭᠯᠡᠬᠦ ᠰᠠᠷ᠎ᠠ ᠶᠢᠨ ᠴᠠᠯᠢᠩ ᠤᠨ ᠪᠠᠷᠢᠮᠵᠢᠶ᠎ᠠ ᠶᠢᠨ ᠵᠠᠭᠤᠨ ᠤ ᠨᠠᠶᠠ ᠠᠴᠠ | ᠵᠠᠭᠤᠨ ᠤ ᠨᠠᠶᠠᠨ ᠲᠠᠪᠤ ᠪᠣᠯᠲᠠᠯ᠎ᠠ ᠳᠡᠭᠡᠭᠰᠢᠯᠡᠭᠦᠯᠵᠦ᠂ ᠵᠣᠭᠤᠰ ᠤᠨ ᠲᠤᠭ᠎ᠠ ᠨᠢ 1584 ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 1683 ᠲᠥᠭᠦᠷᠢᠭ | ᠪᠣᠯᠤᠭᠰᠠᠨ ᠪᠠᠶᠢᠨ᠎ᠠ᠃ ᠲᠣᠰ ᠤᠳᠠᠭᠠᠨ ᠤ ᠲᠣᠬᠢᠷᠠᠭᠤᠯᠤᠯᠲᠠ ᠳᠤ 1732 ᠬᠥᠮᠦᠨ ᠳᠤ ᠠᠰᠢᠭ ᠬᠦᠷᠲᠡᠭᠡᠵᠦ᠂ ᠰᠠᠷ᠎ᠠ ᠳᠤ 17.15 ᠲᠦᠮᠡᠨ ᠲᠥᠭᠦᠷᠢᠭ | ᠨᠡᠮᠡᠭᠳᠡᠭᠦᠯᠪᠡ᠃ | ᠳᠥᠷᠪᠡ᠂ ᠬᠡᠷᠡᠭᠵᠢᠭᠦᠯᠬᠦ ᠴᠠᠭ | 2024 ᠣᠨ ᠤ 8 ᠰᠠᠷ᠎ᠠ ᠶᠢᠨ 30 ᠤ ᠡᠳᠦᠷ | |