ᠣᠳᠣᠬᠢᠴᠢᠯᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠦᠶ᠎ᠡ - ᠪᠠᠶᠠᠨᠨᠠᠭᠤᠷ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/8/21
      ᠠᠷᠠᠳ ᠤᠨ ᠠᠮᠢᠳᠤᠷᠠᠯ ᠪᠣᠯ ᠠᠷᠠᠳ ᠲᠦᠮᠡᠨ ᠤ ᠵᠣᠯ ᠵᠢᠷᠭᠠᠯ ᠤᠨ ᠰᠠᠭᠤᠷᠢ᠂ ᠨᠡᠶᠢᠭᠡᠮ ᠤᠨ ᠡᠶ᠎ᠡ ᠵᠣᠬᠢᠴᠠᠯ ᠤᠨ ᠦᠨᠳᠦᠰᠦ ᠮᠥᠨ᠃ ᠮᠠᠨ ᠤ ᠬᠤᠲᠠ ᠣᠯᠠᠨ ᠲᠦᠮᠡᠨ ᠤ ᠬᠦᠴᠢᠷ ᠵᠣᠪᠠᠭᠤᠷᠢ ᠶᠢ ᠴᠢᠩᠭ᠎ᠠ ᠠᠩᠬᠠᠷᠴᠤ᠂ ᠠᠷᠠᠳ ᠤᠨ ᠠᠮᠢᠳᠤᠷᠠᠯ ᠤᠨ ᠠᠯᠢ ᠤᠯᠠᠨ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠢ ᠬᠢᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠬᠤᠳᠠ ᠶᠢᠨ ᠠᠷᠠᠳ ᠲᠦᠮᠡᠨ ᠳᠤ ᠨᠡᠩ ᠤᠯᠠᠨ᠂ ᠨᠡᠩ ᠭᠤᠣᠯᠴᠢ ᠪᠠᠷ ᠡᠳ᠋ᠯᠡᠭᠦᠯᠬᠦ ᠶᠢ ᠠᠬᠢᠭᠤᠯᠤᠨ᠎ᠠ᠃       ᠯᠢᠨ ᠾᠧ ᠲᠣᠭᠤᠷᠢᠭ ᠤᠨ ᠴᠢᠩ ᠢ ᠯᠢᠨ ᠬᠠᠢ ᠠᠨ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠬᠦ ᠳᠤ᠂ ᠮᠠᠰᠢᠨ ᠮᠧᠬᠠᠨᠢᠭ ᠬᠦᠷᠴᠢᠭᠢᠨᠡᠨ ᠬᠥᠳᠡᠯᠵᠦ᠂ ᠠᠵᠢᠯᠲᠠᠳ ᠶᠠᠭ ᠭᠤᠣᠯ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠱᠠᠯᠠᠪᠳᠠᠨ ᠬᠢᠵᠦ ᠪᠠᠶᠢᠯ᠎ᠠ᠃       ᠯᠢᠨ ᠾᠧ ᠬᠤᠲᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠰᠢᠨ ᠾᠧ ᠭᠡᠷ ᠪᠠᠶᠢᠰᠢᠩ ᠭᠠᠵᠠᠷ ᠬᠥᠷᠥᠩᠭᠡ ᠶᠢᠨ ᠢᠨᠵᠧᠨᠧᠷᠢᠩ ᠤᠨ ᠬᠡᠯᠲᠡᠰ ᠤᠨ ᠴᠢᠩ ᠢ ᠯᠢᠨ ᠬᠠᠢ ᠠᠨ ᠲᠥᠷᠥᠯ ᠵᠦᠢᠯ ᠤᠨ ᠬᠠᠷᠢᠭᠤᠴᠠᠯᠭᠠᠲᠠᠨ ᠯᠢ ᠵᠢᠶᠦ᠋ᠨ ᠰᠤᠷᠪᠤᠯᠵᠢᠯᠠᠭᠴᠢ ᠳᠤ ᠲᠥᠷᠥᠯ ᠵᠦᠢᠯ ᠨᠢ ᠨᠡᠶᠢᠲᠡ 19300 ᠲᠡᠭᠰᠢ ᠳᠥᠷᠪᠡᠯᠵᠢᠨ ᠮᠧᠳ᠋ᠷ᠂ ᠭᠠᠵᠠᠷ ᠳᠣᠣᠷ᠎ᠠ ᠨᠢᠭᠡ ᠳᠠᠪᠬᠤᠷᠭ᠎ᠠ᠂ ᠭᠠᠵᠠᠷ ᠳᠡᠭᠡᠷ᠎ᠡ 26 ᠳᠠᠪᠬᠤᠷᠭ᠎ᠠ ᠲᠠᠢ᠂ ᠣᠳᠣ ᠨᠢᠭᠡᠨᠲᠡ 13 ᠳᠠᠪᠬᠤᠷᠭ᠎ᠠ ᠶᠢᠨ ᠣᠷᠣᠢ ᠶᠢ ᠪᠢᠲᠡᠭᠦᠮᠵᠢᠯᠡᠵᠦ᠂ 14 ᠳᠠᠪᠬᠤᠷᠭ᠎ᠠ ᠶᠢᠨ ᠪᠠᠷᠢᠯᠭ᠎ᠠ ᠶᠢᠨ ᠠᠵᠢᠯ ᠢ ᠬᠢᠵᠦ ᠪᠠᠶᠢᠨ᠎ᠠ᠃ ᠬᠥᠮᠥᠨ ᠤ ᠬᠦᠴᠦᠨ ᠤ ᠣᠷᠣᠭᠤᠯᠤᠯᠲᠠ᠂ ᠡᠳ᠋ ᠪᠣᠳᠠᠰ ᠤᠨ ᠬᠠᠩᠭᠠᠯᠭ᠎ᠠ᠂ ᠠᠮᠤᠷ ᠲᠦᠪᠰᠢᠨ ᠤ ᠠᠷᠭ᠎ᠠ ᠪᠠᠷᠢᠯ ᠵᠡᠷᠭᠡ ᠲᠠᠯ᠎ᠠ ᠪᠠᠷ ᠲᠥᠷᠥᠯ ᠵᠦᠢᠯ ᠤᠨ ᠪᠦᠬᠦᠯᠢ ᠴᠣᠭᠴᠠ ᠶᠢᠨ ᠬᠡᠷᠡᠭᠵᠢᠭᠦᠯᠦᠯᠲᠡ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ ᠭᠡᠪᠡ᠃       ᠴᠢᠩ ᠢ ᠯᠢᠨ ᠬᠠᠢ ᠠᠨ ᠨᠡᠶᠢᠲᠡ ᠶᠢᠨ ᠲᠦᠷᠢᠶᠡᠰᠦᠨ ᠭᠡᠷ ᠤᠨ ᠲᠥᠷᠥᠯ ᠵᠦᠢᠯ ᠨᠢ ᠶᠢᠨ ᠭᠤᠸᠠᠨ ᠶᠡᠭᠡ ᠵᠠᠮ ᠤᠨ ᠵᠡᠭᠦᠨ ᠲᠠᠯ᠎ᠠ᠂ ᠺᠠᠢ ᠶᠤᠸᠠᠨ ᠵᠠᠮ ᠤᠨ ᠪᠠᠷᠠᠭᠤᠨ ᠲᠠᠯ᠎ᠠ᠂ ᠴᠢᠩ ᠹᠧᠩ ᠵᠡᠭᠡᠯᠢ ᠶᠢᠨ ᠬᠤᠶᠢᠲᠤ ᠲᠠᠯ᠎ᠠ ᠪᠠᠷ ᠪᠠᠶᠢᠷᠢᠯᠠᠵᠤ᠂ ᠨᠡᠶᠢᠲᠡ ᠶᠢᠨ ᠲᠦᠷᠢᠶᠡᠰᠦᠨ ᠭᠡᠷ ᠢ 5. 1 ᠲᠦᠮᠡᠨ ᠲᠡᠭᠰᠢ ᠳᠥᠷᠪᠡᠯᠵᠢᠨ ᠮᠧᠳ᠋ᠷ᠂ 850 ᠢᠵᠢ ᠲᠣᠬᠢᠷᠠᠭᠤᠯᠤᠨ ᠪᠠᠷᠢᠨ᠎ᠠ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 2.1 ᠳ᠋ᠦᠩᠰᠢᠭᠤᠷ ᠲᠥᠭᠦᠷᠢᠭ ᠲᠤ ᠬᠦᠷᠴᠦ᠂ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠳᠤ 572 ᠢᠵᠢ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠪᠦᠲᠦᠭᠡᠨ ᠪᠠᠶᠢᠭᠤᠯᠵᠤ᠂ 2023 ᠣᠨ ᠤ 8 ᠰᠠᠷ᠎ᠠ ᠶᠢᠨ 1 ᠤ ᠡᠳᠦᠷ ᠲᠤᠰᠢᠶᠠᠨ ᠥᠭᠴᠦ ᠬᠡᠷᠡᠭᠯᠡᠭᠦᠯᠦᠨ᠎ᠡ᠃ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠳᠤ 278 ᠢᠵᠢ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠪᠦᠲᠦᠭᠡᠨ ᠪᠠᠶᠢᠭᠤᠯᠵᠤ᠂ 2023 ᠣᠨ ᠤ 9 ᠰᠠᠷ᠎ᠠ ᠳᠤ ᠠᠵᠢᠯ ᠡᠬᠢᠯᠡᠭᠦᠯᠪᠡ᠃       ︽ᠠᠮᠤᠭᠤᠯᠠᠩ ᠣᠷᠣᠨ ᠰᠠᠭᠤᠴᠠ︾ ᠶᠢᠨ ᠢᠨᠵᠧᠨᠧᠷᠢᠩ ᠢ ᠰᠠᠶᠢᠲᠤᠷ ᠬᠢᠬᠦ ᠶᠢᠨ ᠲᠠᠭᠤ᠂ ᠮᠠᠨ ᠤ ᠬᠤᠲᠠ ᠪᠠᠰᠠ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠵᠦ ᠪᠠᠶᠢᠨ᠎ᠠ᠃ ᠲᠦᠷᠦᠭᠦᠬᠡᠨ ᠯᠢᠨ ᠾᠧ ᠲᠣᠭᠤᠷᠢᠭ ᠤᠨ ᠹᠧᠩ ᠾᠧ ᠵᠠᠮ ᠵᠢᠩᠬᠢᠨᠢ ᠪᠠᠷ ᠲᠡᠷᠭᠡ ᠨᠡᠪᠲᠡᠷᠡᠵᠦ᠂ ᠪᠦᠬᠦ᠋ᠢᠯᠡ ᠵᠠᠮ ᠨᠢ ᠥᠷᠭᠡᠨ ᠲᠡᠭᠰᠢ᠂ ᠲᠡᠷᠭᠡ ᠰᠠᠭᠠᠳ ᠦᠭᠡᠢ ᠨᠡᠪᠲᠡᠷᠡᠬᠦ ᠶᠢᠨ ᠲᠠᠭᠤ ᠳᠤ ᠤᠰᠤ ᠲᠠᠲᠠᠷᠠᠭᠤᠯᠬᠤ ᠬᠤᠭᠤᠯᠠᠢ ᠶᠢᠨ ᠲᠣᠣᠷ ᠲᠤ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠬᠤ ᠲᠥᠬᠦᠭᠡᠷᠦᠮᠵᠢ ᠶᠢ ᠢᠵᠢ ᠪᠦᠷᠢᠳᠦᠭᠦᠯᠦᠨ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃       ᠯᠢᠨ ᠾᠧ ᠲᠣᠭᠤᠷᠢᠭ ᠤᠨ ᠰᠠᠭᠤᠭᠠᠯᠢ ᠠᠷᠠᠳ ᠶᠠᠩ ᠼᠦᠨ ᠰᠢᠩ ᠰᠤᠷᠪᠤᠯᠵᠢᠯᠠᠭᠴᠢ ᠳᠤ ᠥᠩᠭᠡᠷᠡᠭᠰᠡᠨ ᠳᠤ ᠲᠣᠭᠤᠷᠢᠭ ᠤᠨ ᠳᠤᠮᠳᠠᠬᠢ ᠪᠦᠬᠦ᠋ᠢᠯᠡ ᠵᠠᠮ ᠨᠢ ᠡᠩᠬᠦᠯ ᠳᠤᠩᠬᠤᠯ᠂ ᠤᠰᠤ ᠬᠤᠷᠠᠪᠠᠯ ᠭᠠᠳᠠᠭᠰᠢ ᠭᠠᠷᠬᠤ ᠳᠤ ᠳᠥᠭᠦᠮ ᠦᠭᠡᠢ ᠪᠠᠶᠢᠭᠰᠠᠨ᠃ ᠡᠨᠡ ᠤᠳᠠᠭ᠎ᠠ ᠡᠨᠡ ᠵᠠᠮ ᠢ ᠵᠠᠰᠠᠭᠠᠳ ᠶᠡᠭᠡ ᠰᠠᠶᠢᠬᠠᠨ ᠪᠤᠯᠭᠠᠭᠰᠠᠨ᠂ ᠵᠠᠮ ᠤᠨ ᠭᠠᠳᠠᠷᠭᠤ ᠶᠢ ᠥᠷᠭᠡᠵᠢᠭᠦᠯᠦᠭᠰᠡᠨ᠂ ᠪᠠᠰᠠ ᠨᠣᠭᠤᠭᠠᠷᠠᠭᠤᠯᠬᠤ ᠲᠥᠬᠦᠭᠡᠷᠦᠮᠵᠢ ᠲᠠᠢ ᠪᠣᠯᠤᠭᠰᠠᠨ ᠭᠡᠪᠡ᠃       2024 ᠣᠨ ᠳᠤ᠂ ᠯᠢᠨ ᠾᠧ ᠲᠣᠭᠤᠷᠢᠭ ᠹᠧᠩ ᠵᠧᠦ ᠵᠠᠮ᠂ ᠯᠢ ᠮᠢᠨ ᠵᠡᠭᠡᠯᠢ᠂ ᠰᠢᠨᠬᠤᠸᠠ ᠵᠡᠭᠡᠯᠢ ᠵᠡᠷᠭᠡ 15 ᠵᠤᠷᠪᠤᠰ 17.3 ᠺᠢᠯᠣᠮᠧᠳ᠋ᠷ ᠤᠨ ᠵᠠᠮ ᠳᠤ᠂ ᠬᠤᠭᠤᠯᠠᠢ ᠶᠢᠨ ᠲᠣᠣᠷ ᠢ ᠰᠢᠨᠡᠳᠬᠡᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠂ ᠲᠥᠰᠥᠯ ᠳᠤ ᠵᠠᠮ ᠤᠨ ᠬᠡᠰᠡᠭ ᠢ ᠥᠭᠡᠷᠡᠴᠢᠯᠡᠬᠦ᠂ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠬᠤ ᠬᠤᠭᠤᠯᠠᠢ ᠶᠢᠨ ᠲᠣᠣᠷ ᠢ ᠥᠭᠡᠷᠡᠴᠢᠯᠡᠨ ᠪᠠᠶᠢᠭᠤᠯᠬᠤ ᠶᠢᠨ ᠲᠠᠭᠤ᠂ ᠤᠰᠤ ᠬᠠᠩᠭᠠᠬᠤ᠂ ᠢᠯᠴᠢ ᠬᠠᠩᠭᠠᠬᠤ᠂ ᠪᠠᠶᠢᠭᠠᠯᠢ ᠶᠢᠨ ᠰᠢᠲᠠᠮᠠᠬᠠᠢ ᠬᠡᠢ᠂ ᠴᠢᠩᠭ᠎ᠠ ᠰᠤᠯᠠ ᠴᠠᠬᠢᠯᠭᠠᠨ ᠵᠡᠷᠭᠡ ᠬᠤᠲᠠ ᠶᠢᠨ ᠵᠠᠰᠠᠭ ᠤᠨ ᠶᠠᠪᠤᠳᠠᠯ ᠤᠨ ᠬᠤᠭᠤᠯᠠᠢ ᠶᠢ ᠰᠢᠨᠡᠳᠬᠡᠨ ᠥᠭᠡᠷᠡᠴᠢᠯᠡᠵᠦ᠂ ᠬᠤᠳᠠ ᠶᠢᠨ ᠲᠣᠭᠤᠷᠢᠭ ᠤᠨ ᠬᠤᠳᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠣᠷ ᠤᠨ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠪᠡ᠃ 8 ᠰᠠᠷ᠎ᠠ ᠶᠢᠨ 1 ᠤ ᠡᠳᠦᠷ ᠪᠣᠯᠲᠠᠯ᠎ᠠ᠂ ᠹᠧᠩᠵᠧᠦ ᠵᠠᠮ᠂ ᠹᠧᠩ ᠾᠧ ᠵᠠᠮ ᠤᠨ ᠬᠡᠰᠡᠭ ᠵᠡᠷᠭᠡ 5 ᠵᠤᠷᠪᠤᠰ ᠵᠠᠮ ᠤᠨ 5.06 ᠺᠢᠯᠣᠮᠧᠳ᠋ᠷ ᠵᠠᠮ ᠢ ᠰᠢᠨ᠎ᠡ ᠪᠠᠷ ᠵᠠᠰᠠᠬᠤ᠂ ᠥᠭᠡᠷᠡᠴᠢᠯᠡᠨ ᠪᠠᠶᠢᠭᠤᠯᠬᠤ ᠠᠵᠢᠯ ᠢ ᠨᠢᠭᠡᠨᠲᠡ ᠳᠠᠭᠤᠰᠬᠠᠪᠠ᠃       ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠠᠷᠠᠳ ᠤᠨ ᠠᠮᠢᠳᠤᠷᠠᠯ ᠳᠤ ᠨᠡᠩ ᠰᠠᠶᠢᠨ ᠬᠦᠷᠲᠡᠭᠡᠬᠦ ᠶᠢᠨ ᠲᠥᠯᠥᠭᠡ᠂ ᠮᠠᠨ ᠤ ᠬᠤᠲᠠ ᠠᠷᠠᠳ ᠤᠨ ᠠᠮᠢᠳᠤᠷᠠᠯ ᠤᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠵᠠᠮ ᠬᠠᠷᠢᠯᠴᠠᠭ᠎ᠠ ᠶᠠᠪᠤᠵᠤ ᠰᠠᠭᠤᠬᠤ ᠠᠴᠠ ᠰᠤᠷᠭᠠᠨ ᠬᠥᠮᠦᠵᠢᠯ ᠡᠮ ᠡᠮᠨᠡᠯᠭᠡ ᠬᠦᠷᠲᠡᠯ᠎ᠡ᠂ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠠᠴᠠ ᠬᠦᠴᠢᠷᠳᠡᠯᠲᠡᠢ ᠬᠥᠮᠥᠰ ᠲᠤ ᠦᠢᠯᠡᠴᠢᠯᠡᠵᠦ ᠪᠠᠲᠤᠯᠠᠭ᠎ᠠ ᠬᠠᠩᠭᠠᠬᠤ ᠬᠦᠷᠲᠡᠯ᠎ᠡ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠳ ᠨᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠦᠴᠦᠲᠡᠢ ᠪᠠ ᠬᠠᠯᠠᠮᠵᠢᠯᠠᠵᠤ ᠪᠠᠶᠢᠭ᠎ᠠ ᠶᠢ ᠲᠤᠰᠬᠠᠭᠰᠠᠨ ᠪᠠᠶᠢᠨ᠎ᠠ᠃ ᠡᠨᠡ ᠵᠢᠯ᠂ ᠮᠠᠨ ᠤ ᠬᠤᠲᠠ 7.95 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠂ ᠬᠠᠶᠢᠷ᠎ᠠ ᠬᠠᠯᠠᠮᠵᠢ ᠶᠢᠨ ᠢᠨᠵᠧᠨᠧᠷᠢᠩ ᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠭᠤᠣᠯᠳᠠᠭᠤ ᠢᠯᠴᠢ ᠶᠢᠨ ᠡᠬᠢ ᠰᠤᠷᠪᠤᠯᠵᠢ ᠶᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠬᠦ᠂ ᠢᠯᠴᠢ ᠶᠢᠨ ᠬᠤᠭᠤᠯᠠᠢ ᠶᠢᠨ ᠲᠣᠣᠷ ᠢ ᠰᠢᠨᠡᠳᠬᠡᠨ ᠥᠭᠡᠷᠡᠴᠢᠯᠡᠬᠦ᠂ ᠢᠯᠴᠢ ᠶᠢᠨ ᠬᠦᠴᠦᠨ ᠤ ᠦᠷᠳᠡᠭᠡ ᠶᠢ ᠰᠢᠨ᠎ᠡ ᠪᠠᠷ ᠪᠠᠶᠢᠭᠤᠯᠵᠤ ᠥᠭᠡᠷᠡᠴᠢᠯᠡᠬᠦ ᠵᠡᠷᠭᠡ 47 ᠲᠦᠷᠦᠯ ᠵᠦᠢᠯ ᠢ ᠬᠡᠷᠡᠭᠵᠢᠭᠦᠯᠬᠦ ᠪᠣᠯᠣᠨ᠎ᠠ᠃ ᠪᠠᠶᠠᠨᠨᠠᠭᠤᠷ ᠥᠷᠲᠡᠭᠡ ᠶᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠤᠭᠰᠠᠨ ᠨᠢ ᠪᠥᠬᠦ ᠬᠤᠲᠠ ᠶᠢᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠᠰᠠ ᠨᠢᠭᠡ ᠯᠠᠪᠳᠠᠭᠤᠨ ᠪᠠᠲᠤᠲᠠᠢ ᠠᠯᠬᠤᠮ ᠢ ᠠᠯᠬᠤᠭᠰᠠᠨ ᠢ ᠬᠠᠷᠠᠭᠤᠯᠵᠤ᠂ ᠮᠥᠨᠴᠦ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠪᠦᠬᠦ ᠱᠤᠭᠤᠮ ᠤᠨ ᠨᠡᠪᠲᠡᠷᠡᠬᠦ ᠳᠤ ᠰᠠᠭᠤᠷᠢ ᠲᠠᠯᠪᠢᠵᠤ ᠥᠭᠴᠡᠢ᠃ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠡᠨᠡ ᠵᠢᠯ ᠠᠴᠠ ᠨᠠᠰᠢ ᠬᠤᠲᠠ ᠪᠠᠯᠭᠠᠰᠤᠨ ᠤ 5002 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠠᠳᠠᠯᠢ ᠬᠤᠭᠤᠴᠠᠭᠠᠨ ᠤ ᠬᠢ ᠠᠴᠠ 6.88% ᠪᠠᠷ ᠨᠡᠮᠡᠭᠳᠡᠨ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ ᠰᠢᠯᠵᠢᠭᠦᠯᠦᠨ 124069 ᠬᠥᠮᠥᠨ ᠳᠤ ᠠᠵᠢᠯ ᠣᠯᠭᠤᠨ᠂ ᠠᠳᠠᠯᠢ ᠬᠤᠭᠤᠴᠠᠭᠠᠨ ᠤ ᠬᠢ ᠠᠴᠠ 35.07% ᠨᠡᠮᠡᠭᠳᠡᠪᠡ︔ ᠪᠥᠬᠦ ᠬᠤᠲᠠ ᠶᠢᠨ ᠠᠰᠢᠭᠯᠠᠯᠲᠠ ᠳᠤ ᠣᠷᠣᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ 11 ᠪᠠᠶᠢᠵᠤ᠂ ᠠᠰᠢᠭᠯᠠᠯᠲᠠ ᠳᠤ ᠣᠷᠣᠭᠤᠯᠤᠭᠰᠠᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ 59 ᠪᠠᠶᠢᠵᠤ᠂ ᠪᠥᠬᠦ ᠬᠤᠲᠠ ᠶᠢᠨ 125 ᠨᠡᠶᠢᠭᠡᠮ ᠲᠣᠭᠤᠷᠢᠭ ᠢ ᠬᠠᠮᠤᠷᠴᠤ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠷᠬᠦᠴᠡ 99% ᠳᠤ ᠬᠥᠷᠪᠡ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ