ᠬᠠᠩᠭᠢᠨ ᠬᠤᠶᠢᠲᠤ ᠬᠤᠰᠢᠭᠤᠨ ᠤ 3123 ᠰᠢᠨ᠎ᠡ ᠰᠣᠷᠣᠭᠴᠢ ︽ᠢᠯᠡ ᠪᠠᠷ ᠠᠩᠭᠢ ᠬᠤᠪᠢᠶᠠᠬᠤ︾ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/8/21
      8 ᠰᠠᠷ᠎ᠠ ᠶᠢᠨ 20 ᠤ ᠡᠳᠦᠷ᠂ ᠬᠠᠩᠭᠢᠨ ᠬᠤᠶᠢᠲᠤ ᠬᠤᠰᠢᠭᠤ 2024 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠢᠨ᠎ᠡ ᠰᠤᠷᠤᠭᠴᠢᠳ ᠤᠨ ︽ᠢᠯᠡ ᠪᠠᠷ ᠠᠩᠭᠢ ᠬᠤᠪᠢᠶᠠᠬᠤ︾ ᠲᠤᠬᠠᠶ ᠶᠢᠨ ᠲᠠᠯᠠᠪᠤᠷ ᠤᠨ ᠬᠤᠷᠠᠯ ᠬᠤᠷᠠᠯᠳᠤᠭᠤᠯᠪᠠ᠃      ᠬᠤᠷᠠᠯ ᠳᠡᠭᠡᠷ᠎ᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠪᠠᠭᠰᠢ ᠶᠢᠨ ᠲᠥᠯᠥᠭᠡᠯᠡᠭᠴᠢ ᠪᠠ ᠰᠣᠷᠣᠭᠴᠢ ᠶᠢᠨ ᠬᠡᠷ ᠤᠨ ᠠᠬᠠᠮᠠᠳ ᠤᠨ ᠲᠥᠯᠥᠭᠡᠯᠡᠭᠴᠢ ᠪᠥᠬᠦ ᠶᠠᠪᠤᠴᠠ ᠪᠠᠷ ᠣᠷᠣᠯᠴᠠᠵᠤ᠂ ᠬᠠᠮᠲᠤ ᠪᠠᠷ ᠬᠢᠨᠠᠯᠲᠠ ᠲᠠᠯᠪᠢᠵᠤ᠂ ︽ᠢᠯᠡ ᠪᠠᠷ ᠠᠩᠭᠢ ᠬᠤᠪᠢᠶᠠᠬᠤ︾ ᠡᠷᠬᠡ ᠲᠡᠭᠰᠢ ᠲᠥᠪ ᠭᠤᠤᠯᠴᠢ ᠢᠯᠡ ᠲᠣᠳᠣ ᠪᠥᠬᠦ ᠶᠠᠪᠤᠴᠠ ᠶᠢ ᠬᠠᠮᠲᠤ ᠪᠠᠷ ᠭᠡᠷᠡᠴᠢᠯᠡᠪᠡ᠃
  11.png
      ᠠᠵᠢᠯᠲᠠᠳ ᠡᠩ ᠲᠡᠷᠢᠭᠦᠨ ᠳᠤ ᠬᠤᠶᠠᠷ ᠤᠳᠠᠭᠠᠨ ᠤ ᠰᠢᠰᠲ᠋ᠧᠮ ᠲᠠᠢ ᠰᠢᠯᠭᠠᠯᠲᠠ ᠬᠢᠵᠦ᠂ ᠰᠢᠰᠲ᠋ᠧᠮ ᠤᠨ ᠬᠡᠪ ᠤᠨ ᠶᠣᠰᠣᠭᠠᠷ ᠠᠵᠢᠯᠯᠠᠭᠰᠠᠨ ᠤ ᠳᠠᠷᠠᠭ᠎ᠠ ᠵᠢᠩᠬᠢᠨᠢ ᠪᠠᠷ ᠠᠩᠬᠢ ᠬᠤᠪᠢᠶᠠᠬᠤ ᠶᠢ ᠨᠤᠲᠠᠯᠠᠪᠠ᠃ ᠲᠤᠬᠠᠶ ᠶᠢᠨ ᠲᠠᠯᠠᠪᠤᠷ ᠲᠤ ᠬᠤᠶᠠᠷ ᠤᠳᠠᠭ᠎ᠠ ᠠᠩᠭᠢ ᠬᠤᠪᠢᠶᠠᠭᠰᠠᠨ ᠦᠷ᠎ᠡ ᠳ᠋ᠦᠩ ᠢᠶᠠᠷ ᠳᠠᠮᠵᠢᠭᠤᠯᠤᠨ᠂ ᠰᠣᠷᠣᠭᠴᠢ ᠶᠢᠨ ᠲᠤᠭ᠎ᠠ ᠪᠣᠯᠤᠨ ᠰᠢᠰᠲ᠋ᠧᠮ ᠤᠨ ᠣᠷᠣᠭᠤᠯᠤᠭᠰᠠᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠲᠠᠢ ᠨᠢᠭᠡᠳᠦᠯᠲᠡᠶ ᠪᠠᠶᠢᠵᠤ᠂ ᠡᠯ᠎ᠡ ᠠᠩᠭᠢ ᠶᠢᠨ ᠬᠥᠮᠦᠨ ᠤ ᠲᠤᠭ᠎ᠠ ᠦᠨᠳᠦᠰᠦᠨ ᠳᠡᠭᠡᠨ ᠲᠡᠩᠴᠡᠭᠦᠷᠢᠲᠡᠶ ᠪᠠᠶᠢᠵᠤ᠂ ᠡᠷᠡᠭᠲᠡᠶ ᠡᠮᠡᠭᠲᠡᠶ ᠰᠤᠷᠤᠭᠴᠢ ᠶᠢᠨ ᠬᠠᠷᠢᠴᠠᠯ ᠦᠨᠳᠦᠰᠦᠨ ᠳᠡᠭᠡᠨ ᠲᠡᠩᠴᠡᠭᠦᠷᠢᠲᠡᠶ ᠪᠠᠶᠢᠵᠤ᠂ ︽ᠢᠯᠡ ᠪᠠᠷ ᠠᠩᠭᠢ ᠬᠤᠪᠢᠶᠠᠬᠤ︾ ᠠᠵᠢᠯ ᠵᠢᠩᠬᠢᠨᠢ ᠪᠠᠷ ᠡᠬᠢᠯᠡᠪᠡ᠃      ︽ᠢᠯᠡ ᠪᠠᠷ ᠠᠩᠭᠢ ᠬᠤᠪᠢᠶᠠᠬᠤ︾ ᠺᠣᠮᠫᠢᠦ᠋ᠲ᠋ᠧᠷ ᠢᠶᠠᠷ ᠠᠩᠭᠢ ᠬᠤᠪᠢᠶᠠᠬᠤ ᠵᠥᠭᠡᠯᠡᠨ ᠲᠣᠨᠤᠭ ᠢ ᠬᠡᠷᠡᠭᠯᠡᠵᠦ᠂ ᠲᠤᠬᠠᠶ ᠶᠢᠨ ᠲᠠᠯᠠᠪᠤᠷ ᠲᠤ ᠨᠢᠭᠡ ᠬᠡᠷ ᠤᠨ ᠠᠬᠠᠮᠠᠳ ᠤᠨ ᠲᠥᠯᠥᠭᠡᠯᠡᠭᠴᠢ ᠶᠢ ᠰᠣᠩᠭᠤᠨ ᠲᠠᠶᠢᠰᠠᠨ ᠳᠤ ᠭᠠᠷᠭᠠᠵᠤ᠂ ︽ᠳᠠᠷᠤᠶ ᠲᠦᠷᠭᠡᠨ ᠠᠩᠭᠢ ᠬᠤᠪᠢᠶᠠᠬᠤ︾ ᠳᠠᠷᠤᠭᠤᠯ ᠢ ᠳᠠᠷᠤᠵᠤ᠂ ᠪᠥᠬᠦ ᠬᠤᠰᠢᠭᠤᠨ ᠤ 6 ᠪᠠᠭ᠎ᠠ ᠰᠤᠷᠭᠠᠭᠤᠯᠢ᠂ 3 ᠳᠤᠮᠳᠠᠳᠤ ᠰᠤᠷᠭᠠᠭᠤᠯᠢ᠂ ᠨᠡᠶᠢᠲᠡ 3123 ᠰᠢᠨ᠎ᠡ ᠰᠣᠷᠣᠭᠴᠢ ᠶᠢ ᠲᠣᠬᠢᠶᠠᠯᠳᠤᠯ ᠢᠶᠠᠷ ᠠᠩᠭᠢ ᠨᠠᠶᠢᠷᠠᠭᠤᠯᠬᠤ ᠪᠠ ᠬᠢᠴᠢᠶᠡᠯ ᠤᠨ ᠪᠠᠭᠰᠢ ᠶᠢ ᠬᠤᠪᠢᠶᠠᠷᠢᠯᠠᠬᠤ ᠶᠢᠨ ᠬᠠᠮᠲᠤ ᠲᠤᠬᠠᠶ ᠶᠢᠨ ᠲᠠᠯᠠᠪᠤᠷ ᠲᠤ ᠨᠡᠷᠡᠰ ᠤᠨ ᠵᠢᠭᠰᠠᠭᠠᠯᠲᠠ ᠶᠢ ᠳᠠᠷᠤᠮᠠᠯᠯᠠᠵᠤ᠂ ᠲᠠᠮᠠᠭ᠎ᠠ ᠳᠠᠷᠤᠵᠤ᠂ ︽ᠢᠯᠡ ᠪᠠᠷ ᠠᠩᠭᠢ ᠬᠤᠪᠢᠶᠠᠬᠤ︾ ᠦᠷ᠎ᠡ ᠳ᠋ᠦᠩ ᠢ ᠲᠤᠬᠠᠶ ᠶᠢᠨ ᠲᠠᠯᠠᠪᠤᠷ ᠲᠤ ᠢᠯᠡ ᠨᠡᠶᠢᠲᠡᠯᠡᠵᠦ᠂ ᠢᠯᠡ ᠨᠡᠶᠢᠲᠡᠯᠡᠵᠦ ᠳᠠᠭᠤᠰᠤᠭᠰᠠᠨ ᠤ ᠳᠠᠷᠠᠭ᠎ᠠ ᠲᠤᠬᠠᠶ ᠶᠢᠨ ᠲᠠᠯᠠᠪᠤᠷ ᠲᠤ ᠨᠢᠭᠡ ᠮᠠᠶ᠋ᠢᠭ ᠤᠨ ᠴᠠᠭᠠᠰᠤᠨ ᠬᠡᠪᠯᠡᠯ ᠢ ᠬᠤᠶᠠᠷ ᠬᠤᠪᠢ ᠳᠠᠷᠤᠮᠠᠯᠯᠠᠵᠤ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠰᠤᠷᠭᠠᠭᠤᠯᠢ ᠲᠣᠰ ᠲᠣᠰ ᠨᠢᠭᠡ ᠬᠤᠪᠢ ᠦᠯᠡᠳᠡᠭᠡᠪᠡ᠃ ᠬᠠᠭᠤᠳᠠᠰᠤ ᠪᠦᠷᠢ ᠳᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠠᠯᠪᠠᠨ ᠭᠡᠷᠡᠴᠢᠯᠡᠭᠡ ᠶᠢᠨ ᠭᠠᠵᠠᠷ ᠤᠨ ᠲᠠᠮᠠᠭ᠎ᠠ ᠶᠢ ᠳᠠᠷᠤᠨ᠎ᠠ᠃ ︽ᠢᠯᠡ ᠪᠠᠷ ᠠᠩᠭᠢ ᠬᠤᠪᠢᠶᠠᠬᠤ︾ ᠦᠷ᠎ᠡ ᠳ᠋ᠦᠩ ᠢ ᠭᠠᠷ ᠤᠲᠠᠰᠤᠨ ᠤ ᠮᠥᠩᠬᠡ ᠰᠤᠪᠠᠭ APP ᠠᠴᠠ ᠴᠠᠭ ᠲᠤᠬᠠᠶ ᠳᠤᠨᠢ ᠪᠠᠶᠢᠴᠠᠭᠠᠨ ᠯᠠᠪᠯᠠᠵᠤ᠂ ᠪᠦᠬᠦ᠋ᠢᠯᠡ ᠶᠠᠪᠤᠴᠠ ᠨᠢ ᠡᠮᠬᠢ ᠵᠢᠷᠤᠮ ᠲᠠᠢ᠂ ᠢᠯᠡ ᠲᠣᠳᠣ ᠲᠥᠪ ᠭᠤᠤᠯᠴᠢ ᠪᠠᠶᠢᠯᠭᠠᠨ᠎ᠠ᠃      ᠰᠤᠷᠤᠭᠴᠢ ᠶᠢᠨ ᠭᠡᠷ ᠤᠨ ᠠᠬᠠᠮᠠᠳ ᠰᠢᠶᠠ ᠮᠧᠢ ᠶᠠᠨ      ᠮᠠᠨ ᠤ ᠭᠡᠷ ᠤᠨ ᠬᠡᠤᠬᠡᠳ ᠤᠳᠠᠯ ᠦᠭᠡᠢ ᠪᠠᠭ᠎ᠠ ᠵᠡᠷᠭᠡ ᠳᠡᠪᠰᠢᠬᠦ ᠭᠡᠵᠦ ᠪᠠᠶᠢᠨ᠎ᠠ᠂ ︽ᠨᠡᠷᠡᠨ ᠤ ᠭᠡᠷ ᠢᠶᠠᠷ ᠠᠩᠭᠢ ᠬᠤᠪᠢᠶᠠᠬᠤ︾ ᠶᠢ ᠨᠢᠳᠦ ᠪᠠᠷ ᠢᠶᠠᠨ ᠭᠡᠷᠡᠴᠢᠯᠡᠬᠦ ᠶᠢᠨ ᠲᠥᠯᠥᠭᠡ᠂ ᠪᠢ ᠠᠯᠢ ᠡᠷᠲᠡ ᠲᠤᠬᠠᠶ ᠶᠢᠨ ᠲᠠᠯᠠᠪᠤᠷ ᠲᠤ ᠬᠦᠷᠴᠦ᠂ ᠠᠩᠭᠢ ᠬᠤᠪᠢᠶᠠᠬᠤ ᠪᠣᠯᠲᠠᠯ᠎ᠠ ᠰᠠᠶ᠋ᠢ ᠰᠠᠨᠠᠭ᠎ᠠ ᠠᠮᠤᠷ ᠪᠠᠶᠢᠨ᠎ᠠ᠃ ᠪᠦᠬᠦ᠋ᠢᠯᠡ ᠶᠠᠪᠤᠴᠠ ᠨᠢ ᠡᠷᠬᠡ ᠲᠡᠭᠰᠢ ᠲᠥᠪ ᠭᠤᠣᠯᠴᠢ ᠶᠢ ᠢᠯᠡᠷᠡᠭᠦᠯᠵᠦ᠂ ᠶᠠᠪᠤᠴᠠ ᠶᠢᠨ ᠲᠤᠬᠢᠷᠠᠭᠤᠯᠤᠯᠲᠠ ᠨᠢ ᠮᠠᠨ ᠤ ᠵᠢᠱᠢᠯᠲᠡ ᠠᠴᠠ ᠨᠡᠩ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠶᠢᠨ᠎ᠠ᠃      ᠣᠶᠢᠯᠠᠭᠠᠭᠰᠠᠨ ᠢᠶᠠᠷ᠂ 2024 ᠣᠨ ᠳᠤ᠂ ᠬᠠᠩᠭᠢᠨ ᠬᠤᠶᠢᠲᠤ ᠬᠤᠰᠢᠭᠤᠨ ᠤ 6 ᠪᠠᠭ᠎ᠠ ᠰᠤᠷᠭᠠᠭᠤᠯᠢ ︵ᠱᠠᠮᠪᠠ ᠪᠠᠭ᠎ᠠ ᠰᠤᠷᠭᠠᠭᠤᠯᠢ᠂ ᠰᠢ ᠴᠧᠩ ᠪᠠᠭ᠎ᠠ ᠰᠤᠷᠭᠠᠭᠤᠯᠢ᠂ ᠹᠧᠨ ᠳ᠋ᠧᠦ ᠪᠠᠭ᠎ᠠ ᠰᠤᠷᠭᠠᠭᠤᠯᠢ᠂ ᠪᠸᠢ ᠮᠠ ᠵᠠᠰᠠᠮᠠᠯ ᠵᠠᠮ ᠤᠨ ᠪᠠᠭ᠎ᠠ ᠰᠤᠷᠭᠠᠭᠤᠯᠢ᠂ ᠴᠧᠨ ᠹᠧᠩ ᠪᠠᠭ᠎ᠠ ᠰᠤᠷᠭᠠᠭᠤᠯᠢ᠂ ᠲᠤᠷᠰᠢᠯᠲᠠ ᠶᠢᠨ ᠪᠠᠭ᠎ᠠ ᠰᠤᠷᠭᠠᠭᠤᠯᠢ︶ 34 ᠠᠩᠭᠢ ᠡᠯᠰᠡᠬᠦ ᠪᠠᠷ ᠲᠥᠯᠥᠪᠯᠡᠵᠦ᠂ ᠨᠡᠶᠢᠲᠡ 1591 ᠬᠥᠮᠦᠨ ︵ᠴᠧᠨ ᠹᠧᠩ ᠳᠤᠮᠳᠠᠳᠤ ᠰᠤᠷᠭᠠᠭᠤᠯᠢ᠂ ᠵᠢᠷᠭᠤᠳᠤᠭᠠᠷ ᠳᠤᠮᠳᠠᠳᠤ ᠰᠤᠷᠭᠠᠭᠤᠯᠢ᠂ ᠱᠠᠮᠪᠠ ᠳᠤᠮᠳᠠᠳᠤ ᠰᠤᠷᠭᠠᠭᠤᠯᠢ︶ 36 ᠠᠩᠭᠢ ᠡᠯᠰᠡᠬᠦ ᠪᠠᠷ ᠲᠥᠯᠥᠪᠯᠡᠵᠦ᠂ ᠨᠡᠶᠢᠲᠡ 1532 ᠬᠥᠮᠦᠨ ᠡᠯᠰᠡᠬᠦ ᠪᠠᠷ ᠲᠥᠯᠥᠪᠯᠡᠵᠦ ᠪᠣᠶ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ