1 - 7 ᠰᠠᠷ᠎ᠠ ᠳᠤ᠂ ᠬᠠᠩᠭᠢᠨ ᠬᠤᠶᠢᠲᠤ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 12.1% ᠪᠠᠷ ᠪᠠᠭᠤᠷᠠᠵᠤ᠂ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠳᠠᠯᠢ | ᠬᠤᠭᠤᠴᠠᠭᠠᠨ ᠤ ᠬᠢ ᠠᠴᠠ 6.5% ᠪᠠᠷ ᠪᠠᠭᠤᠷᠠᠵᠤ᠂ ᠡᠵᠡᠩᠨᠡᠯᠲᠡ ᠶᠢᠨ ᠣᠷᠣᠯᠭ᠎ᠠ ᠶᠢᠨ ᠪᠥᠬᠦ ᠲᠤᠭ᠎ᠠ 31.69 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 15.8% ᠪᠠᠷ ᠪᠠᠭᠤᠷᠠᠪᠠ︔ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 1.19 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 37.2% ᠢᠶᠠᠷ ᠪᠠᠭᠤᠷᠠᠪᠠ᠃ | 1 - 7 ᠰᠠᠷ᠎ᠠ ᠳᠤ᠂ ᠬᠠᠩᠭᠢᠨ ᠬᠤᠶᠢᠲᠤ ᠬᠤᠰᠢᠭᠤᠨ ᠤ ᠠᠵᠤ ᠦᠢᠯᠡᠳᠪᠦᠷᠢ ᠶᠢᠨ ᠪᠣᠷᠣᠯᠠᠭᠤᠯᠭ᠎ᠠ ᠶᠢᠨ ᠶᠡᠷᠦᠩᠬᠡᠶ ᠦᠢᠯᠡᠳᠬᠦᠨ ᠤ ᠳᠣᠲᠣᠷᠠᠬᠢ | ᠭᠠᠳᠠᠭᠠᠳᠤ ᠳᠤ ᠭᠠᠷᠭᠠᠵᠤ ᠲᠤᠰᠢᠶᠠᠭᠰᠠᠨ ᠪᠠᠷᠠᠭᠠᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 16.7% ᠨᠡᠮᠡᠭᠳᠡᠵᠦ᠂ ᠪᠥᠬᠦ ᠬᠤᠰᠢᠭᠤᠨ ᠤ ᠠᠵᠤ | ᠦᠢᠯᠡᠳᠪᠦᠷᠢ ᠶᠢᠨ ᠪᠣᠷᠣᠯᠠᠭᠤᠯᠤᠯᠲᠠ ᠶᠢᠨ ᠶᠡᠷᠦᠩᠬᠡᠶ ᠦᠢᠯᠡᠳᠬᠦᠨ ᠤ ᠥᠷᠲᠡᠭ ᠨᠢ 2.7 ᠵᠠᠭᠤᠨ ᠤ ᠨᠢᠭᠡᠴᠢ ᠳᠡᠭᠡᠭᠰᠢᠯᠡᠵᠡᠶ᠃ | 1 - 7 ᠰᠠᠷ᠎ᠠ ᠳᠤ᠂ ᠬᠠᠩᠭᠢᠨ ᠬᠤᠶᠢᠲᠤ ᠬᠤᠰᠢᠭᠤᠨ ᠤ ᠲᠠᠷᠢᠶᠠᠯᠠᠩ ᠲᠤᠰᠠᠯᠠᠬᠤ ᠢᠳᠡᠭᠡᠨ ᠡᠳ᠋ᠰᠢᠭᠦᠯᠬᠦ ᠦᠢᠯᠡᠰ ᠤᠨ ᠨᠡᠮᠡᠭᠳᠡᠯ ᠥᠷᠲᠡᠭ ᠨᠡᠶᠢᠲᠡ ᠠᠳᠠᠯᠢ | ᠬᠤᠭᠤᠴᠠᠭᠠᠨ ᠤ ᠬᠢ ᠠᠴᠠ 17.0% ᠨᠡᠮᠡᠭᠳᠡᠵᠦ᠂ ᠡᠭᠦᠨ ᠳᠤ ᠲᠡᠵᠢᠭᠡᠯ ᠪᠣᠷᠳᠤᠭ᠎ᠠ ᠡᠳ᠋ᠰᠢᠭᠦᠯᠬᠦ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 68.4% ᠨᠡᠮᠡᠭᠳᠡᠪᠡ︔ ᠢᠳᠡᠰᠢᠨ ᠨᠣᠭᠤᠭ᠎ᠠ᠂ ᠮᠥᠭᠦ ᠶᠢᠨ ᠲᠥᠷᠥᠯ᠂ ᠵᠢᠮᠢᠰ ᠪᠠ ᠬᠠᠲᠠᠭᠤ ᠵᠢᠮᠢᠰ ᠡᠳ᠋ᠰᠢᠭᠦᠯᠬᠦ ᠦᠢᠯᠡᠰ ᠤᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.4% ᠨᠡᠮᠡᠭᠳᠡᠪᠡ᠃ | 1 - 7 ᠰᠠᠷ᠎ᠠ ᠳᠤ᠂ ᠬᠠᠩᠭᠢᠨ ᠬᠤᠶᠢᠲᠤ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 14.10 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.9% ᠨᠡᠮᠡᠭᠳᠡᠪᠡ᠃ | 1 - 7 ᠰᠠᠷ᠎ᠠ ᠳᠤ᠂ ᠬᠠᠩᠭᠢᠨ ᠬᠤᠶᠢᠲᠤ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ 3.0% | ᠪᠣᠯᠤᠨ᠎ᠠ᠂ ᠡᠭᠦᠨ ᠳᠤ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠠᠳᠠᠯᠢ ᠬᠤᠭᠤᠴᠠᠭᠠᠨ ᠤ ᠬᠢ ᠠᠴᠠ 7.8% ᠨᠡᠮᠡᠭᠳᠡᠵᠦ᠂ 5000 - | 5000 ᠲᠦᠮᠡᠨ ᠲᠥᠭᠦᠷᠢᠭ ᠤᠨ ᠲᠥᠷᠥᠯ ᠵᠦᠢᠯ ᠠᠳᠠᠯᠢ ᠬᠤᠭᠤᠴᠠᠭᠠᠨ ᠤ ᠬᠢ ᠠᠴᠠ 17.3% ᠪᠠᠭᠤᠷᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠪᠠᠯᠠ | ᠣᠷᠣᠭᠤᠯᠤᠯᠲᠠ ᠶᠢᠨ ᠲᠥᠷᠥᠯ ᠵᠦᠢᠯ ᠠᠳᠠᠯᠢ ᠬᠤᠭᠤᠴᠠᠭᠠᠨ ᠤ ᠬᠢ ᠠᠴᠠ 23.2% ᠪᠠᠭᠤᠷᠠᠪᠠ᠃ | 1 - 7 ᠰᠠᠷ᠎ᠠ ᠳᠤ᠂ ᠬᠠᠩᠭᠢᠨ ᠬᠤᠶᠢᠲᠤ ᠬᠤᠰᠢᠭᠤᠨ ᠤ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠣᠷᠣᠯᠭ᠎ᠠ 22966 ᠲᠦᠮᠡᠨ ᠲᠥᠭᠦᠷᠢᠭ ᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 914 ᠲᠦᠮᠡᠨ ᠲᠥᠭᠦᠷᠢᠭ ᠨᠡᠮᠡᠭᠳᠡᠨ᠂ 4.1% ᠨᠡᠮᠡᠭᠳᠡᠪᠡ᠃ | 1 - 7 ᠰᠠᠷ᠎ᠠ ᠳᠤ᠂ ᠬᠠᠩᠭᠢᠨ ᠬᠤᠶᠢᠲᠤ ᠬᠤᠰᠢᠭᠤᠨ ᠤ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠵᠠᠷᠤᠯᠭ᠎ᠠ 16.15 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2.71 ᠳ᠋ᠦᠩᠰᠢᠭᠤᠷ ᠲᠥᠭᠦᠷᠢᠭ ᠪᠠᠭᠠᠰᠴᠤ᠂ 14.3% ᠪᠠᠷ ᠪᠠᠭᠤᠷᠠᠪᠠ᠃ | 1 - 7 ᠰᠠᠷ᠎ᠠ ᠳᠤ᠂ ᠬᠠᠩᠭᠢᠨ ᠬᠤᠶᠢᠲᠤ ᠬᠤᠰᠢᠭᠤᠨ ᠤ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 62257 ᠲᠦᠮᠡᠨ ᠺᠢᠯᠣᠸᠠᠲ ᠴᠠᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 13.2% ᠢᠶᠠᠷ ᠨᠡᠮᠡᠭᠳᠡᠪᠡ᠃ ᠡᠭᠦᠨ ᠳᠤ᠄ ᠪᠥᠬᠦ ᠠᠵᠢᠯ ᠲᠥᠷᠥᠯ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ | 52964 ᠲᠦᠮᠡᠨ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.1 % ᠪᠠᠷ ᠨᠡᠮᠡᠭᠳᠡᠪᠡ᠃ | 1 - 7 ᠰᠠᠷ᠎ᠠ ᠳᠤ᠂ ᠬᠠᠩᠭᠢᠨ ᠬᠤᠶᠢᠲᠤ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ | 9293 ᠲᠦᠮᠡᠨ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.3 % ᠪᠠᠷ ᠨᠡᠮᠡᠭᠳᠡᠪᠡ᠂ ᠡᠭᠦᠨ ᠳᠤ ᠬᠤᠲᠠ ᠪᠠᠯᠭᠠᠰᠤᠨ ᠤ ᠰᠠᠭᠤᠭᠠᠯᠢ | ᠠᠷᠠᠳ ᠤᠨ ᠠᠮᠢᠳᠤᠷᠠᠯ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 5746 ᠲᠦᠮᠡᠨ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.2 | % ᠢᠶᠠᠷ ᠨᠡᠮᠡᠭᠳᠡᠵᠦ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠠᠮᠢᠳᠤᠷᠠᠯ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 3547 ᠲᠦᠮᠡᠨ ᠺᠢᠯᠣᠸᠠᠲ ᠴᠠᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 5.0% ᠨᠡᠮᠡᠭᠳᠡᠪᠡ᠃ | |