︽ᠲᠠᠪᠤᠨ ᠶᠡᠭᠡ ᠡᠭᠦᠷᠭᠡ︾ ᠶᠢᠨ ᠨᠠᠶᠢᠳᠠᠪᠤᠷᠢᠵᠢᠬᠤ ᠶᠢ ᠲᠦᠷᠭᠡᠳᠬᠡᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ — ᠴᠢᠬᠤᠯᠠ ᠶᠡᠭᠡ ᠲᠦᠷᠦᠯ ᠵᠦᠢᠯ ᠭᠠᠳᠠᠭᠠᠳᠤ ᠲᠠᠢ ᠬᠤᠯᠪᠣᠭᠠᠯᠠᠵᠤ ᠳᠣᠲᠣᠭᠠᠳᠤ ᠳᠠᠭᠠᠨ ᠰᠠᠭᠠᠳ ᠦᠭᠡᠢ ᠨᠡᠪᠲᠡᠷᠡᠬᠦ ᠵᠠᠮ ᠬᠠᠷᠢᠯᠴᠠᠭᠠᠨ ᠤ ᠲᠤᠭᠳᠠᠯᠴᠠᠭ᠎ᠠ ᠶᠢ ᠪᠠᠶᠢᠭᠤᠯᠬᠤ ᠶᠢ ᠬᠦᠴᠦᠲᠡᠢ ᠠᠭᠢᠭᠤᠯᠤᠨ᠎ᠠ
ᠨᠡᠶᠢᠲᠡᠯᠡᠭᠰᠡᠨ ᠴᠠᠭ᠄
2024/8/7
      ᠡᠨᠡ ᠵᠢᠯ ᠠᠴᠠ ᠨᠠᠰᠢ᠂ ᠮᠠᠨ ᠤ ᠬᠤᠲᠠ ᠵᠠᠮ ᠬᠠᠷᠢᠯᠴᠠᠭᠠᠨ ᠤ ᠪᠦᠲᠦᠮᠵᠢᠲᠡᠶ ᠪᠡᠯᠡ ᠣᠷᠣᠭᠤᠯᠤᠯᠲᠠ ᠪᠠᠨ ᠦᠷᠭᠦᠯᠵᠢᠯᠡᠨ ᠥᠷᠭᠡᠳᠬᠡᠵᠦ᠂ ᠭᠠᠳᠠᠭᠠᠳᠤ ᠲᠠᠢ ᠬᠤᠯᠪᠤᠭᠠᠯᠠᠨ ᠳᠣᠲᠣᠭᠠᠳᠤ ᠳᠠᠭᠠᠨ ᠰᠠᠭᠠᠳ ᠦᠭᠡᠢ ᠨᠡᠪᠲᠡᠷᠡᠬᠦ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠤᠭᠳᠠᠯᠴᠠᠭ᠎ᠠ ᠶᠢ ᠲᠦᠷᠭᠡᠪᠴᠢᠯᠡᠨ ᠪᠠᠶᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃      ᠤᠶᠢᠷ᠎ᠠ ᠶᠢᠨ ᠡᠳᠦᠷ᠂ G0616 ᠭᠠᠭᠴᠠᠮᠤᠳᠤ ᠠᠴᠠ ᠬᠠᠯᠢᠭᠤᠳᠤ ᠭᠦᠷᠭᠦ ᠦᠨᠳᠤᠷ ᠬᠤᠷᠳᠤᠴᠠᠳᠤ ᠵᠠᠰᠠᠮᠠᠯ ᠵᠠᠮ ᠤᠨ ᠪᠠᠷᠠᠭᠤᠨ ᠲᠠᠯ᠎ᠠ ᠶᠢᠨ 95 ᠺᠢᠯᠣᠮᠧᠳ᠋ᠷ ᠤᠨ ᠪᠠᠷᠤᠭᠰᠢᠨ ᠵᠠᠮ ᠤᠨ ᠭᠠᠳᠠᠷᠭᠤ ᠲᠡᠪᠢᠰᠭᠦ ᠪᠠᠷᠢᠯᠭ᠎ᠠ ᠶᠢᠨ ᠲᠤᠬᠠᠢ ᠶᠢᠨ ᠲᠠᠯᠠᠪᠠᠶ ᠳᠤ᠂ ᠪᠠᠷᠤᠭᠰᠢᠨ ᠵᠠᠮ ᠤᠨ ᠭᠠᠳᠠᠷᠭᠤ ᠲᠡᠪᠢᠰᠭᠦ ᠮᠠᠰᠢᠨ ᠠᠭᠠᠵᠢᠮ ᠢᠶᠠᠷ ᠤᠷᠤᠭᠰᠢᠯᠠᠵᠤ᠂ ᠥᠨᠳᠥᠷ ᠳᠤᠯᠠᠭᠠᠨ ᠤ ᠪᠠᠷᠤᠭᠰᠢᠨ ᠢ ᠬᠠᠮᠤᠭ ᠰᠡᠭᠦᠯᠴᠢ ᠶᠢᠨ ᠨᠢᠭᠡ ᠬᠡᠰᠡᠭ ᠵᠠᠮ ᠳᠡᠭᠡᠷ᠎ᠡ ᠲᠡᠭᠰᠢᠬᠡᠨ ᠳᠡᠪᠢᠰᠴᠦ᠂ ᠪᠠᠷᠤᠭᠰᠢᠨ ᠵᠠᠮ ᠤᠨ ᠭᠠᠳᠠᠷᠭᠤ ᠲᠡᠪᠢᠰᠭᠦ ᠠᠵᠢᠯ ᠨᠢᠭᠡᠨᠲᠡ ᠦᠨᠳᠤᠰᠤᠨ ᠳᠡᠭᠡᠨ ᠲᠠᠭᠤᠰᠴᠤ ᠪᠠᠶᠢᠭ᠎ᠠ ᠶᠢ ᠬᠠᠷᠠᠭᠤᠯᠵᠤ ᠪᠠᠶᠢᠯ᠎ᠠ᠃       G0616 ᠭᠠᠭᠴᠠᠮᠤᠳᠤ ᠠᠴᠠ ᠬᠠᠯᠢᠭᠤᠳᠤ ᠭᠦᠷᠭᠦ ᠦᠨᠳᠤᠷ ᠬᠤᠷᠳᠤᠴᠠᠳᠤ ᠵᠠᠰᠠᠮᠠᠯ ᠵᠠᠮ ᠪᠣᠯ ᠪᠥᠬᠦ ᠣᠷᠣᠨ ᠤ ᠠᠩᠬᠠᠳᠠᠭᠴᠢ PPP ᠣᠷᠣᠨ ᠨᠤᠲᠤᠭ ᠤᠨ ᠦᠨᠳᠤᠷ ᠬᠤᠷᠳᠤᠴᠠᠳᠤ ᠵᠠᠰᠠᠮᠠᠯ ᠵᠠᠮ ᠤᠨ ᠲᠥᠷᠥᠯ ᠵᠦᠢᠯ ᠮᠦᠷᠳᠡᠭᠡᠨ ᠮᠠᠨ ᠤ ᠬᠤᠲᠠ ᠶᠢᠨ ᠭᠤᠣᠯᠳᠠᠯᠭ᠎ᠠ ᠲᠠᠢ ᠵᠠᠰᠠᠮᠠᠯ ᠵᠠᠮ ᠤᠨ ᠢᠨᠵᠧᠨᠧᠷᠢᠩ ᠪᠤᠯᠤᠨ᠎ᠠ᠃ ᠡᠭᠦᠨ ᠤ ᠲᠠᠭᠤ ᠲᠤᠰ ᠵᠠᠮ ᠨᠢ ᠤᠯᠤᠰ ᠤᠨ ᠦᠨᠳᠤᠷ ᠬᠤᠷᠳᠤᠴᠠᠲᠤ ᠵᠠᠰᠠᠮᠠᠯ ᠵᠠᠮ ᠤᠨ ᠲᠣᠣᠷ ᠤᠨ ᠲᠥᠯᠦᠪᠵᠢᠭᠦᠯᠭᠡ ᠳᠤ ᠤᠷᠤᠭᠤᠯᠪᠠ᠃ ᠭᠠᠭᠴᠠᠮᠤᠳᠤ ᠠᠴᠠ ᠬᠠᠯᠢᠭᠤᠳᠤ ᠭᠦᠷᠭᠦ ᠦᠨᠳᠤᠷ ᠬᠤᠷᠳᠤᠴᠠᠳᠤ ᠵᠠᠰᠠᠮᠠᠯ ᠵᠠᠮ ᠤᠨ ᠭᠤᠣᠯ ᠱᠤᠭᠤᠮ ᠤᠨ ᠪᠥᠬᠦ ᠣᠷᠳᠣ ᠨᠢ 131.235 ᠺᠢᠯᠣᠮᠧᠳ᠋ᠷ᠂ ᠶᠡᠷᠦᠩᠬᠡᠢ ᠪᠡᠯᠡ ᠣᠷᠣᠭᠤᠯᠤᠯᠲᠠ ᠨᠢ 53.38 ᠳ᠋ᠦᠩᠰᠢᠭᠤᠷ ᠲᠥᠭᠦᠷᠢᠭ ᠪᠠᠶᠢᠵᠤ᠂ ᠡᠬᠢᠯᠡᠯᠲᠡ ᠶᠢᠨ ᠴᠡᠭ ᠨᠢ ᠤᠷᠠᠳ ᠤᠨ ᠳᠤᠮᠳᠠᠳᠤ ᠬᠤᠰᠢᠭᠤᠨ ᠤ ᠭᠠᠭᠴᠠᠮᠣᠳᠤ ᠪᠠᠯᠭᠠᠰᠤ ᠂ ᠡᠴᠦᠰ ᠤᠨ ᠴᠡᠭ ᠨᠢ ᠬᠠᠯᠢᠭᠤᠳᠤ ᠪᠠᠯᠭᠠᠰᠤ ᠭᠦᠷᠦᠨ᠎ᠡ᠃      ᠳᠤᠮᠳᠠᠳᠤ ᠤᠯᠤᠰ ᠤᠨ ᠲᠡᠮᠦᠷ ᠵᠠᠮ ᠤᠨ ᠭᠠᠭᠴᠠᠮᠤᠳᠤ ᠠᠴᠠ ᠬᠠᠯᠢᠭᠤᠳᠤ ᠭᠦᠷᠭᠦ ᠦᠨᠳᠤᠷ ᠬᠤᠷᠳᠤᠴᠠᠳᠤ ᠵᠠᠰᠠᠮᠠᠯ ᠵᠠᠮ ᠤᠨ ᠢᠨᠵᠧᠨᠧᠷᠢᠩ ᠤᠨ PPP ᠲᠥᠷᠥᠯ ᠵᠦᠢᠯ ᠤᠨ ᠲᠠᠭᠠᠭᠠᠮᠠᠯ ᠤᠨ ᠬᠡᠯᠲᠡᠰ ᠤᠨ ᠵᠠᠮ ᠳᠡᠭᠡᠷᠡᠬᠢ ᠪᠠᠷᠢᠯᠭ᠎ᠠ ᠶᠢᠨ ᠲᠣᠭᠤᠷᠢᠭ ᠤᠨ ᠶᠡᠷᠦᠩᠬᠡᠢ ᠢᠨᠵᠧᠨᠧᠷ ᠰᠢᠦᠢ ᠪᠥᠸᠧ ᠸᠧᠢ ᠰᠤᠷᠪᠤᠯᠵᠢᠯᠠᠭᠴᠢ ᠳᠤ ᠭᠤᠣᠯ ᠱᠤᠭᠤᠮ ᠤᠨ ᠪᠠᠷᠠᠭᠤᠨ ᠲᠠᠯ᠎ᠠ ᠨᠢ 8 ᠰᠠᠷ᠎ᠠ ᠶᠢᠨ 30 ᠤ ᠡᠳᠦᠷ ᠲᠡᠷᠭᠡ ᠨᠡᠪᠳᠡᠷᠡᠭᠦ ᠪᠠᠷ ᠲᠦᠯᠦᠪᠯᠡᠵᠤ ᠪᠠᠶᠢᠨ᠎ᠠ᠂ ᠬᠤᠣᠰ ᠴᠢᠭᠯᠡᠯ ᠤᠨ ᠳᠥᠷᠪᠡᠨ ᠲᠡᠷᠭᠡᠨ ᠵᠠᠮ ᠨᠡᠪᠳᠡᠷᠡᠨ᠎ᠡ᠃ ᠲᠣᠰ ᠲᠥᠷᠥᠯ ᠵᠦᠢᠯ ᠨᠢ ᠳᠤᠮᠳᠠᠳᠤ ᠮᠣᠩᠭᠤᠯ ᠤᠨ ᠡᠨᠧᠷᠭᠢ ᠶᠢᠨ ᠰᠤᠷᠪᠤᠯᠵᠢ ᠶᠢ ᠳᠡᠭᠡᠭᠰᠢᠯᠡᠭᠦᠯᠬᠦ ᠲᠡᠭᠡᠭᠡᠪᠦᠷᠢ ᠶᠢᠨ ᠶᠡᠭᠡ ᠵᠠᠮ ᠤᠨ ᠦᠢᠯᠡᠳᠦᠯ  ᠲᠠᠢ᠂ ᠤᠯᠤᠰ ᠤᠨ ︽ᠨᠢᠭᠡ ᠪᠦᠰᠡ ᠨᠢᠭᠡ ᠵᠠᠮ︾ ᠪᠣᠯᠣᠨ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠪᠡ᠃      ᠣᠶᠢᠷ᠎ᠠ ᠳᠤ᠂ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠺᠣᠮᠫᠠᠨᠢ ᠶᠢᠨ ᠬᠤᠶᠠᠳᠤᠭᠠᠷ ᠲᠣᠪᠴᠢᠶ᠎ᠠ ᠠᠴᠠ ᠳᠠᠭᠠᠭᠠᠴᠢᠯᠠᠨ ᠪᠠᠶᠢᠭᠤᠯᠵᠤ ᠪᠠᠶᠢᠭ᠎ᠠ ᠤᠯᠤᠰ ᠤᠨ ᠵᠠᠮ ᠤᠨ 110 ᠱᠤᠭᠤᠮ ᠤᠨ ᠳ᠋ᠧᠩᠺᠸᠦ ᠶᠢᠨ ᠬᠠᠲᠤᠨ ᠭᠤᠣᠯ ᠤᠨ ᠶᠡᠭᠡ ᠬᠥᠭᠦᠷᠭᠡ ᠶᠢᠨ ᠲᠥᠷᠥᠯ ᠵᠦᠢᠯ ᠤᠨ 242 ᠭᠤᠣᠯ ᠬᠥᠭᠦᠷᠭᠡ ᠶᠢᠨ ᠰᠠᠭᠤᠷᠢ ᠨᠢ ᠪᠦᠬᠦᠨ ᠢᠶᠠᠷ ᠢᠶᠠᠨ ᠴᠢᠳᠬᠤᠨ ᠪᠠᠷᠢᠵᠤ ᠳᠠᠭᠤᠰᠪᠠ᠃ ᠡᠨᠡ ᠨᠢ ᠢᠨᠵᠧᠨᠧᠷᠢᠩ ᠨᠢ ᠵᠢᠩᠬᠢᠨᠢ ᠪᠠᠷ ᠪᠠᠷᠢᠯᠭ᠎ᠠ ᠶᠢᠨ ᠱᠠᠲᠤᠨ ᠳᠤ ᠣᠷᠣᠭᠰᠠᠨ ᠢ ᠬᠠᠷᠠᠭᠤᠯᠵᠤ᠂ ᠬᠤᠶᠢᠨᠠᠬᠢ ᠲᠠᠪᠴᠠᠩ ᠤᠨ ᠪᠠᠷᠢᠯᠭ᠎ᠠ ᠶᠢᠨ ᠠᠵᠢᠯ ᠵᠢᠴᠢ ᠬᠠᠮᠢᠶ᠎ᠠ ᠪᠦᠬᠦᠢ ᠠᠵᠢᠯ ᠤᠨ ᠳᠠᠷᠠᠭᠠᠯᠠᠯ ᠢ ᠬᠤᠪᠢᠷᠠᠭᠤᠯᠬᠤ ᠳᠤ ᠪᠠᠲᠤ ᠪᠠᠬᠢ ᠰᠠᠭᠤᠷᠢ ᠲᠠᠯᠪᠢᠭᠰᠠᠨ ᠪᠠᠶᠢᠨ᠎ᠠ᠃ ᠤᠯᠤᠰ ᠤᠨ ᠵᠠᠮ ᠤᠨ 110 ᠱᠤᠭᠤᠮ ᠤᠨ ᠳ᠋ᠧᠩᠺᠸᠦ ᠶᠢᠨ ᠬᠠᠲᠤᠨ ᠭᠤᠣᠯ ᠤᠨ ᠶᠡᠭᠡ ᠬᠥᠭᠦᠷᠭᠡ ᠶᠢᠨ ᠵᠠᠰᠠᠮᠠᠯ ᠵᠠᠮ ᠤᠨ ᠢᠨᠵᠧᠨᠧᠷᠢᠩ ᠪᠣᠯ ︽ᠤᠯᠤᠰ ᠤᠨ ᠵᠠᠰᠠᠮᠠᠯ ᠵᠠᠮ ᠤᠨ ᠲᠣᠣᠷ ᠤᠨ ᠲᠥᠯᠦᠪᠵᠢᠭᠦᠯᠭᠡ︾ ᠳᠠᠬᠢ ᠡᠩ ᠤᠨ ᠤᠯᠤᠰ ᠤᠨ ᠵᠠᠮ ᠤᠨ G110 ᠱᠤᠭᠤᠮ ᠤᠨ ᠪᠡᠭᠡᠵᠢᠩ ᠠᠴᠠ ᠴᠢᠩ ᠲᠦᠩ ᠰᠢᠶᠠ ᠬᠦᠷᠬᠦ ᠵᠠᠰᠠᠮᠠᠯ ᠵᠠᠮ ᠤᠨ ᠴᠢᠬᠤᠯᠠ ᠪᠦᠷᠢᠯᠳᠦᠭᠦᠨ ᠬᠡᠰᠡᠭ ᠪᠠᠶᠢᠵᠤ᠂ ᠬᠤᠣᠰ ᠴᠢᠭᠯᠡᠯ ᠤᠨ ᠳᠥᠷᠪᠡᠨ ᠲᠡᠷᠭᠡᠨ ᠵᠠᠮ ᠤᠨ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠠᠶᠢᠭᠤᠯᠵᠤ᠂ ᠪᠦᠬᠦ ᠣᠷᠳᠣ ᠨᠢ 11.742 ᠺᠢᠯᠣᠮᠧᠳ᠋ᠷ᠂ ᠡᠭᠦᠨ ᠳᠤ ᠶᠡᠭᠡ ᠬᠥᠭᠦᠷᠭᠡ ᠶᠢᠨ ᠣᠷᠳᠣ ᠨᠢ 3.098 ᠺᠢᠯᠣᠮᠧᠳ᠋ᠷ ᠪᠣᠯᠣᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠣᠷᠣᠨ ᠪᠦᠰᠡ ᠶᠢᠨ ᠭᠤᠣᠯ ᠱᠤᠭᠤᠮ ᠤᠨ ᠵᠠᠮ ᠤᠨ ᠲᠤᠤᠷ ᠰᠦᠯᠵᠢᠶ᠎ᠡ ᠶᠢᠨ ᠨᠡᠪᠲᠡᠷᠡᠬᠦ ᠴᠢᠳᠠᠪᠤᠷᠢ ᠪᠠ ᠦᠢᠯᠡᠴᠢᠯᠡᠭᠡᠨ ᠤ ᠬᠢᠷᠢ ᠭᠡᠮᠵᠢᠶ᠎ᠡ ᠶᠢ ᠲᠡᠭᠡᠭᠰᠢᠯᠡᠭᠦᠯᠭᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃       ᠡᠨᠡ ᠵᠢᠯ᠂ ᠮᠠᠨ ᠤ ᠬᠤᠲᠠ ᠬᠤᠲᠠ ᠶᠢᠨ ᠵᠠᠮ ᠲᠡᠭᠡᠭᠡᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠡᠭᠦᠷᠭᠡ ᠶᠢ 33.9 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠲᠥᠯᠥᠪᠯᠡᠵᠦ᠂ ᠡᠭᠦᠨ ᠳᠤ᠂ ᠤᠯᠤᠰ ᠪᠠ ᠮᠤᠵᠢ ᠶᠢᠨ ᠭᠤᠤᠯ ᠱᠤᠭᠤᠮ 26.5 ᠳ᠋ᠦᠩᠰᠢᠭᠤᠷ ᠲᠥᠭᠦᠷᠢᠭ᠂ ᠬᠥᠳᠡᠭᠡ ᠲᠣᠰᠬᠤᠨ ᠤ ᠵᠠᠰᠠᠮᠠᠯ ᠵᠠᠮ 6 ᠳ᠋ᠦᠩᠰᠢᠭᠤᠷ ᠲᠥᠭᠦᠷᠢᠭ᠂ ᠪᠤᠰᠤᠳ ᠵᠠᠰᠠᠮᠠᠯ ᠵᠠᠮ ᠤᠨ ᠲᠥᠷᠥᠯ ᠵᠦᠢᠯ 1.4 ᠳ᠋ᠦᠩᠰᠢᠭᠤᠷ ᠲᠥᠭᠦᠷᠢᠭ ᠪᠠᠶᠢᠵᠤ᠂ 5 ᠰᠠᠷ᠎ᠠ ᠶᠢᠨ ᠰᠡᠭᠦᠯᠴᠢ ᠪᠣᠯᠲᠠᠯ᠎ᠠ ᠨᠢᠭᠡᠨᠲᠡ 8.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ