ᠬᠠᠩᠭᠢᠨ ᠬᠤᠶᠢᠲᠤ ᠬᠤᠰᠢᠭᠤ᠄ ᠠᠮᠢ ᠠᠬᠤᠶ ᠶᠢᠨ ᠣᠶ ︽ᠡᠷᠳᠡᠨᠢ ᠶᠢᠨ ᠰᠠᠪᠠ︾ ᠪᠣᠯᠵᠤ ᠣᠶ ᠶᠢᠨ ᠬᠤᠷᠮᠣᠶ ᠶᠢᠨ ᠠᠵᠤ ᠠᠬᠤᠶ ᠢᠯᠡᠳᠲᠡ ᠦᠷ᠎ᠡ ᠪᠦᠲᠦᠮᠵᠢ ᠣᠯᠵᠤ ᠡᠯᠡᠰᠦ ᠮᠠᠩᠬ᠎ᠠ ᠶᠢ ︽ᠠᠯᠲᠠᠨ ᠠᠭᠤᠯᠠ︾ ᠪᠣᠯᠭᠠᠨ᠎ᠠ
ᠨᠡᠶᠢᠲᠡᠯᠡᠭᠰᠡᠨ ᠴᠠᠭ᠄
2024/8/7
      ᠨᠡᠷᠡᠨ ᠰᠦᠮ᠎ᠡ ᠶᠢᠨ ᠲᠠᠷᠢᠶᠠᠯᠠᠩ ᠤᠨ ᠲᠠᠯᠠᠪᠠᠢ ᠬᠠᠩᠭᠢᠨ ᠬᠤᠶᠢᠲᠤ ᠬᠤᠰᠢᠭᠤᠨ ᠤ ᠬᠠᠮᠤᠭ ᠤᠨ ᠪᠠᠷᠠᠭᠤᠨ ᠦᠵᠦᠭᠦᠷ ᠲᠤ ᠪᠠᠶᠢᠷᠢᠯᠠᠵᠤ᠂ ᠤᠯᠠᠭᠠᠨᠪᠤᠬ᠎ᠠ ᠶᠢᠨ ᠡᠯᠡᠰᠦᠨ ᠴᠥᠯ ᠤᠨ ᠵᠡᠭᠦᠨ ᠬᠤᠶᠢᠲᠤ ᠬᠥᠪᠡᠭᠡ ᠵᠠᠬ᠎ᠠ᠂ ᠵᠡᠭᠦᠨ ᠪᠣᠷᠣᠲᠣᠬᠤᠢ ᠶᠢᠨ ᠲᠠᠯ᠎ᠠ ᠭᠠᠵᠠᠷ ᠲᠠᠢ ᠬᠥᠷᠰᠢᠯᠡᠵᠦ᠂ ᠤᠮᠠᠷᠠᠰᠢ ᠮᠤᠨᠢ ᠠᠭᠤᠯᠠ ᠶᠢᠨ ᠨᠢᠷᠤᠭᠤ ᠶᠢ ᠲᠦᠰᠢᠭᠯᠡᠵᠦ᠂ ᠬᠠᠳᠤᠨ ᠭᠤᠣᠯ ᠤᠨ ᠳᠤᠮᠳᠠ ᠳᠣᠣᠷ᠎ᠠ ᠤᠷᠤᠰᠬᠠᠯ ᠤᠨ ᠭᠠᠵᠠᠷ ᠣᠷᠣᠨ ᠳᠤ ᠣᠷᠣᠰᠢᠵᠤ᠂ ᠤᠯᠠᠨ ᠠᠴᠠ ᠣᠨᠴᠠᠭᠠᠢ ᠴᠢᠨᠠᠷ ᠰᠠᠶᠢᠲᠠᠢ ᠬᠥᠷᠥᠰᠥ ᠰᠢᠷᠣᠢ ᠶᠢᠨ ᠡᠬᠢ ᠪᠠᠶᠠᠯᠢᠭ ᠲᠠᠢ ᠪᠠᠶᠢᠵᠤ᠂ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠤᠢ ᠵᠢᠮᠢᠰ ᠤᠨ ᠠᠵᠤ ᠦᠢᠯᠡᠰ ᠪᠣᠯᠤᠨ ᠤᠢ ᠶᠢᠨ ᠬᠤᠷᠮᠣᠢ ᠶᠢᠨ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠠᠯᠬᠤᠮ ᠠᠯᠬᠤᠮ ᠢᠶᠠᠷ ᠲᠤᠬᠠᠢ ᠶᠢᠨ ᠭᠠᠵᠠᠷ ᠤᠨ ᠠᠵᠤ ᠠᠬᠤᠢ ᠶᠢᠨ ᠦᠷ᠎ᠡ ᠠᠰᠢᠭ ᠤᠨ ᠨᠡᠮᠡᠭᠳᠡᠯ ᠤᠨ ᠰᠢᠨ᠎ᠡ ᠬᠥᠳᠡᠯᠭᠡᠭᠦᠷ ᠪᠤᠯᠵᠤ ᠪᠠᠶᠢᠨ᠎ᠠ᠃
W020240807342275519038.jpg
      ᠪᠣᠬᠢᠷᠲᠤᠯ ᠦᠭᠡᠢ ᠠᠮᠢ ᠠᠬᠤᠢ ᠪᠣᠯ ᠲᠠᠷᠢᠶᠠᠯᠠᠩ ᠤᠨ ᠲᠠᠯᠠᠪᠠᠢ ᠶᠢᠨ ᠰᠢᠨ᠎ᠡ ᠥᠨᠳᠦᠷᠯᠢᠭ ᠢ ᠪᠠᠶᠢᠭᠤᠯᠬᠤ ᠶᠢᠨ ᠨᠢᠭᠡᠨ ᠶᠡᠭᠡ ᠣᠨᠴᠠᠯᠢᠭ ᠪᠣᠯᠤᠨ᠎ᠠ᠃ ᠲᠠᠢ ᠶᠠᠩ ᠮᠢᠶᠣᠣ ᠲᠠᠷᠢᠶᠠᠯᠠᠩ ᠤᠨ ᠲᠠᠯᠠᠪᠠᠢ ᠬᠠᠳᠤᠨ ᠭᠤᠣᠯ ᠤᠨ ᠲᠣᠬᠤᠢ ᠶᠢᠨ ᠦᠯᠢᠭᠡᠷ ᠳᠠᠭᠤᠷᠢᠶᠠᠯ ᠢᠨᠵᠧᠨᠧᠷᠢᠩ ᠢ ᠬᠡᠷᠡᠭᠵᠢᠭᠦᠯᠬᠦ ᠲᠣᠭᠤᠷᠢᠭ ᠪᠣᠯᠤᠭᠰᠠᠨ ᠤ ᠬᠤᠪᠢ ᠳᠤ᠂ ᠲᠦᠮᠡᠨ ᠮᠦ ᠵᠠᠭ ᠴᠠᠭᠠᠨ ᠭᠤᠶᠤᠤ ᠶᠢ ᠴᠠᠭᠠᠨ ᠭᠤᠶᠣᠣ ᠵᠠᠯᠭᠠᠬᠤ ᠰᠠᠭᠤᠷᠢᠨ ᠢ ᠠᠮᠵᠢᠯᠲᠠ ᠲᠠᠢ ᠪᠠᠶᠢᠭᠤᠯᠵᠤ᠂ ︽ᠲᠠᠷᠢᠶᠠᠯᠠᠩ ᠤᠨ ᠲᠠᠯᠠᠪᠠᠢ ᠶᠢᠨ ᠺᠣᠮᠫᠠᠨᠢ ᠲᠠᠷᠢᠶᠠᠴᠢᠨ ᠡᠷᠦᠬᠡ︾ ᠶᠢᠨ ᠵᠠᠭᠪᠤᠷ ᠢ ᠬᠡᠷᠡᠭᠯᠡᠵᠦ᠂ ᠤᠯᠠᠨ ᠲᠠᠯ᠎ᠠ ᠪᠠᠷ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠪᠡ᠃ ᠲᠦᠮᠡᠨ ᠮᠦ ᠵᠠᠭ ᠲᠠᠢ ᠵᠠᠯᠭᠠᠯᠳᠤᠬᠤ ᠨᠢ ᠲᠦᠢᠯ ᠤᠨ ᠣᠷᠴᠢᠨ ᠲᠣᠭᠤᠷᠢᠨ ᠳᠤ ᠣᠷᠣᠰᠢᠨ ᠲᠣᠭᠲᠠᠨᠢᠬᠤ ᠪᠠᠷ ᠪᠠᠷᠠᠬᠤ ᠦᠭᠡᠢ᠂ ᠪᠠᠰᠠ ᠨᠡᠭᠦᠳᠡᠯ ᠡᠯᠡᠰᠦ ᠶᠢ ᠪᠦᠲᠦᠮᠵᠢᠲᠡᠢ ᠲᠣᠭᠲᠠᠪᠤᠷᠢᠵᠢᠭᠤᠯᠵᠤ᠂ ᠬᠥᠷᠥᠰᠥ ᠰᠢᠷᠣᠢ ᠶᠢᠨ ᠪᠦᠲᠦᠴᠡ ᠶᠢ ᠰᠠᠶᠢᠵᠢᠷᠠᠭᠤᠯᠵᠤ᠂ ᠵᠠᠯᠭᠠᠮᠵᠢ ᠴᠠᠭᠠᠨ ᠭᠤᠶᠣᠣ ᠶᠢᠨ ᠥᠨᠳᠥᠷ ᠦᠷ᠎ᠡ ᠠᠰᠢᠭ ᠨᠢ ᠲᠠᠷᠢᠶᠠᠯᠠᠩ ᠤᠨ ᠲᠠᠯᠠᠪᠠᠢ ᠶᠢᠨ ᠠᠵᠤ ᠠᠬᠤᠢ ᠶᠢᠨ ᠨᠢᠰᠬᠦ ᠮᠡᠲᠦ ᠲᠦᠷᠭᠡᠨ ᠬᠥᠭᠵᠢᠯᠲᠡ ᠶᠢ ᠳᠠᠶᠢᠴᠢᠯᠠᠬᠤ ᠪᠣᠯᠤᠨ᠎ᠠ᠃ ᠲᠣᠰ ᠲᠥᠷᠥᠯ ᠵᠦᠢᠯ ᠨᠢ ᠬᠠᠮᠵᠢᠯᠴᠠᠨ ᠬᠠᠮᠲᠤ ᠪᠠᠷ ᠵᠠᠰᠠᠬᠤ ᠵᠠᠭᠪᠤᠷ ᠢ ᠬᠡᠷᠡᠭᠯᠡᠵᠦ᠂ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠲᠠᠷᠢᠶᠠᠯᠠᠩ ᠤᠨ ᠲᠠᠯᠠᠪᠠᠶ ᠶᠢᠨ ᠡᠯ᠎ᠡ ᠲᠠᠯ᠎ᠠ ᠶᠢᠨ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠴᠢᠩᠭᠠᠳᠬᠠᠵᠤ᠂ ᠨᠠᠩ ᠴᠤ ᠠᠮᠢ ᠠᠬᠤᠶ ᠶᠢᠨ ᠵᠠᠰᠠᠯᠲᠠ ᠶᠢᠨ ᠠᠵᠢᠯ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃      ᠲᠠᠢ ᠶᠠᠩ ᠮᠢᠶᠣᠣ ᠲᠠᠷᠢᠶᠠᠯᠠᠩ ᠤᠨ ᠲᠠᠯᠠᠪᠠᠢ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠦ ᠵᠦᠩ ᠬᠤᠸᠠ      ᠪᠢᠳᠡ ᠳᠣᠤᠷᠠᠬᠢ ᠬᠡᠳᠦᠨ ᠵᠦᠢᠯ ᠤᠨ ᠵᠠᠭᠪᠤᠷ ᠢ ᠬᠡᠷᠡᠭᠯᠡᠪᠡ᠂ ᠨᠢᠭᠡ ᠳᠤ ᠡᠯ᠎ᠡ ᠰᠠᠯᠠᠭ᠎ᠠ ᠮᠥᠴᠢᠷ ᠤᠨ ᠪᠠᠯᠠ ᠮᠥᠩᠭᠦ᠂ ᠲᠥᠷᠥᠯ ᠵᠦᠢᠯ ᠪᠠ ᠮᠡᠷᠭᠡᠵᠢᠯ ᠤᠨ ᠳᠡᠮᠵᠢᠯᠭᠡ ᠶᠢ ᠢᠳᠡᠪᠬᠢᠲᠡᠶ ᠴᠢᠷᠮᠠᠶᠢᠨ ᠣᠯᠪᠠ᠂ ᠬᠤᠶᠠᠷ ᠲᠤ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠣᠶ ᠶᠢᠨ ᠬᠤᠷᠮᠣᠶ ᠶᠢᠨ ᠠᠵᠤ ᠠᠬᠤᠶ ᠶᠢ ᠬᠠᠮᠲᠤᠷᠠᠨ ᠬᠥᠭᠵᠢᠭᠦᠯᠪᠡ᠂ ᠭᠤᠷᠪᠠ ᠳᠤ ᠣᠶᠢᠷ᠎ᠠ ᠶᠢᠨ ᠬᠡᠳᠦᠨ ᠵᠢᠯ ᠤᠨ ᠨᠣᠭᠤᠭᠠᠷᠠᠭᠤᠯᠤᠯᠲᠠ ᠪᠠᠷ ᠳᠠᠮᠵᠢᠭᠤᠯᠤᠨ᠂ 2000 ᠮᠥ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠪᠡᠶᠡᠯᠡᠭᠦᠯᠪᠡ᠃      ᠡᠭᠦᠨ ᠤ ᠬᠠᠮᠲᠤ᠂ ᠨᠡᠷᠡᠨ ᠰᠦᠮ᠎ᠡ ᠶᠢᠨ ᠲᠠᠷᠢᠶᠠᠯᠠᠩ ᠤᠨ ᠲᠠᠯᠠᠪᠠᠢ ᠡᠯᠡᠰᠦᠨ ᠴᠦᠯ ᠤᠨ ᠠᠵᠤ ᠠᠬᠤᠢ ᠶᠢᠨ ᠤᠢ ᠶᠢᠨ ᠬᠦᠷᠢᠶᠡᠯᠡᠩ ᠲᠣᠭᠤᠷᠢᠭ ᠤᠨ ᠵᠠᠢ ᠵᠠᠪᠰᠠᠷ ᠭᠠᠵᠠᠷ ᠢ ᠠᠰᠢᠭᠯᠠᠵᠤ᠂ ᠰᠠᠯᠬᠢ ᠶᠢ ᠰᠡᠷᠭᠡᠶᠢᠯᠡᠬᠦ᠂ ᠤᠯᠠᠭᠠᠨ ᠬᠠᠯᠢᠰᠤ᠂ ᠰᠢᠬᠢᠷ ᠡᠪᠡᠰᠦ᠂ ᠬᠠᠷᠪᠤᠭ᠎ᠠ᠂ ᠬᠠᠪᠲᠠᠰᠤᠨ ᠬᠦᠬᠡ ᠦᠨᠳᠦᠰᠦ᠂ ᠬᠤᠨᠴᠢᠷ ᠵᠡᠷᠭᠡ ᠬᠢᠲᠠᠳ ᠡᠪᠡᠰᠦᠨ ᠡᠮ ᠤᠨ ᠮᠠᠲ᠋ᠧᠷᠢᠶᠠᠯ ᠲᠠᠷᠢᠪᠠ᠃ ᠣᠶ ᠶᠢᠨ ᠬᠤᠷᠮᠣᠶ ᠶᠢᠨ ᠬᠢᠲᠠᠳ ᠡᠮ ᠤᠨ ᠮᠠᠲ᠋ᠧᠷᠢᠶᠠᠯ ᠢ ᠲᠠᠷᠢᠬᠤ ᠪᠣᠯ ᠨᠢᠭᠡ ᠵᠦᠢᠯ ᠤᠨ ᠠᠮᠢ ᠠᠬᠤᠶ ᠨᠥᠬᠦᠷᠰᠡᠭ ᠲᠠᠷᠢᠶᠠᠯᠠᠩ ᠤᠨ ᠵᠠᠭᠪᠤᠷ ᠪᠣᠯᠤᠨ᠎ᠠ᠂ ᠲᠡᠷᠡ ᠨᠢ ᠣᠶᠢᠲᠤ ᠭᠠᠵᠠᠷ ᠤᠨ ᠡᠬᠢ ᠪᠠᠶᠠᠯᠢᠭ ᠢ ᠠᠰᠢᠭᠯᠠᠨ᠂ ᠠᠮᠢ ᠠᠬᠤᠶ ᠶᠢᠨ ᠣᠷᠴᠢᠨ ᠲᠣᠭᠤᠷᠢᠨ ᠢ ᠦᠯᠦ ᠡᠪᠳᠡᠬᠦ ᠤᠷᠢᠲᠠᠯ ᠳᠣᠤᠷ᠎ᠠ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠢ ᠬᠥᠭᠵᠢᠭᠦᠯᠦᠨ᠎ᠡ᠃ ᠡᠶᠢᠮᠦᠷᠬᠦᠦ ᠵᠠᠭᠪᠤᠷ ᠨᠢ ᠬᠢᠲᠠᠳ ᠡᠮ ᠤᠨ ᠮᠠᠲ᠋ᠧᠷᠢᠶᠠᠯ ᠤᠨ ᠥᠰᠥᠯᠲᠡ ᠳᠤ ᠠᠰᠢᠭᠲᠠᠢ ᠪᠠᠷ ᠪᠠᠷᠠᠬᠤ ᠦᠭᠡᠢ ᠪᠠᠰᠠ ᠣᠢ ᠮᠣᠳᠣᠨ ᠤ ᠥᠰᠥᠯᠲᠡ ᠶᠢ ᠠᠬᠢᠭᠤᠯᠵᠤ᠂ ᠠᠮᠢ ᠠᠬᠤᠢ ᠬᠢᠭᠡᠳ ᠠᠵᠤ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠪᠡᠶᠡᠯᠡᠭᠦᠯᠵᠦ᠂ ᠵᠢᠱᠢᠯᠲᠡ ᠪᠠᠷ 100 ᠲᠦᠮᠡᠨ ᠲᠥᠭᠦᠷᠢᠭ ᠤᠨ ᠠᠰᠢᠭ ᠣᠷᠣᠯᠭ᠎ᠠ ᠣᠯᠬᠤ ᠪᠣᠯᠣᠨ᠎ᠠ᠃      ᠲᠠᠢ ᠶᠠᠩ ᠮᠢᠶᠣᠣ ᠲᠠᠷᠢᠶᠠᠯᠠᠩ ᠤᠨ ᠲᠠᠯᠠᠪᠠᠢ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠦ ᠵᠦᠩ ᠬᠤᠸᠠ      ᠪᠢᠳᠡ ᠡᠯ᠎ᠡ ᠲᠠᠯ᠎ᠠ ᠶᠢᠨ ᠪᠡᠯᠡ ᠮᠥᠩᠭᠦ ᠶᠢ ᠢᠳᠡᠪᠬᠢᠲᠡᠶ ᠪᠠᠷ ᠡᠮᠬᠢᠯᠡᠨ ᠨᠡᠶᠢᠯᠡᠭᠦᠯᠵᠦ᠂ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠣᠶ ᠶᠢᠨ ᠬᠤᠷᠮᠣᠶ ᠶᠢᠨ ᠠᠵᠤ ᠠᠬᠤᠶ ᠶᠢ ᠬᠥᠭᠵᠢᠭᠦᠯᠦᠨ᠂ ᠰᠠᠯᠬᠢᠨ ᠠᠴᠠ ᠰᠡᠷᠭᠡᠶᠢᠯᠡᠬᠦ᠂ ᠬᠠᠪᠲᠠᠰᠤᠨ ᠬᠦᠬᠡ ᠦᠨᠳᠦᠰᠦ ᠵᠡᠷᠭᠡ ᠨᠠᠢᠮᠠᠨ ᠵᠦᠢᠯ ᠤᠨ ᠡᠮ ᠤᠨ ᠮᠠᠲ᠋ᠧᠷᠢᠶᠠᠯ ᠢ 2000 ᠮᠦ ᠳᠠᠷᠢᠵᠤ᠂ ᠭᠠᠷᠤᠯᠲᠠ ᠳᠤ ᠬᠦᠷᠦᠭᠰᠡᠨ ᠤ ᠳᠠᠷᠠᠭ᠎ᠠ᠂ ᠮᠦ ᠪᠦᠷᠢ ᠶᠢᠨ ᠳᠤᠮᠳᠠᠴᠢ ᠦᠷ᠎ᠡ ᠠᠰᠢᠭ ᠢ 1 ᠲᠦᠮᠡᠨ ᠲᠥᠭᠦᠷᠢᠭ ᠠᠴᠠ ᠳᠡᠭᠡᠭᠰᠢ ᠳᠤ ᠬᠦᠷᠦᠭᠦᠯᠵᠦ᠂ ᠡᠯᠡᠰᠦᠨ ᠤ ᠠᠵᠤ ᠦᠢᠯᠡᠰ ᠤᠨ ᠠᠮᠢ ᠠᠬᠤᠶᠢᠵᠢᠯᠲᠠ ᠶᠢ ᠦᠨᠡᠨ ᠬᠦ ᠪᠡᠶᠡᠯᠡᠭᠦᠯᠵᠦ᠂ ᠠᠮᠢ ᠠᠬᠤᠶ ᠶᠢᠨ ᠦᠷ᠎ᠡ ᠠᠰᠢᠭ᠂ ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠣᠷᠭᠠᠨᠢᠭ ᠢᠶᠠᠷ ᠨᠢᠭᠡᠳᠦᠭᠦᠯᠪᠡ᠃      ᠲᠠᠷᠢᠶᠠᠯᠠᠩ ᠤᠨ ᠲᠠᠯᠠᠪᠠᠢ ᠶᠢ ᠠᠮᠢ ᠠᠬᠤᠢ ᠶᠢᠨ ᠠᠵᠤ ᠦᠢᠯᠡᠰᠵᠢᠯᠲᠡ᠂ ᠠᠵᠤ ᠦᠢᠯᠡᠰ ᠤᠨ ᠠᠮᠢ ᠠᠬᠤᠶᠢᠵᠢᠯᠲᠠ ᠶᠢᠨ ᠬᠥᠭᠵᠢᠯᠲᠡ ᠶᠢᠨ ᠰᠡᠳᠬᠢᠴᠡ ᠪᠠᠷ ᠡᠯᠡᠰᠦᠨ ᠴᠦᠯ ᠤᠨ ᠤᠢ ᠵᠢᠮᠢᠰ ᠤᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠡᠯ᠎ᠡ ᠲᠦᠷᠦᠯ ᠤᠨ ᠤᠢ ᠵᠢᠮᠢᠰ ᠢ ᠲᠥᠯᠥᠪᠵᠢᠭᠦᠯᠦᠨ ᠲᠠᠷᠢᠵᠦ᠂ ᠲᠦᠷᠦᠯ ᠵᠦᠢᠯ ᠳᠤ ᠳ᠋ᠦ᠋ ᠯᠢ᠂ ᠬᠠᠢ ᠲᠠᠩ᠂ ᠭᠦᠢᠯᠡᠰᠦᠨ ᠮᠣᠳᠣ᠂ ᠰᠢᠨᠵᠢᠶᠠᠩ ᠤᠨ ᠶᠡᠭᠡ ᠴᠢᠪᠠᠭ᠎ᠠ ᠵᠡᠷᠭᠡ ᠤᠯᠠᠨ ᠲᠦᠷᠦᠯ ᠤᠨ ᠤᠢ ᠵᠢᠮᠢᠰ ᠪᠠᠷᠤᠭ 2000 ᠮᠦ ᠲᠠᠷᠢᠪᠠ᠃ ᠡᠭᠦᠨ ᠳᠤ᠂ ᠡᠨᠡ ᠵᠢᠯ ᠨᠢᠭᠡᠨᠲᠡ 300 ᠮᠥ ᠳ᠋ᠢ ᠯᠢᠢᠷ ᠲᠠᠢ ᠵᠠᠯᠭᠠᠯᠳᠤᠭᠤᠯᠵᠤ᠂ ᠵᠢᠱᠢᠯᠲᠡ ᠪᠠᠷ 4 ᠵᠢᠯ ᠤᠨ ᠳᠠᠷᠠᠭ᠎ᠠ ᠢᠯᠡᠳᠲᠡ ᠦᠷ᠎ᠡ ᠠᠰᠢᠭ ᠲᠠᠢ᠂ ᠮᠥ ᠪᠦᠷᠢ ᠶᠢᠨ ᠠᠰᠢᠭ ᠪᠠᠷᠤᠭ 10000 ᠲᠥᠭᠦᠷᠢᠭ ᠪᠣᠯᠤᠨ᠎ᠠ᠃ ᠤᠢ ᠵᠢᠮᠢᠰ ᠤᠨ ᠠᠵᠤ ᠦᠢᠯᠡᠰ ᠨᠢ ᠲᠠᠷᠢᠮᠠᠯ ᠤᠨ ᠭᠤᠭᠴᠤᠭ᠎ᠠ ᠳᠤ ᠬᠢᠵᠠᠭᠠᠷᠯᠠᠭᠰᠠᠨ ᠢᠶᠠᠷ ᠪᠠᠷᠠᠬᠤ ᠦᠭᠡᠢ ᠪᠠᠰᠠ ᠡᠳ᠋ᠰᠢᠭᠦᠯᠬᠦ᠂ ᠪᠣᠷᠣᠯᠠᠭᠤᠯᠬᠤ᠂ ᠲᠣᠭᠤᠷᠢᠨ ᠦᠵᠡᠬᠦ ᠵᠡᠷᠭᠡ ᠤᠯᠠᠨ ᠬᠦᠷᠢᠶ᠎ᠡ ᠶᠢ ᠬᠠᠮᠤᠷᠴᠤ᠂ ᠵᠢᠮᠢᠰ ᠢ ᠡᠳ᠋ᠰᠢᠭᠦᠯᠬᠦ᠂ ᠬᠦᠢᠳᠡᠨ ᠬᠡᠯᠬᠢᠶᠡᠲᠦ ᠳᠤᠬᠢᠷᠠᠭᠤᠯᠤᠯᠳᠠ᠂ ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡ ᠵᠡᠷᠭᠡ ᠢᠵᠢ ᠪᠦᠷᠢᠳᠦᠭᠰᠡᠨ ᠠᠵᠤ ᠦᠢᠯᠡᠰ ᠢ ᠬᠥᠭᠵᠢᠭᠦᠯᠬᠦ ᠵᠢᠴᠢ ᠠᠮᠢ ᠠᠬᠤᠢ ᠶᠢᠨ ᠰᠡᠯᠡᠭᠦᠴᠡᠯ ᠵᠤᠭᠠᠴᠠᠯ ᠤᠨ ᠠᠵᠤ ᠦᠢᠯᠡᠰ ᠤᠨ ᠬᠡᠯᠬᠢᠶ᠎ᠡ ᠶᠢ ᠪᠤᠢ ᠪᠣᠯᠭᠠᠬᠤ ᠨᠢ ᠲᠠᠷᠢᠶᠠᠯᠠᠩ ᠤᠨ ᠲᠠᠯᠠᠪᠠᠢ ᠪᠦᠲᠦᠭᠡᠭᠳᠡᠬᠦᠨ ᠤ ᠨᠡᠮᠡᠯᠲᠡ ᠦᠷᠳᠡᠭ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠪᠣᠯᠤᠨ᠎ᠠ᠃
W020240807342275525551.jpg
      ᠣᠶ ᠰᠢᠭᠤᠶ ᠵᠢᠮᠢᠰ ᠤᠨ ᠠᠵᠤ ᠦᠶ᠋ᠯᠡᠰ ᠬᠢᠭᠡᠳ ᠣᠶ ᠶᠢᠨ ᠬᠤᠷᠮᠣᠶ ᠶᠢᠨ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠲᠥᠷᠥᠯ ᠵᠦᠶ᠋ᠯ ᠨᠢ ᠲᠠᠷᠢᠶᠠᠯᠠᠩ ᠤᠨ ᠲᠠᠯᠠᠪᠠᠶ ᠳᠤ ᠮᠡᠳᠡᠭᠳᠡᠬᠦ᠋ᠢᠴᠡ ᠠᠵᠤ ᠠᠬᠤᠶ ᠶᠢᠨ ᠦᠷ᠎ᠡ ᠠᠰᠢᠭ ᠣᠯᠭᠤᠵᠤ᠂ ᠦᠶ᠋ᠯᠡᠳᠬᠦᠨ ᠤ ᠲᠥᠷᠥᠯ ᠵᠦᠶ᠋ᠯ ᠢ ᠪᠠᠶᠠᠯᠢᠭᠵᠢᠭᠤᠯᠬᠤ᠂ ᠭᠠᠵᠠᠷ ᠰᠢᠷᠣᠶ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠬᠦ᠂ ᠠᠵᠤ  ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠠᠬᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠷᠢᠶᠠᠯᠠᠩ ᠤᠨ ᠲᠠᠯᠠᠪᠠᠶ ᠶᠢᠨ ᠠᠮᠢ ᠠᠬᠤᠶ ᠶᠢᠨ ᠦᠷ᠎ᠡ ᠠᠰᠢᠭ ᠬᠢᠭᠡᠳ ᠠᠵᠤ ᠠᠬᠤᠶ ᠶᠢᠨ ᠦᠷ᠎ᠡ ᠠᠰᠢᠭ ᠤᠨ ᠬᠤᠤᠰ ᠠᠮᠵᠢᠯᠲᠠ ᠤᠯᠬᠤ᠂ ᠣᠯᠠᠨ ᠡᠰᠢᠵᠢᠭᠰᠡᠨ ᠡᠵᠡᠩᠨᠡᠯᠲᠡ ᠪᠠ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠵᠦ ᠪᠣᠯᠤᠨ᠎ᠠ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ